ᠦᠪᠦᠷ ᠮᠣᠩᠭᠤᠯ ᠣᠷᠤᠨ ᠳᠠᠬᠢ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2020/3/30
     2020 ᠣᠨ ᠤ 3 ᠰᠠᠷ᠎ᠠ ᠶᠢᠨ 29᠎ ᠤ ᠡᠳᠤᠷ ᠤᠨ 24 ᠴᠠᠭ ᠪᠣᠯᠳᠠᠯ᠎ᠠ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠳᠤ ᠦᠷᠭᠦᠯᠵᠢᠯᠡᠨ 40 ᠡᠳᠤᠷ ᠲᠤᠬᠠᠢ ᠶᠢᠨ ᠭᠠᠵᠠᠷ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠲᠤᠳᠤᠯᠠᠭᠰᠠᠨ ᠡᠪᠡᠳᠴᠢᠨ ᠤ ᠵᠢᠱᠢᠶ᠎ᠡ ᠪᠠ ᠰᠡᠵᠢᠭᠯᠡᠯᠲᠡᠢ ᠡᠪᠡᠳᠴᠢᠨ ᠤ ᠵᠢᠱᠢᠶ᠎ᠡ ᠨᠡᠮᠡᠭᠳᠡᠭᠰᠡᠨ ᠦᠭᠡᠢ᠃      2020 ᠣᠨ ᠤ 3 ᠰᠠᠷ᠎ᠠ ᠶᠢᠨ 29᠎ ᠤ ᠡᠳᠤᠷ ᠤᠨ 7 ᠴᠠᠭ ᠠᠴᠠ 30᠎ ᠤ ᠡᠳᠤᠷ ᠤᠨ 7 ᠴᠠᠭ ᠪᠣᠯᠳᠠᠯ᠎ᠠ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠳᠤ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠲᠤᠳᠤᠯᠠᠭᠰᠠᠨ ᠡᠪᠡᠳᠴᠢᠨ ᠤ ᠵᠢᠱᠢᠶ᠎ᠡ 2᠂ ᠰᠡᠵᠢᠭᠯᠡᠯᠲᠡᠢ ᠡᠪᠡᠳᠴᠢᠨ ᠤ ᠵᠢᠱᠢᠶ᠎ᠡ 7 ᠨᠡᠮᠡᠭᠳᠡᠵᠡᠢ᠃      ᠡᠬᠦᠨ ᠳᠤ᠂ 3 ᠰᠠᠷ᠎ᠠ ᠶᠢᠨ 24᠎ ᠤ ᠡᠳᠤᠷ ᠪᠣᠯᠤᠨ 3 ᠰᠠᠷ᠎ᠠ ᠶᠢᠨ 26᠎ ᠤ ᠡᠳᠤᠷ CA934 ︵ᠫᠠᠷᠢᠰ —  ᠪᠡᠭᠡᠵᠢᠩ︶ ᠨᠢᠰᠭᠡᠯ ᠳᠤ ᠰᠠᠭᠤᠵᠤ᠂ ᠨᠡᠶᠢᠰᠯᠡᠯ ᠤᠨ ᠣᠯᠠᠨ ᠤᠯᠤᠰ ᠤᠨ ᠨᠢᠰᠭᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠦᠬᠡᠬᠤᠳᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠭᠡᠯ ᠤᠨ ᠪᠠᠭᠤᠳᠠᠯ ᠳᠤ ᠪᠠᠭᠤᠭᠰᠠᠨ 2 ᠡᠪᠡᠳᠴᠢᠳᠡᠨ ᠢ ᠦᠪᠡᠷᠲᠡᠭᠡᠨ ᠵᠠᠰᠠᠬᠤ ᠤᠷᠤᠨ ᠪᠠ ᠬᠦᠬᠡᠬᠤᠲᠠ ᠶᠢᠨ ᠬᠤᠶᠠᠷ ᠱᠠᠳᠤᠨ ᠤ ᠲᠤᠰᠬᠠᠢ ᠮᠡᠷᠭᠡᠵᠢᠯᠲᠡᠨ ᠬᠠᠮᠳᠤᠷᠠᠨ ᠣᠨᠤᠰᠢᠯᠠᠭᠠᠳ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠪᠡᠳᠴᠢᠨ ᠤ ᠵᠢᠱᠢᠶ᠎ᠡ ᠎ ᠪᠠᠷ ᠲᠣᠳᠤᠯᠠᠵᠠᠢ᠃      3 ᠰᠠᠷ᠎ᠠ ᠶᠢᠨ 29᠎ ᠤ ᠡᠳᠤᠷ CA938 ︵ᠯᠣᠨᠳᠤᠨ —  ᠪᠡᠭᠡᠵᠢᠩ︶ ᠨᠢᠰᠭᠡᠯ ᠳᠤ ᠰᠠᠭᠤᠵᠤ᠂ ᠨᠡᠶᠢᠰᠯᠡᠯ ᠤᠨ ᠣᠯᠠᠨ ᠤᠯᠤᠰ ᠤᠨ ᠪᠠᠭᠤᠳᠠᠯ ᠤᠨ ᠬᠤᠪᠢᠶᠠᠷᠢᠯᠠᠯᠳᠠ ᠪᠠᠷ ᠬᠦᠬᠡᠬᠤᠳᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠳᠤ 6 ᠡᠪᠡᠳᠴᠢᠳᠡᠨ ᠪᠠᠭᠤᠵᠤ᠂ 3 ᠰᠠᠷ᠎ᠠ ᠶᠢᠨ 23᠎ ᠤ ᠡᠳᠤᠷ LG326 ︵ᠠᠦ᠋ᠰᠲᠷᠠᠯᠢᠶ᠎ᠠ —  ᠬᠦᠬᠡᠬᠤᠲᠠ︶ ᠨᠢᠰᠭᠡᠯ ᠢᠶᠠᠷ ᠬᠦᠬᠡᠬᠤᠳᠠ ᠳᠤ 1 ᠡᠪᠡᠳᠴᠢᠳᠡᠨ ᠪᠠᠭᠤᠵᠤ᠂ ᠬᠢᠯᠢ ᠪᠠᠷ ᠣᠷᠤᠵᠤ ᠢᠷᠡᠭᠰᠡᠨ ᠬᠦᠮᠦᠰ ᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠤᠭᠠᠷ ᠦᠯᠡᠳᠡᠭᠡᠯ ᠦᠬᠡᠢ ᠪᠠᠶᠢᠴᠠᠭᠠᠵᠤ᠂ ᠦᠪᠡᠷᠲᠡᠭᠡᠨ ᠵᠠᠰᠠᠬᠤ ᠤᠷᠤᠨ ᠪᠠ ᠬᠦᠬᠡᠬᠤᠲᠠ ᠶᠢᠨ ᠬᠤᠶᠠᠷ ᠱᠠᠲᠤᠨ ᠤ ᠲᠤᠰᠬᠠᠢ ᠮᠡᠷᠭᠡᠵᠢᠯᠲᠡᠨ ᠬᠠᠮᠲᠤᠷᠠᠨ ᠣᠨᠤᠰᠢᠯᠠᠭᠠᠳ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠᠷ ᠣᠨᠤᠰᠢᠯᠠᠵᠠᠢ᠃      2020 ᠣᠨ ᠤ 3 ᠰᠠᠷ᠎ᠠ ᠶᠢᠨ 30᠎ ᠤ 7 ᠴᠠᠭ ᠪᠣᠯᠲᠠᠯ᠎ᠠ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠳᠠᠬᠢ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠤᠳᠤᠯᠠᠭᠰᠠᠨ ᠡᠪᠡᠳᠴᠢᠨ ᠤ ᠵᠢᠱᠢᠶ᠎ᠡ ᠨᠡᠶᠢᠲᠡ 22 ᠪᠣᠯᠵᠤ᠂ ᠰᠡᠵᠢᠭᠯᠡᠯᠲᠡᠢ ᠡᠪᠡᠳᠴᠢᠨ ᠤ ᠵᠢᠱᠢᠶ᠎ᠡ 22 ᠪᠣᠯᠵᠠᠢ᠃      ᠳᠡᠭᠡᠷᠡᠬᠢ ᠡᠪᠡᠳᠴᠢᠳᠡᠨ ᠢ ᠪᠦᠬᠦᠨ ᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠲᠦᠷᠪᠡᠳᠦᠭᠡᠷ ᠡᠮᠨᠡᠯᠭᠡ ᠶᠢᠨ ᠬᠤᠷᠢᠶ᠎ᠠ ᠳᠤ ᠲᠤᠰᠠᠭᠠᠷ ᠡᠮᠨᠡᠭᠦᠯᠵᠦ᠂ ᠨᠢᠬᠲᠠ ᠣᠶᠢᠷᠠᠳᠤᠭᠰᠠᠳ ᠢ ᠨᠢ ᠴᠦᠮ ᠬᠦᠬᠡᠬᠤᠳᠠ ᠳᠠᠬᠢ ᠲᠤᠭᠳᠠᠭᠰᠠᠨ ᠭᠠᠵᠠᠷ ᠲᠤ ᠲᠦᠪᠯᠡᠷᠡᠭᠦᠯᠦᠨ ᠠᠨᠠᠭᠠᠬᠤ ᠤᠬᠠᠭᠠᠨ ᠤ ᠠᠵᠢᠬᠯᠠᠯᠲᠠ ᠬᠢᠵᠦ ᠪᠣᠢ᠂ ᠪᠦᠬᠦ ᠶᠠᠪᠤᠴᠠ ᠳᠤ ᠪᠢᠳᠡᠭᠦᠮᠵᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠵᠦ ᠪᠣᠢ᠃      ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠤᠨ ᠬᠢᠯᠢ ᠶᠢᠨ ᠭᠠᠳᠠᠨᠠᠬᠢ ᠬᠦᠮᠦᠰ ᠤᠨ ᠬᠦᠬᠡᠬᠤᠲᠠ ᠪᠠᠷ ᠦᠩᠭᠡᠷᠡᠬᠦ ᠲᠤᠬᠠᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠠᠪᠴᠠᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠪᠣᠢ᠃      ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号