ᠲᠥᠷᠥᠭᠦᠥ ᠬᠤᠶᠠᠷ ᠰᠠᠷ᠎ᠠ ᠳᠤ ᠪᠥᠬᠦ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠠᠳᠠᠯᠢ ᠬᠤᠭᠤᠴᠠᠭᠠᠨ ᠤ ᠬᠢ ᠠᠴᠠ 4.0% ᠪᠠᠷ ᠨᠡᠮᠡᠭᠳᠡᠪᠡ
ᠨᠡᠶᠢᠲᠡᠯᠡᠭᠰᠡᠨ ᠴᠠᠭ᠄
2020/3/31

     ᠡᠨᠡ ᠵᠢᠯ ᠤᠨ 1 — 2 ᠳ᠋ᠤᠭᠠᠷ ᠰᠠᠷ᠎ᠠ ᠳᠤ᠂ ᠪᠥᠬᠦ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠠᠳᠠᠯᠢ ᠬᠤᠭᠤᠴᠠᠭᠠᠨ ᠤ ᠬᠢ ᠠᠴᠠ 4.0% ᠪᠠᠷ ᠨᠡᠮᠡᠭᠳᠡᠨ᠂ ᠨᠡᠮᠡᠭᠳᠡᠯ ᠤᠨ ᠬᠡᠮᠵᠢᠶ᠎ᠡ ᠨᠢ ᠲᠦᠷᠦᠭᠦᠤ ᠵᠢᠯ ᠤᠨ ᠠᠳᠠᠯᠢ ᠬᠤᠭᠤᠴᠠᠭᠠᠨ ᠤ ᠪᠠ ᠲᠦᠷᠦᠭᠦᠤ ᠵᠢᠯ ᠤᠨ ᠪᠥᠬᠦ ᠵᠢᠯ ᠤᠨ ᠬᠢ ᠠᠴᠠ ᠲᠣᠰ ᠲᠣᠰ 2.5 ᠪᠠ 1.6 ᠵᠠᠭᠤᠨ ᠤ ᠴᠡᠭ ᠥᠨᠳᠥᠷ ᠪᠣᠯᠣᠭᠰᠠᠨ ᠪᠣᠯᠪᠠᠴᠤ ᠠᠳᠠᠯᠢ ᠬᠤᠭᠤᠴᠠᠭᠠᠨ ᠤ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 1.3 ᠵᠠᠭᠤᠨ ᠤ ᠴᠡᠭ ᠳᠣᠤᠷ᠎ᠠ ᠪᠣᠯᠪᠠ᠃
     ᠡᠭᠦᠨ ᠳᠤ᠂ ᠬᠤᠲᠠ ᠶᠢᠨ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠠᠳᠠᠯᠢ ᠬᠤᠭᠤᠴᠠᠭᠠᠨ ᠤ ᠬᠢ ᠠᠴᠠ 3.7% ᠪᠠᠷ ᠨᠡᠮᠡᠭᠳᠡᠵᠦ᠂ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠠᠳᠠᠯᠢ ᠬᠤᠭᠤᠴᠠᠭᠠᠨ ᠤ ᠬᠢ ᠠᠴᠠ 4.9% ᠪᠠᠷ ᠨᠡᠮᠡᠭᠳᠡᠪᠡ᠃ ᠡᠭᠦᠨ ᠠᠴᠠ ᠭᠠᠳᠠᠨ᠎ᠠ᠂ ᠪᠥᠬᠦ ᠣᠷᠣᠨ ᠤ ᠨᠠᠢᠮᠠᠨ ᠶᠡᠭᠡ ᠲᠥᠷᠥᠯ ᠤᠨ ᠲᠠᠸᠠᠷ ᠤᠨ ᠬᠡᠷᠡᠭᠯᠡᠭᠡᠨ ᠤ ᠦᠨ᠎ᠡ ᠬᠠᠩᠰᠢ ᠪᠦᠬᠦᠨ ᠢᠶᠠᠷ ᠢᠶᠠᠨ ᠨᠡᠮᠡᠭᠳᠡᠵᠡᠢ᠃ ᠡᠭᠦᠨ ᠳᠤ᠂ ᠢᠳᠡᠭᠡᠨ ᠪᠠ ᠲᠠᠮᠠᠬᠢ ᠠᠷᠢᠬᠢᠨ ᠤ ᠲᠥᠷᠥᠯ ᠤᠨ ᠬᠡᠷᠡᠭᠯᠡᠭᠡᠨ ᠤ ᠦᠨ᠎ᠡ ᠨᠢ 10.7% ᠪᠠᠷ ᠨᠡᠮᠡᠭᠳᠡᠵᠦ᠂ ᠡᠮ ᠡᠮᠨᠡᠯᠭᠡ ᠡᠷᠡᠭᠦᠯᠵᠢᠯ ᠤᠨ ᠲᠥᠷᠥᠯ ᠤᠨ ᠬᠡᠷᠡᠭᠯᠡᠭᠡᠨ ᠤ ᠦᠨ᠎ᠡ ᠨᠢ 3.5% ᠪᠠᠷ ᠨᠡᠮᠡᠭᠳᠡᠵᠡᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ