ᠥᠪᠥᠷ ᠮᠣᠩᠭᠤᠯ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠰᠬᠠᠶ ᠪᠠᠯᠠ ᠮᠥᠩᠭᠦ ᠶᠢ ᠬᠤᠶᠠᠷ ᠪᠦᠯᠦᠭ ᠪᠠᠭᠤᠯᠭᠠᠪᠠ
ᠨᠡᠶᠢᠲᠡᠯᠡᠭᠰᠡᠨ ᠴᠠᠭ᠄
2020/3/27
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ 2020 ᠣᠨ ᠤ ᠠᠩᠬᠠᠳᠠᠭᠴᠢ ᠪᠦᠯᠦᠭ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠤᠰᠬᠠᠶ ᠪᠠᠯᠠ ᠮᠥᠩᠭᠦ  13285 ᠲᠦᠮᠡᠨ ᠲᠦᠬᠦᠷᠢᠭ ᠪᠠ ᠬᠤᠶᠠᠳᠤᠭᠠᠷ ᠪᠦᠯᠦᠭ ᠥᠪᠡᠷᠲᠡᠭᠡᠨ ᠵᠠᠰᠠᠬᠤ ᠣᠷᠣᠨ ᠎ ᠤ ᠬᠡᠷᠡᠭᠯᠡᠭᠡᠨ ᠤ ᠮᠡᠷᠭᠡᠵᠢᠯ ᠤᠨ ᠰᠤᠳᠤᠯᠭᠠᠨ ᠪᠠ ᠨᠡᠭᠡᠭᠡᠨ ᠬᠥᠭᠵᠢᠭᠦᠯᠬᠦ ᠪᠠᠯᠠ ᠮᠥᠩᠭᠦ 2424 ᠲᠦᠮᠡᠨ ᠲᠥᠭᠦᠷᠢᠭ ᠪᠠᠭᠤᠯᠭᠠᠪᠠ᠃      2020 ᠣᠨ ᠳᠤ ᠠᠩᠬᠠᠳᠠᠭᠴᠢ ᠪᠦᠯᠦᠭ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ  ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠳᠡᠮᠵᠢᠬᠦ ᠲᠤᠰᠬᠠᠶ ᠪᠠᠯᠠ ᠮᠥᠩᠭᠦ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢ ᠬᠥᠲᠥᠯᠦᠨ ᠵᠢᠯᠣᠭᠤᠳᠬᠤ ᠲᠥᠷᠥᠯ ᠵᠦᠶᠯ 42 ᠪᠠᠶᠢᠵᠤ᠂ 9225 ᠲᠦᠮᠡᠨ ᠲᠦᠬᠦᠷᠢᠭ ᠤᠨ ᠪᠠᠯᠠ ᠮᠥᠩᠭᠦ ᠲᠣᠬᠢᠷᠠᠭᠤᠯᠤᠨ᠎ᠠ︔ 2019 ᠣᠨ ᠳᠤ ᠰᠢᠨ᠎ᠡ ᠎ ᠪᠠᠷ ᠮᠠᠭᠠᠳᠯᠠᠨ ᠲᠣᠭᠲᠠᠭᠠᠭᠰᠠᠨ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ 336 ᠠᠵᠤ ᠠᠬᠤᠶᠢᠯᠠᠯ ᠪᠦᠷᠢ ᠳᠤ 10 ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠨᠥᠬᠦᠪᠦᠷᠢ ᠣᠯᠭᠤᠵᠤ᠂ 3360 ᠲᠦᠮᠡᠨ ᠲᠥᠭᠦᠷᠢᠭ ᠤᠨ ᠪᠠᠯᠠ ᠮᠥᠩᠭᠦ ᠳᠣᠭᠢᠷᠠᠭᠤᠯᠤᠨ᠎ᠠ︔ 2018 — 2019 ᠣᠨ ᠳᠤ ᠥᠪᠡᠷᠲᠡᠭᠡᠨ ᠵᠠᠰᠠᠬᠤ ᠣᠷᠣᠨ ᠤ ᠪᠥᠲᠥᠭᠡᠨ ᠪᠠᠶᠢᠭᠤᠯᠬᠤ ᠪᠠᠷ ᠮᠠᠭᠠᠳᠯᠠᠨ ᠲᠣᠭᠲᠠᠭᠠᠭᠰᠠᠨ ᠠᠺᠠᠳᠧᠮᠢᠴᠢ ᠲᠤᠰᠬᠠᠶ ᠮᠡᠷᠭᠡᠵᠢᠯᠲᠡᠨ ᠤ 35 ᠠᠵᠢᠯ ᠤᠨ ᠥᠷᠲᠡᠭᠡ ᠪᠦᠷᠢ ᠳᠤ 20 ᠲᠦᠮᠡᠨ ᠲᠥᠭᠦᠷᠢᠭ ᠤᠨ ᠳᠡᠮᠵᠢᠯᠭᠡ ᠦᠵᠡᠭᠦᠯᠵᠦ᠂ 700 ᠲᠦᠮᠡᠨ ᠲᠥᠭᠦᠷᠢᠭ ᠤᠨ ᠪᠠᠯᠠ ᠮᠥᠩᠭᠦ ᠳᠣᠭᠢᠷᠠᠭᠤᠯᠤᠨ᠎ᠠ᠃      2020 ᠣᠨ ᠳᠤ ᠬᠤᠶᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠡᠨ ᠤ ᠮᠡᠷᠭᠡᠵᠢᠯ ᠎ ᠤᠨ ᠰᠤᠳᠤᠯᠭᠠᠨ ᠬᠢᠭᠡᠳ ᠨᠡᠭᠡᠭᠡᠨ ᠬᠥᠭᠵᠢᠭᠦᠯᠬᠦ ᠪᠡᠯᠡ ᠮᠥᠩᠭᠦ ᠶᠢᠨ ᠲᠣᠬᠢᠷᠠᠭᠤᠯᠤᠯᠲᠠ ᠶᠢᠨ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠲᠥᠯᠥᠪᠯᠡᠭᠡ ᠳᠤ 39 ᠲᠥᠷᠥᠯ ᠵᠦᠶᠯ ᠢ ᠲᠣᠬᠢᠷᠠᠭᠤᠯᠪᠠ᠃ ᠡᠭᠦᠨ ᠳᠤ᠂ ᠳᠡᠭᠡᠳᠦ ᠰᠢᠨ᠎ᠡ ᠮᠡᠷᠭᠡᠵᠢᠯ ᠤᠨ ᠬᠦᠷᠢᠶᠡᠨ ᠤ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠲᠥᠯᠥᠪᠯᠡᠭᠡ ᠎ ᠶᠢᠨ ᠲᠥᠷᠥᠯ ᠵᠦᠶᠯ 6 ᠪᠠᠶᠢᠵᠤ᠂ 389 ᠲᠦᠮᠡᠨ ᠲᠥᠭᠦᠷᠢᠭ ᠤᠨ ᠪᠠᠯᠠ ᠮᠥᠩᠭᠦ ᠲᠣᠬᠢᠷᠠᠭᠤᠯᠤᠨ᠎ᠠ︔ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠨ ᠳᠠᠬᠢ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠲᠥᠯᠥᠪᠯᠡᠭᠡ ᠶᠢᠨ 9 ᠲᠥᠷᠦᠯ ᠵᠦᠢᠯ ᠳᠤ 1005 ᠲᠦᠮᠡᠨ ᠲᠥᠭᠦᠷᠢᠭ ᠤᠨ ᠪᠡᠯᠡ ᠮᠥᠩᠭᠦ ᠲᠣᠬᠢᠷᠠᠭᠤᠯᠤᠨ᠎ᠠ︔ ᠨᠡᠶᠢᠭᠡᠮ ᠤᠨ ᠬᠥᠭᠵᠢᠯᠲᠡ ᠶᠢᠨ ᠬᠦᠷᠢᠶ᠎ᠡ ᠴᠠᠷᠠᠭ᠎ᠠ ᠶᠢᠨ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠲᠥᠯᠥᠪᠯᠡᠭᠡ ᠶᠢᠨ ᠲᠥᠷᠥᠯ ᠵᠦᠶᠯ 24 ᠪᠠᠶᠢᠵᠤ᠂ 1030 ᠲᠦᠮᠡᠨ ᠲᠥᠭᠦᠷᠢᠭ ᠤᠨ ᠪᠠᠯᠠ ᠮᠥᠩᠭᠦ ᠲᠣᠬᠢᠷᠠᠭᠤᠯᠬᠤ ᠪᠣᠯᠣᠨ᠎ᠠ᠃      ᠣᠶᠢᠯᠠᠭᠠᠭᠰᠠᠨ ᠢᠶᠠᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠴᠢᠳᠠᠪᠤᠷᠢ ᠶᠢ ᠨᠡᠮᠡᠭᠳᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠵᠢᠯ ᠪᠦᠷᠢ 5 ᠳ᠋ᠦᠩᠰᠢᠭᠤᠷ ᠲᠥᠭᠦᠷᠢᠭ ᠤᠨ ᠬᠡᠪᠴᠢᠶᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠤᠰᠬᠠᠶ ᠪᠠᠯᠠ ᠮᠥᠩᠭᠦ ᠲᠣᠬᠢᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠥᠷᠥᠯ ᠵᠦᠶᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠮᠡᠷᠭᠡᠵᠢᠯ ᠤᠨ ᠰᠣᠯᠢᠯᠴᠠᠭ᠎ᠠ ᠬᠢᠭᠰᠡᠨ ᠤ ᠳᠠᠷᠠᠭ᠎ᠠ ᠨᠥᠬᠦᠪᠥᠷᠢ ᠥᠭᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠳᠡᠨᠵᠢᠯᠡᠨ ᠪᠠᠯᠠ ᠳᠣᠭᠢᠷᠠᠭᠤᠯᠬᠤ ᠵᠢᠭᠡᠯᠡᠯᠭᠡ ᠠᠪᠬᠤ ᠶᠢ ᠳᠡᠮᠵᠢᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠠᠬᠢᠭᠤᠯᠬᠤ ᠪᠠᠷ ᠪᠤᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号