ᠪᠦ᠋ ᠰᠢᠶᠤᠤ ᠯᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠥ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠷᠢᠯᠠᠭᠤᠯᠵᠥ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠬᠤ ᠲᠤᠬᠠᠢ ᠰᠠᠨᠠᠯ ᠵᠡᠷᠭᠡ ᠵᠦᠶᠯᠡᠰ ᠢ ᠰᠤᠳᠤᠯᠪᠠ
ᠨᠡᠶᠢᠲᠡᠯᠡᠭᠰᠡᠨ ᠴᠠᠭ᠄
2020/3/27
     3 ᠰᠠᠷ᠎ᠠ ᠶᠢᠨ 26᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠶᠡᠷᠦᠩᠬᠡᠢ ᠵᠢᠯᠤᠭᠤᠳᠤᠬᠴᠢ ᠪᠦ᠋ ᠰᠢᠶᠤᠤ ᠯᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠷᠢᠯᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠲᠤᠬᠠᠢ ᠰᠠᠨᠠᠯ᠂ 5G ᠰᠦᠯᠵᠢᠶᠡᠨ ᠤ ᠪᠦᠳᠦᠬᠡᠨ ᠪᠠᠶᠢᠭᠤᠯᠤᠯᠲᠠ ᠶᠢ ᠠᠬᠢᠭᠤᠯᠬᠤ ᠲᠦᠷᠦ ᠶᠢᠨ ᠪᠤᠳᠤᠯᠭ᠎ᠠ ᠵᠡᠷᠭᠡ ᠵᠦᠢᠯᠡᠰ ᠢ ᠰᠤᠳᠤᠯᠪᠠ᠃      ᠬᠤᠷᠠᠯ ᠠᠴᠠ᠂ ᠦᠢᠷ᠎ᠡ ᠶᠢᠨ ᠬᠤᠭᠤᠴᠠᠭᠠᠨ ᠳᠤ ᠮᠠᠨ ᠤ ᠣᠷᠣᠨ ᠳᠤ ᠬᠢᠯᠢ ᠶᠢᠨ ᠭᠠᠳᠠᠨ᠎ᠠ ᠠᠴᠠ ᠤᠷᠤᠵᠥ ᠢᠷᠡᠭᠰᠡᠨ ᠡᠪᠡᠳᠴᠢᠨ ᠤ ᠵᠢᠱᠢᠶ᠎ᠡ ᠭᠠᠷᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠰᠢᠨ᠎ᠡ ᠥᠷᠢᠰᠥᠯᠳᠦᠭᠡᠨ ᠲᠤᠯᠭᠠᠷᠠᠪᠠ᠃ ︽ᠭᠠᠳᠠᠨ᠎ᠠ ᠠᠴᠠ ᠬᠠᠯᠳᠠᠪᠤᠷᠢᠯᠠᠨ ᠤᠷᠤᠵᠥ ᠢᠷᠡᠬᠦ ᠶᠢ ᠰᠡᠷᠬᠡᠶᠢᠯᠡᠵᠤ᠂ ᠳᠣᠲᠣᠭᠠᠳᠤ ᠳᠠᠭᠠᠨ ᠳᠠᠬᠢᠵᠤ ᠢᠯᠡᠷᠡᠬᠦ ᠶᠢ ᠰᠡᠷᠬᠡᠶᠢᠯᠡᠬᠦ︾ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠪᠠᠷᠢᠮᠲᠠᠯᠠᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠣᠨᠤᠴᠠᠲᠠᠶ ᠪᠠᠷ ᠲᠣᠭᠲᠠᠭᠠᠨ ᠨᠠᠶᠢᠳᠠᠪᠤᠷᠢᠵᠢᠭᠤᠯᠵᠤ᠂ ᠬᠢᠯᠪᠠᠷ ᠪᠤᠰᠤ ᠪᠠᠷ ᠢᠷᠡᠭᠰᠡᠨ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢᠶᠠᠨ ᠰᠠᠶᠢᠲᠤᠷ ᠬᠠᠮᠠᠭᠠᠯᠠᠬᠤ ᠬᠡᠷᠡᠭᠲᠡᠶ᠃ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ ᠵᠢᠯᠤᠭᠤᠳᠤᠮᠵᠢ ᠪᠠᠨ ᠴᠢᠩᠭᠠᠳᠬᠠᠵᠤ᠂ ᠦᠨᠡᠨ ᠠᠴᠠ ᠵᠥᠪ ᠢ ᠡᠷᠢᠬᠦ᠂ ᠢᠯᠡ ᠲᠤᠳᠤᠷᠬᠠᠢ ᠪᠠᠷ ᠮᠡᠳᠡᠭᠡ ᠵᠠᠩᠭᠢ ᠨᠡᠶᠢᠲᠡᠯᠡᠬᠦ ᠶᠢ ᠪᠠᠷᠢᠮᠲᠠᠯᠠᠵᠤ᠂ ᠨᠡᠶᠢᠭᠡᠮ ᠨᠡᠶᠢᠳᠡ ᠶᠢᠨ ᠠᠩᠬᠠᠷᠤᠨ ᠬᠠᠯᠠᠮᠵᠢᠯᠠᠵᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠬᠦ ᠬᠡᠷᠡᠭᠲᠡᠶ᠃ ᠬᠠᠷᠢᠶ᠎ᠠ ᠤᠷᠤᠨ ᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ᠂ ᠮᠡᠳᠡᠭᠡ ᠵᠠᠩᠭᠢ ᠨᠡᠶᠢᠳᠡᠯᠡᠬᠦ ᠪᠠ ᠬᠢᠯᠢ ᠳᠤ ᠣᠷᠣᠵᠤ ᠢᠷᠡᠭᠰᠡᠨ ᠬᠥᠮᠦᠰ ᠢ ᠬᠠᠷᠭᠤᠭᠤᠯᠤᠨ ᠪᠠᠶᠢᠴᠠᠭᠠᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠬᠡᠰᠡᠭ ᠣᠯᠠᠨ ᠤᠯᠤᠰ ᠤᠨ ᠵᠢᠰᠢᠶᠠᠨ ᠤ ᠨᠢᠰᠬᠡᠯ ᠢ ᠬᠦᠬᠡᠬᠤᠳᠠ ᠳᠤ ᠪᠠᠭᠤᠯᠭᠠᠬᠤ ᠶᠢ ᠠᠷᠭᠠᠴᠠᠭᠠᠨ ᠰᠢᠢᠳᠪᠦᠷᠢᠯᠡᠬᠦ ᠠᠵᠢᠯ ᠢ ᠪᠥᠬᠦ ᠬᠦᠴᠦ ᠪᠠᠷ ᠢᠶᠠᠨ ᠰᠠᠶᠢᠲᠤᠷ ᠬᠢᠬᠦ ᠬᠡᠷᠡᠭᠲᠡᠶ᠃ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠵᠦ ᠪᠠᠶᠢᠭ᠎ᠠ ᠪᠠᠶᠢᠳᠠᠯ ᠢ ᠪᠦᠬᠦ ᠲᠠᠯ᠎ᠠ ᠪᠠᠷ ᠡᠵᠡᠮᠰᠢᠵᠦ᠂ ᠠᠵᠤ ᠠᠬᠤᠶᠢᠯᠠᠯ ᠳᠤ ᠬᠠᠷᠠᠭᠠᠯᠵᠠᠯ ᠬᠦᠷᠲᠡᠭᠡᠬᠦ ᠲᠦᠷᠦ ᠶᠢᠨ ᠪᠤᠳᠤᠯᠭ᠎ᠠ ᠶᠢ ᠤᠬᠠᠭᠤᠯᠬᠤ ᠪᠠ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠢ ᠬᠠᠪᠰᠤᠷᠤᠨ ᠪᠣᠳᠠᠲᠠᠢ ᠬᠦᠴᠢᠷᠳᠡᠯ ᠪᠠ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ᠃ ᠡᠯ᠎ᠡ ᠭᠠᠵᠠᠷ ᠤᠨ ᠬᠢᠨ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠯᠦᠭᠡ ᠵᠣᠬᠢᠴᠠᠯᠳᠤᠬᠤ ᠦᠭᠡᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠴᠠᠭ ᠲᠤᠬᠠᠶ ᠳᠤᠨᠢ ᠲᠣᠬᠢᠷᠠᠭᠤᠯᠬᠤ ᠪᠠ ᠬᠦᠴᠦᠨ ᠦᠭᠡᠢ ᠪᠣᠯᠭᠠᠵᠥ᠂ ᠬᠢᠨᠠᠨ ᠵᠥᠪᠰᠢᠶᠡᠷᠡᠬᠦ᠂ ᠳᠠᠩᠰᠠᠯᠠᠭᠤᠯᠬᠤ ᠵᠡᠷᠭᠡ ᠠᠷᠭ᠎ᠠ ᠮᠠᠶ᠋ᠢᠭ ᠢᠶᠠᠷ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠨᠥᠯᠥᠭᠡᠯᠡᠵᠦ ᠪᠣᠯᠬᠤ ᠦᠭᠡᠢ᠂ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠵᠢᠯ ᠢᠶᠠᠨ ᠬᠡᠪ ᠤᠨ ᠶᠣᠰᠣᠭᠠᠷ ᠥᠷᠨᠢᠭᠦᠯᠵᠦ᠂ ᠬᠢᠵᠢᠭ ᠤᠨ ᠪᠠᠶᠢᠳᠠᠯ ᠲᠠᠢ ᠬᠠᠮᠢᠶ᠎ᠠ ᠦᠭᠡᠢ ᠠᠵᠢᠯ ᠢ ᠵᠢᠯᠣᠭᠤᠳᠬᠤ ᠭᠠᠵᠠᠷ ᠠᠴᠠ ᠳᠠᠬᠢᠵᠤ ᠵᠢᠭᠠᠪᠤᠷᠢ ᠠᠪᠬᠤ ᠴᠢᠬᠤᠯᠠ ᠦᠭᠡᠢ ᠭᠡᠵᠥ ᠵᠢᠭᠠᠵᠥ ᠭᠠᠷᠭᠠᠪᠠ᠃      ᠬᠤᠷᠠᠯ ᠠᠴᠠ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠣᠯ ᠶᠡᠷᠦᠩᠬᠡᠶ ᠱᠦᠵᠢ ᠰᠢ ᠶᠢᠨ ᠫᠢᠩ ᠤᠨ ᠪᠢᠳᠡᠨ ᠳᠤ ᠳᠤᠷᠠᠳᠤᠭᠰᠠᠨ ᠱᠠᠭᠠᠷᠳᠠᠯᠭ᠎ᠠ ᠪᠣᠯᠬᠤ ᠪᠠᠷ ᠪᠠᠷᠠᠬᠤ ᠥᠬᠡᠶ᠂ ᠪᠠᠰᠠ ᠴᠤ ᠮᠠᠨ ᠤ ᠲᠣᠰ ᠪᠡᠶ᠎ᠡ ᠶᠢᠨ ᠬᠥᠭᠵᠢᠯᠲᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠬᠤ ᠶᠢᠨ ᠬᠡᠷᠡᠭᠴᠡᠭᠡ ᠮᠥᠨ᠂ ᠡᠯ᠎ᠡ ᠱᠠᠲᠤ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠷᠠᠭᠤᠯᠤᠨ᠂ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ ᠲᠠᠷᠢᠶᠠᠯᠠᠩ ᠮᠠᠯ ᠠᠵᠤ ᠠᠬᠤᠶ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠬᠦᠷᠢᠶᠡᠨ ᠳᠠᠬᠢ ᠲᠣᠪᠤᠶᠢᠮ᠎ᠠ ᠳᠤᠲᠠᠭᠤᠳᠠᠯ ᠢ ᠲᠦᠷᠭᠡᠪᠴᠢᠯᠡᠨ ᠨᠥᠬᠦᠪᠥᠷᠢᠯᠡᠵᠦ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠥᠨᠳᠥᠷ ᠦᠷ᠎ᠠ ᠠᠰᠢᠭᠳᠠᠢ ᠳᠠᠶᠢᠰᠢ ᠬᠡᠯᠪᠡᠷᠢ ᠪᠠᠨ ᠬᠤᠪᠢᠷᠠᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠶ᠃ ᠰᠢᠨ᠎ᠡ ᠬᠥᠭᠵᠢᠯᠲᠡ ᠶᠢᠨ ᠣᠢᠢᠯᠠᠭᠠᠬᠳᠠᠬᠤᠨ ᠢ ᠪᠠᠲᠤ ᠪᠠᠬᠢ ᠪᠣᠶ ᠪᠣᠯᠭᠠᠬᠤ ᠪᠠ ᠲᠤᠭᠤᠰᠢᠯᠠᠭᠤᠯᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠶᠢ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠡᠯ᠎ᠡ ᠭᠤᠭᠴᠤᠭ᠎ᠠ᠂ ᠪᠥᠬᠦ ᠶᠠᠪᠤᠴᠠ ᠳᠤ ᠢᠯᠡᠷᠡᠭᠦᠯᠵᠦ᠂ ᠨᠠᠩ ᠣᠯᠠᠨ ᠲᠤᠰᠬᠠᠶᠢᠵᠢᠭᠰᠠᠨ᠂ ᠬᠡᠪᠴᠢᠶᠡᠵᠢᠭᠰᠡᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠪᠦᠯᠦᠭᠵᠢᠯ ᠢ ᠪᠣᠶ ᠪᠣᠯᠭᠠᠵᠤ᠂ ᠨᠠᠩ ᠣᠯᠠᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠣᠯᠠᠨ ᠨᠡᠶᠢᠲᠡ ᠶᠢᠨ ᠨᠠᠷᠠᠲᠤ ᠲᠥᠷᠥᠯ ᠲᠡᠮᠳᠡᠭ ᠢ ᠪᠤᠶᠢᠵᠢᠭᠤᠯᠬᠤ ᠬᠡᠷᠡᠭᠳᠡᠢ ᠬᠡᠵᠥ ᠴᠢᠬᠤᠯᠠᠴᠢᠯᠠᠪᠠ᠃      ᠬᠤᠷᠠᠯ ᠠᠴᠠ᠂ ᠡᠯ᠎ᠡ ᠱᠠᠲᠤ ᠡᠯ᠎ᠡ ᠬᠤᠯᠪᠤᠭᠳᠠᠯ ᠪᠥᠬᠦᠶ ᠰᠠᠯᠠᠭ᠎ᠠ ᠮᠥᠴᠢᠷ ᠤᠨ ᠬᠢᠨ 5G ᠰᠦᠯᠵᠢᠶᠡᠨ ᠤ ᠪᠦᠳᠦᠬᠡᠨ ᠪᠠᠶᠢᠭᠤᠯᠤᠯᠲᠠ ᠶᠢ ᠳᠡᠮᠵᠢᠬᠦ ᠶᠢ ᠵᠤᠬᠢᠰᠳᠠᠢ ᠪᠠᠶᠢᠷᠢᠨ ᠳᠤ ᠲᠠᠯᠪᠢᠵᠤ᠂ ᠡᠯ᠎ᠡ ᠵᠦᠢᠯ ᠤᠨ ᠠᠵᠢᠯ ᠢ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠬᠦ ᠬᠡᠷᠡᠭᠲᠡᠶ᠃ ᠬᠠᠮᠲᠤᠷᠠᠭᠰᠠᠨ ᠬᠤᠷᠠᠯ ᠤᠨ ᠲᠦᠷᠢᠮ ᠤᠨ ᠦᠢᠯᠡᠳᠦᠯ ᠢ ᠦᠨᠡᠨ ᠬᠦ ᠪᠠᠳᠠᠷᠠᠭᠤᠯᠵᠤ᠂ ᠠᠵᠢᠯ ᠢ ᠨᠢᠭᠡᠳᠦᠯᠲᠡᠶ ᠲᠥᠯᠥᠪᠵᠢᠬᠦᠯᠬᠦ ᠪᠠ ᠲᠣᠬᠢᠷᠠᠭᠤᠯᠬᠤ ᠪᠠᠨ ᠴᠢᠩᠭᠠᠳᠬᠠᠵᠥ᠂ ᠠᠵᠢᠯ ᠢ ᠠᠬᠢᠭᠤᠯᠬᠤ ᠶᠠᠪᠤᠴᠠ ᠳᠠᠬᠢ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ᠂ 5G ᠰᠦᠯᠵᠢᠶᠠᠨ ᠤ ᠪᠥᠲᠥᠭᠡᠨ ᠪᠠᠶᠢᠭᠤᠯᠤᠯᠲᠠ ᠶᠢᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ ᠬᠡᠵᠥ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号