ᠦᠪᠦᠷ ᠮᠤᠩᠭᠤᠯ ᠤᠷᠤᠨ ᠳᠠᠬᠢ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2020/3/31
     2020 ᠣᠨ ᠤ 3 ᠰᠠᠷ᠎ᠠ ᠶᠢᠨ 30᠎ ᠤ ᠡᠳᠦᠷ ᠤᠨ 24 ᠴᠠᠭ ᠪᠣᠯᠲᠠᠯ᠎ᠠ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠳᠤ ᠦᠷᠭᠦᠯᠵᠢᠯᠡᠨ 41 ᠡᠳᠦᠷ ᠲᠤᠬᠠᠢ ᠶᠢᠨ ᠭᠠᠵᠠᠷ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠤᠳᠤᠯᠠᠬᠰᠠᠨ ᠡᠪᠡᠳᠴᠢᠨ ᠤ ᠵᠢᠱᠢᠶ᠎ᠡ ᠪᠠ ᠰᠡᠵᠢᠭᠯᠡᠯᠳᠡᠢ ᠡᠪᠡᠳᠴᠢᠨ ᠤ ᠵᠢᠱᠢᠶ᠎ᠡ ᠨᠡᠮᠡᠭᠳᠡᠭᠰᠡᠨ ᠦᠭᠡᠢ᠃      2020 ᠣᠨ ᠤ 3 ᠰᠠᠷ᠎ᠠ ᠶᠢᠨ 30᠎ ᠤ ᠡᠳᠦᠷ ᠤᠨ 7 ᠴᠠᠭ ᠠᠴᠠ 31᠎ ᠤ ᠡᠳᠦᠷ ᠤᠨ 7 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠤᠳᠤᠯᠠᠬᠰᠠᠨ ᠡᠪᠡᠳᠴᠢᠨ ᠤ ᠵᠢᠱᠢᠶ᠎ᠡ 10᠂ ᠰᠡᠵᠢᠭᠯᠡᠯᠲᠡᠶ ᠡᠪᠡᠳᠴᠢᠨ ᠤ ᠵᠢᠱᠢᠶ᠎ᠡ 2 ᠨᠡᠮᠡᠭᠳᠡᠵᠡᠢ᠃      ᠡᠭᠦᠨ ᠳᠤ᠂ ᠲᠤᠳᠤᠯᠠᠬᠰᠠᠨ 10 ᠡᠪᠡᠳᠴᠢᠨ ᠤ ᠵᠢᠱᠢᠶ᠎ᠠ ᠪᠤᠯ 3 ᠰᠠᠷ ᠎ᠠ ᠶᠢᠨ 26᠎ ᠤ ᠡᠳᠦᠷ᠂ 3 ᠰᠠᠷ᠎ᠠ ᠶᠢᠨ 27᠎ ᠤ ᠡᠳᠦᠷ ᠪᠠ 3 ᠰᠠᠷ᠎ᠠ ᠶᠢᠨ 29᠎ ᠤ ᠡᠳᠦᠷ᠂ CA934 ︵ᠫᠠᠷᠢᠰ — ᠪᠡᠭᠡᠵᠢᠩ︶᠂ CA856 ︵ᠯᠤᠨᠳᠤᠨ — ᠪᠡᠭᠡᠵᠢᠩ︶᠂ CA938 ︵ᠯᠤᠨᠳᠤᠨ — ᠪᠡᠭᠡᠵᠢᠩ︶ ᠨᠢᠰᠬᠡᠯ ᠳᠤ ᠰᠠᠭᠤᠵᠤ᠂ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠳᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠬᠰᠠᠨ 10 ᠡᠪᠡᠳᠴᠢᠳᠡᠨ ᠪᠠᠶᠢᠵᠤ᠂ 3 ᠰᠠᠷ᠎ᠠ ᠶᠢᠨ 30᠎ ᠤ ᠡᠳᠦᠷ᠂ ᠥᠪᠡᠷᠲᠡᠭᠡᠨ ᠵᠠᠰᠠᠬᠤ ᠣᠷᠣᠨ ᠪᠠ ᠬᠥᠬᠡᠬᠤᠲᠠ ᠶᠢᠨ ᠬᠤᠶᠠᠷ ᠱᠠᠲᠤᠨ ᠤ ᠲᠤᠰᠬᠠᠶ ᠮᠡᠷᠭᠡᠵᠢᠯᠲᠡᠨ ᠬᠠᠮᠳᠤᠷᠠᠨ ᠤᠨᠤᠰᠢᠯᠠᠭᠠᠳ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠪᠡᠳᠴᠢᠨ ᠤ ᠵᠢᠱᠢᠶ᠎ᠡ ᠪᠠᠷ ᠲᠤᠳᠤᠯᠠᠵᠠᠢ᠃      ᠰᠡᠵᠢᠭᠯᠡᠯᠳᠡᠢ 2 ᠡᠪᠡᠳᠴᠢᠨ ᠤ ᠵᠢᠱᠢᠶ᠎ᠠ ᠪᠤᠯ 3 ᠰᠠᠷ᠎ᠠ ᠶᠢᠨ 30᠎ ᠤ ᠡᠳᠦᠷ CA988 ︵ᠯᠤᠰ ᠠᠩᠵᠧᠯᠧᠰ — ᠪᠡᠭᠡᠵᠢᠩ︶ ᠨᠢᠰᠬᠡᠯ ᠳᠤ ᠰᠠᠭᠤᠵᠤ᠂ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠳᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠬᠰᠠᠨ 2 ᠡᠪᠡᠳᠴᠢᠳᠡᠨ ᠪᠠᠶᠢᠵᠤ᠂ ᠬᠢᠯᠢ ᠪᠠᠷ ᠤᠷᠤᠵᠤ ᠢᠷᠡᠭᠰᠡᠨ ᠬᠦᠮᠦᠰ ᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠬᠡᠶᠢᠯᠡᠨ ᠡᠵᠡᠮᠳᠡᠭᠦ ᠬᠠᠮᠢᠶ᠎ᠠ ᠪᠦᠬᠦᠢ ᠱᠠᠭᠠᠷᠳᠠᠯᠭ᠎ᠠ ᠶᠤᠰᠤᠭᠠᠷ ᠦᠯᠡᠳᠡᠭᠡᠯ ᠦᠭᠡᠢ ᠪᠠᠶᠢᠴᠠᠭᠠᠵᠤ᠂ ᠥᠪᠡᠷᠲᠡᠭᠡᠨ ᠵᠠᠰᠠᠬᠤ ᠣᠷᠣᠨ ᠪᠠ ᠬᠥᠬᠡᠬᠤᠲᠠ ᠶᠢᠨ ᠬᠤᠶᠠᠷ ᠱᠠᠲᠤᠨ ᠤ ᠲᠤᠰᠬᠠᠶ ᠮᠡᠷᠭᠡᠵᠢᠯᠲᠡᠨ ᠬᠠᠮᠳᠤᠷᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠰᠡᠵᠢᠭᠯᠡᠯᠳᠡᠢ ᠡᠪᠡᠳᠴᠢᠨ ᠤ ᠵᠢᠱᠢᠶ᠎ᠡ ᠪᠠᠷ ᠤᠨᠤᠰᠢᠯᠠᠵᠠᠢ᠃      2020 ᠤᠨ ᠤ 3 ᠰᠠᠷ᠎ᠠ ᠶᠢᠨ 31᠎ ᠤ ᠡᠳᠦᠷ ᠤᠨ 7 ᠴᠠᠭ ᠪᠤᠯᠳᠠᠯ᠎ᠠ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠳᠠᠬᠢ ᠬᠢᠯᠢ ᠶᠢᠨ ᠭᠠᠳᠠᠨ᠎ᠠ ᠠᠴᠠ ᠤᠷᠤᠵᠦ ᠢᠷᠡᠭᠰᠡᠨ ᠳᠤᠳᠤᠯᠠᠭᠰᠠᠨ ᠡᠪᠡᠳᠴᠢᠨ ᠤ ᠵᠢᠱᠢᠶ᠎ᠠ ᠨᠡᠶᠢᠳᠡ 32 ᠪᠤᠯᠵᠦ᠂ ᠰᠡᠵᠢᠭᠯᠡᠯᠳᠡᠢ ᠡᠪᠡᠳᠴᠢᠨ ᠤ ᠵᠢᠱᠢᠶ᠎ᠠ 25 ᠪᠤᠯᠵᠠᠢ᠃      ᠳᠡᠭᠡᠷᠡᠬᠢ ᠡᠪᠡᠳᠴᠢᠲᠡᠨ ᠢ ᠪᠦᠬᠦᠨ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠨᠡᠭᠦᠯᠵᠤ᠂ ᠨᠢᠬᠳᠠ ᠤᠢᠢᠷᠠᠳᠤᠬᠰᠠᠳ ᠢ ᠨᠢ ᠴᠥᠮ ᠬᠥᠬᠡᠬᠤᠲᠠ ᠳᠠᠬᠢ ᠲᠣᠭᠲᠠᠭᠰᠠᠨ ᠭᠠᠵᠠᠷ ᠲᠤ ᠲᠦᠪᠯᠡᠷᠡᠭᠦᠯᠦᠨ ᠠᠨᠠᠭᠠᠬᠤ ᠤᠬᠠᠭᠠᠨ ᠤ ᠠᠵᠢᠬᠯᠠᠯᠲᠠ ᠬᠢᠵᠦ ᠪᠤᠢ᠂ ᠪᠥᠬᠦ ᠶᠠᠪᠤᠴᠠ ᠳᠤ ᠪᠢᠳᠡᠭᠦᠮᠵᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠵᠦ ᠪᠤᠢ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠢᠯᠢ ᠶᠢᠨ ᠭᠠᠳᠠᠨᠠᠬᠢ ᠬᠥᠮᠦᠰ ᠤᠨ ᠬᠥᠬᠡᠬᠤᠲᠠ ᠪᠠᠷ ᠦᠩᠭᠡᠷᠡᠭᠦ ᠲᠤᠬᠠᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠠᠪᠴᠠᠯ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠦ ᠪᠤᠢ᠃      ᠢᠷᠡᠯᠳᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号