3 ᠰᠠᠷ᠎ᠠ ᠶᠢᠨ 26᠎ ᠤ ᠡᠳᠦᠷ ᠤᠨ 7 ᠴᠠᠭ ᠠᠴᠠ 27᠎ ᠤ ᠡᠳᠦᠷ ᠤᠨ 7 ᠴᠠᠭ ᠪᠣᠯᠲᠠᠯ᠎ᠠ ᠦᠪᠦᠷ ᠮᠤᠩᠭᠤᠯ ᠤᠷᠤᠨ ᠳᠠᠬᠢ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2020/3/27
     2020 ᠣᠨ ᠤ 3 ᠰᠠᠷ᠎ᠠ ᠶᠢᠨ 26᠎ ᠤ ᠡᠳᠦᠷ ᠤᠨ 24 ᠴᠠᠭ ᠪᠣᠯᠲᠠᠯ᠎ᠠ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠳᠤ ᠨᠢᠬᠡᠨᠳᠡ ᠦᠷᠬᠦᠯᠵᠢᠯᠡᠨ 37 ᠡᠳᠦᠷ ᠲᠤᠬᠠᠢ ᠶᠢᠨ ᠭᠠᠵᠠᠷ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠤᠳᠤᠯᠠᠬᠰᠠᠨ ᠡᠪᠡᠳᠴᠢᠨ ᠤ ᠵᠢᠱᠢᠶ᠎ᠡ ᠨᠡᠮᠡᠭᠳᠡᠭᠰᠡᠨ ᠦᠭᠡᠢ᠂ ᠰᠡᠵᠢᠭᠯᠡᠯᠳᠡᠢ ᠡᠪᠡᠳᠴᠢᠨ ᠤ ᠵᠢᠱᠢᠶ᠎ᠡ ᠨᠡᠮᠡᠭᠳᠡᠭᠰᠡᠨ ᠦᠭᠡᠢ᠃      2020 ᠣᠨ ᠤ 3 ᠰᠠᠷ᠎ᠠ ᠶᠢᠨ 26᠎ ᠤ ᠡᠳᠦᠷ ᠤᠨ 7 ᠴᠠᠭ ᠠᠴᠠ 27᠎ ᠤ ᠡᠳᠦᠷ ᠤᠨ 7 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠤᠳᠤᠯᠠᠬᠰᠠᠨ ᠡᠪᠡᠳᠴᠢᠨ ᠤ ᠵᠢᠱᠢᠶ᠎ᠡ 3᠂ ᠰᠡᠵᠢᠭᠯᠡᠯᠲᠡᠶ ᠡᠪᠡᠳᠴᠢᠨ ᠤ ᠵᠢᠱᠢᠶ᠎ᠡ 6 ᠨᠡᠮᠡᠭᠳᠡᠵᠡᠢ᠃      ᠰᠢᠨ᠎ᠡ ᠪᠠᠷ ᠨᠡᠮᠡᠭᠳᠡᠭᠰᠡᠨ 3 ᠲᠤᠳᠤᠯᠠᠬᠰᠠᠨ ᠡᠪᠡᠳᠴᠢᠨ ᠤ ᠵᠢᠱᠢᠶ᠎ᠠ ᠪᠤᠯ CA856 ︵ᠯᠣᠨᠳᠣᠨ — ᠪᠡᠭᠡᠵᠢᠩ︶᠂ CA938 ︵ᠯᠣᠨᠳᠣᠨ — ᠪᠡᠭᠡᠵᠢᠩ︶ ᠨᠢᠰᠬᠡᠯ ᠳᠤ ᠰᠠᠭᠤᠵᠤ᠂ 3 ᠰᠠᠷ᠎ᠠ ᠶᠢᠨ 23᠎ ᠤ ᠡᠳᠦᠷ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠳᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠬᠰᠠᠨ ᠶᠤᠮ᠃ ᠬᠢᠯᠢ ᠪᠠᠷ ᠣᠷᠣᠵᠤ ᠢᠷᠡᠭᠰᠡᠨ ᠬᠥᠮᠦᠰ ᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠬᠡᠶᠢᠯᠡᠨ ᠡᠵᠡᠮᠳᠡᠭᠦ ᠱᠠᠭᠠᠷᠳᠠᠯᠭ᠎ᠠ ᠶᠤᠰᠤᠭᠠᠷ ᠦᠯᠡᠳᠡᠭᠡᠯ ᠦᠭᠡᠢ ᠪᠠᠶᠢᠴᠠᠭᠠᠵᠤ᠂ ᠥᠪᠡᠷᠲᠡᠭᠡᠨ ᠵᠠᠰᠠᠬᠤ ᠣᠷᠣᠨ ᠪᠠ ᠬᠥᠬᠡᠬᠤᠲᠠ ᠶᠢᠨ ᠬᠤᠶᠠᠷ ᠱᠠᠲᠤᠨ ᠤ ᠲᠤᠰᠬᠠᠶ ᠮᠡᠷᠭᠡᠵᠢᠯᠲᠡᠨ ᠬᠠᠮᠳᠤᠷᠠᠨ ᠤᠨᠤᠰᠢᠯᠠᠭᠠᠳ 3 ᠰᠠᠷ᠎ᠠ ᠶᠢᠨ 26᠎ ᠤ ᠡᠳᠦᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠪᠡᠳᠴᠢᠨ ᠤ ᠵᠢᠱᠢᠶ᠎ᠡ ᠪᠠᠷ ᠲᠤᠳᠤᠯᠠᠵᠠᠢ᠃      ᠰᠢᠨ᠎ᠡ ᠪᠠᠷ ᠨᠡᠮᠡᠭᠳᠡᠭᠰᠡᠨ 6 ᠰᠡᠵᠢᠭᠯᠡᠭᠳᠡᠢ ᠡᠪᠡᠳᠴᠢᠨ ᠤ ᠵᠢᠱᠢᠶ᠎ᠠ ᠪᠤᠯ CA934 ︵ᠫᠠᠷᠢᠰ — ᠪᠡᠭᠡᠵᠢᠩ︶᠂ CA878 ︵ᠺᠤᠫᠧᠬᠠᠡᠭᠧᠨ — ᠪᠡᠭᠡᠵᠢᠩ︶ ᠨᠢᠰᠬᠡᠯ ᠳᠤ ᠰᠠᠭᠤᠵᠤ᠂ 3 ᠰᠠᠷ᠎ᠠ ᠶᠢᠨ 26᠎ ᠤ ᠡᠳᠦᠷ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠳᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠬᠰᠠᠨ ᠶᠤᠮ᠃ ᠬᠢᠯᠢ ᠪᠠᠷ ᠣᠷᠣᠵᠤ ᠢᠷᠡᠭᠰᠡᠨ ᠬᠥᠮᠦᠰ ᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠬᠡᠶᠢᠯᠡᠨ ᠡᠵᠡᠮᠳᠡᠭᠦ ᠱᠠᠭᠠᠷᠳᠠᠯᠭ᠎ᠠ ᠶᠤᠰᠤᠭᠠᠷ ᠦᠯᠡᠳᠡᠭᠡᠯ ᠦᠭᠡᠢ ᠪᠠᠶᠢᠴᠠᠭᠠᠵᠤ᠂ ᠥᠪᠡᠷᠲᠡᠭᠡᠨ ᠵᠠᠰᠠᠬᠤ ᠣᠷᠣᠨ ᠪᠠ ᠬᠥᠬᠡᠬᠤᠲᠠ ᠶᠢᠨ ᠬᠤᠶᠠᠷ ᠱᠠᠲᠤᠨ ᠤ ᠲᠤᠰᠬᠠᠶ ᠮᠡᠷᠭᠡᠵᠢᠯᠲᠡᠨ ᠬᠠᠮᠳᠤᠷᠠᠨ ᠤᠨᠤᠰᠢᠯᠠᠭᠠᠳ 3 ᠰᠠᠷ᠎ᠠ ᠶᠢᠨ 26᠎ ᠤ ᠡᠳᠦᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠪᠡᠳᠴᠢᠨ ᠤ ᠵᠢᠱᠢᠶ᠎ᠡ ᠪᠠᠷ ᠲᠤᠳᠤᠯᠠᠵᠠᠢ᠃      2020 ᠤᠨ ᠤ 3 ᠰᠠᠷ᠎ᠠ ᠶᠢᠨ 27᠎ ᠤ 7 ᠴᠠᠭ ᠪᠤᠯᠳᠠᠯ᠎ᠠ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠳᠠᠬᠢ ᠬᠢᠯᠢ ᠶᠢᠨ ᠭᠠᠳᠠᠨ᠎ᠠ ᠠᠴᠠ ᠤᠷᠤᠵᠦ ᠢᠷᠡᠭᠰᠡᠨ ᠳᠤᠳᠤᠯᠠᠭᠰᠠᠨ ᠡᠪᠡᠳᠴᠢᠨ ᠤ ᠵᠢᠱᠢᠶ᠎ᠠ ᠨᠡᠶᠢᠳᠡ 17 ᠪᠤᠯᠵᠦ᠂ ᠰᠡᠵᠢᠭᠯᠡᠯᠳᠡᠢ ᠡᠪᠡᠳᠴᠢᠨ ᠤ ᠵᠢᠱᠢᠶ᠎ᠠ 11 ᠪᠤᠯᠵᠠᠢ᠃      ᠳᠡᠭᠡᠷᠡᠬᠢ ᠡᠪᠡᠳᠴᠢᠲᠡᠨ ᠢ ᠪᠦᠬᠦᠨ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠨᠡᠭᠦᠯᠵᠤ᠂ ᠨᠢᠬᠳᠠ ᠤᠢᠢᠷᠠᠳᠤᠬᠰᠠᠳ ᠢ ᠨᠢ ᠴᠥᠮ ᠬᠥᠬᠡᠬᠤᠲᠠ ᠳᠠᠬᠢ ᠲᠣᠭᠲᠠᠭᠰᠠᠨ ᠭᠠᠵᠠᠷ ᠲᠤ ᠲᠦᠪᠯᠡᠷᠡᠭᠦᠯᠦᠨ ᠠᠨᠠᠭᠠᠬᠤ ᠤᠬᠠᠭᠠᠨ ᠤ ᠠᠵᠢᠬᠯᠠᠯᠲᠠ ᠬᠢᠵᠦ ᠪᠤᠢ᠂ ᠪᠥᠬᠦ ᠶᠠᠪᠤᠴᠠ ᠳᠤ ᠪᠢᠳᠡᠭᠦᠮᠵᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠢᠯᠢ ᠶᠢᠨ ᠭᠠᠳᠠᠨᠠᠬᠢ ᠬᠥᠮᠦᠰ ᠤᠨ ᠬᠥᠬᠡᠬᠤᠲᠠ ᠪᠠᠷ ᠦᠩᠭᠡᠷᠡᠭᠦ ᠲᠤᠬᠠᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠠᠪᠴᠠᠯ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠦ ᠪᠤᠢ᠃      ᠢᠷᠡᠯᠳᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号