ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠡᠮᠴᠢᠯᠡᠭᠡᠨ ᠤ ᠰᠡᠷᠭᠡᠶᠢᠯᠡᠨ ᠡᠵᠡᠮᠳᠡᠬᠦ | ᠳᠤᠭᠤᠶᠢᠯᠠᠩ ᠮᠡᠳᠡᠭᠳᠡᠯ ᠪᠠᠭᠤᠯᠭᠠᠵᠤ᠂ ᠡᠯ᠎ᠡ ᠭᠠᠵᠠᠷ ᠤᠨ ᠡᠯ᠎ᠡ ᠡᠮᠴᠢᠯᠡᠭᠡᠨ ᠤ ᠪᠠᠶᠢᠭᠤᠯᠤᠮᠵᠢ ᠨᠤᠭᠤᠳ ᠨᠠᠩ | ᠡᠷᠴᠢᠮᠲᠡᠢ ᠪᠦᠭᠡᠳ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠲᠣᠭᠤᠷᠢᠭ ᠬᠤᠪᠢᠶᠠᠨ ᠱᠠᠲᠤ ᠬᠤᠪᠢᠶᠠᠵᠤ ᠬᠡᠪ ᠤᠨ | ᠡᠮᠴᠢᠯᠡᠭᠡᠨ ᠤ ᠦᠢᠯᠡᠴᠢᠯᠡᠭᠡ ᠶᠢ ᠰᠡᠷᠭᠦᠭᠡᠬᠦ ᠠᠵᠢᠯ ᠢ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃ | ᠮᠡᠳᠡᠭᠳᠡᠯ ᠳᠤ ᠵᠢᠭᠠᠵᠤ ᠭᠠᠷᠭᠠᠭᠰᠠᠨ ᠨᠢ᠂ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ 103 | ᠬᠤᠰᠢᠭᠤ ᠰᠢᠶᠠᠨ ︵ᠬᠤᠲᠠ᠂ ᠲᠣᠭᠤᠷᠢᠭ︶ ᠤ ᠬᠢᠵᠢᠭ ᠤᠨ ᠪᠠᠶᠢᠳᠠᠯ ᠤᠨ ᠲᠥᠭᠰᠢᠭᠦᠷᠢᠲᠦ ᠵᠡᠷᠭᠡ ᠳᠡᠰ ᠢ | ᠪᠦᠬᠦᠨ ᠢ ᠳᠣᠤᠷ᠎ᠠ ᠲᠥᠭᠰᠢᠭᠦᠷᠢᠲᠦ ᠵᠡᠷᠭᠡ ᠳᠡᠰ ᠪᠣᠯᠭᠠᠨ ᠲᠣᠬᠢᠷᠠᠭᠤᠯᠵᠤ᠂ ᠬᠡᠪ ᠤᠨ ᠡᠮᠴᠢᠯᠡᠭᠡᠨ ᠤ | ᠦᠢᠯᠡᠴᠢᠯᠡᠭᠡ ᠶᠢ ᠪᠥᠬᠦ ᠲᠠᠯ᠎ᠠ ᠪᠠᠷ ᠰᠡᠷᠭᠦᠭᠡᠬᠦ ᠶᠢ ᠲᠥᠷᠭᠡᠳᠬᠡᠨ᠂ ᠠᠷᠠᠳ ᠣᠯᠠᠨ ᠤ ᠦᠨᠳᠦᠰᠦᠨ ᠡᠮᠴᠢᠯᠡᠭᠡᠨ ᠤ | ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠣᠯ ᠣᠳᠣᠬᠢ ᠱᠠᠲᠤᠨ ᠤ ᠮᠠᠨ ᠤ ᠣᠷᠣᠨ ᠤ ᠡᠮᠴᠢᠯᠡᠭᠡᠨ ᠤ | ᠦᠢᠯᠡᠴᠢᠯᠡᠭᠡ ᠶᠢᠨ ᠬᠠᠮᠢᠶᠠᠷᠤᠯᠲᠠ ᠶᠢᠨ ᠴᠢᠬᠤᠯᠠ ᠡᠭᠦᠷᠭᠡ ᠮᠥᠨ ᠭᠡᠪᠡ᠃ | ᠮᠡᠳᠡᠭᠳᠡᠯ ᠳᠤ ᠴᠢᠬᠤᠯᠠᠴᠢᠯᠠᠭᠰᠠᠨ ᠨᠢ᠂ ᠡᠯ᠎ᠡ ᠭᠠᠵᠠᠷ ᠤᠨ ᠡᠯ᠎ᠡ ᠡᠮᠴᠢᠯᠡᠭᠡᠨ ᠤ ᠪᠠᠶᠢᠭᠤᠯᠤᠮᠵᠢ ᠨᠤᠭᠤᠳ | ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠢᠭᠤᠴᠠᠯᠭᠠᠲᠤ ᠰᠡᠳᠬᠢᠯᠭᠡ | ᠲᠤᠯᠭᠠᠮ ᠪᠣᠳᠣᠯ ᠢᠶᠠᠨ ᠦᠨᠡᠨ ᠬᠦ ᠴᠢᠩᠭᠠᠳᠬᠠᠨ᠂ ᠲᠣᠭᠤᠷᠢᠭ ᠬᠤᠪᠢᠶᠠᠨ ᠱᠠᠲᠤ ᠬᠤᠪᠢᠶᠠᠵᠤ ᠬᠡᠪ ᠤᠨ | ᠡᠮᠴᠢᠯᠡᠭᠡᠨ ᠤ ᠦᠢᠯᠡᠴᠢᠯᠡᠭᠡ ᠶᠢ ᠰᠡᠷᠭᠦᠭᠡᠬᠦ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠲᠤᠭᠤᠰᠢᠲᠠᠶ | ᠣᠶᠢᠯᠠᠭᠠᠨ ᠨᠠᠶᠢᠳᠠᠪᠤᠷᠢᠵᠢᠭᠤᠯᠵᠤ᠂ ᠴᠢᠩᠭ᠎ᠠ ᠬᠠᠮᠢᠶᠠᠷᠬᠤ ᠪᠠ ᠴᠢᠯᠥᠭᠡᠲᠡᠶ ᠲᠠᠯᠪᠢᠬᠤ ᠶᠢᠨ ᠬᠠᠷᠢᠴᠠᠭ᠎ᠠ ᠶᠢ ᠰᠠᠶᠢᠲᠤᠷ | ᠡᠵᠡᠮᠳᠡᠵᠦ ᠰᠢᠢᠳᠪᠦᠷᠢᠯᠡᠨ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠲᠦᠷ ᠴᠠᠭ ᠤᠨ ᠴᠢᠨᠠᠷᠲᠠᠶ ᠲᠥᠷᠥ ᠶᠢᠨ | ᠪᠣᠳᠣᠯᠭ᠎ᠠ ᠶᠢ ᠠᠯᠬᠤᠮ ᠠᠯᠬᠤᠮ ᠢᠶᠠᠷ ᠬᠦᠴᠦᠨ ᠥᠬᠡᠶ ᠪᠣᠯᠭᠠᠵᠤ᠂ ᠠᠰᠠᠭᠤᠳᠠᠯ ᠪᠠ ᠬᠡᠷᠡᠭᠴᠡᠭᠡ ᠪᠠᠷ | ᠤᠳᠤᠷᠢᠳᠤᠮᠵᠢ ᠪᠣᠯᠭᠠᠨ᠂ ᠠᠵᠢᠯ ᠤᠨ ᠬᠦᠴᠦᠯᠡᠬᠦ ᠴᠡᠭ ᠢᠶᠠᠨ ᠴᠠᠭ ᠲᠤᠬᠠᠶ ᠳᠤ ᠨᠢ ᠲᠣᠬᠢᠷᠠᠭᠤᠯᠵᠤ᠂ ᠨᠢᠭᠡᠳᠦᠯᠲᠡᠶ | ᠲᠥᠯᠥᠪᠯᠡᠨ ᠲᠣᠬᠢᠷᠠᠭᠤᠯᠬᠤ ᠡᠷᠴᠢᠮ᠂ ᠳᠡᠮᠵᠢᠯᠭᠡ ᠦᠵᠡᠭᠦᠯᠵᠦ ᠪᠠᠲᠤᠯᠠᠬᠤ ᠡᠷᠴᠢᠮ ᠪᠠ ᠬᠢᠨᠠᠯᠲᠠ ᠲᠠᠯᠪᠢᠵᠤ | ᠵᠢᠯᠣᠭᠤᠳᠬᠤ ᠡᠷᠴᠢᠮ ᠢᠶᠠᠨ ᠴᠢᠩᠭᠠᠷᠠᠭᠤᠯᠤᠨ᠂ ᠠᠵᠢᠯ ᠤᠨ ᠲᠥᠰᠦᠯ ᠢᠶᠠᠨ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ | ᠴᠠᠭ ᠤᠨ ᠬᠦᠰᠦᠨᠦᠭᠲᠦ ᠪᠠ ᠵᠠᠮ ᠱᠤᠭᠤᠮ ᠤᠨ ᠵᠢᠷᠤᠭ ᠢᠶᠠᠨ ᠲᠣᠳᠣᠷᠬᠠᠶᠢᠯᠠᠨ᠂ ᠨᠠᠩ ᠡᠷᠴᠢᠮᠲᠡᠢ ᠪᠦᠭᠡᠳ | ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠬᠡᠪ ᠤᠨ ᠡᠮᠴᠢᠯᠡᠭᠡᠨ ᠤ ᠡᠮᠬᠢ ᠳᠢᠭᠯᠢᠮ ᠢ ᠲᠦᠷᠭᠡᠬᠡᠨ ᠪᠥᠬᠦ ᠲᠠᠯ᠎ᠠ ᠪᠠᠷ | ᠰᠡᠷᠭᠦᠭᠡᠵᠦ᠂ ᠬᠢᠵᠢᠭ ᠤᠨ ᠪᠠᠶᠢᠳᠠᠯ ᠤᠨ ᠠᠷᠠᠳ ᠣᠯᠠᠨ ᠤ ᠡᠪᠡᠳᠴᠢᠨ ᠦᠵᠡᠭᠦᠯᠵᠦ ᠡᠮᠨᠡᠭᠦᠯᠬᠦ ᠳᠤ ᠦᠵᠡᠭᠦᠯᠦᠭᠰᠡᠨ | ᠨᠥᠯᠥᠭᠡ ᠶᠢ ᠦᠨᠡᠨ ᠬᠦ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ ᠭᠡᠪᠡ᠃ |