ᠦᠪᠡᠷᠲᠡᠭᠡᠨ ᠵᠠᠰᠠᠬᠤ ᠤᠷᠤᠨ ᠤ ᠴᠢᠬᠤᠯᠠ ᠶᠡᠭᠡ ᠲᠦᠷᠦᠯ ᠵᠦᠢᠯ ᠴᠢᠬᠤᠯᠠ ᠶᠡᠭᠡ ᠢᠨᠵᠧᠨᠧᠷᠢᠩ ᠤᠨ ︽ᠬᠢᠨᠡᠨ ᠵᠦᠪᠰᠢᠶᠡᠷᠡᠬᠦ ᠰᠠᠷ᠎ᠠ︾᠎ ᠶᠢᠨ ᠠᠵᠢᠯᠯᠠᠭ᠎ᠠ ᠡᠬᠢᠯᠡᠪᠡ    ᠪᠦ᠋ ᠰᠢᠶᠤᠤ ᠯᠢᠨ ᠠᠵᠢᠯᠯᠠᠭ᠎ᠠ ᠶᠢᠨ ᠲᠠᠯᠠᠪᠠᠢ ᠳᠤ ᠬᠦᠷᠴᠦ ᠪᠠᠶᠢᠴᠠᠭᠠᠨ ᠰᠤᠳᠤᠯᠵᠠᠢ
ᠨᠡᠶᠢᠲᠡᠯᠡᠭᠰᠡᠨ ᠴᠠᠭ᠄
2020/3/4
     ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠠᠵᠢᠯ ᠢ ᠨᠢᠭᠡᠳᠦᠯᠳᠠᠢ ᠲᠦᠯᠦᠪᠵᠢᠬᠦᠯᠦᠨ ᠠᠬᠢᠭᠤᠯᠬᠤ ᠶᠢᠨ ᠲᠦᠯᠦᠭᠡ᠂ 3 ᠰᠠᠷ᠎ᠠ ᠶᠢᠨ 3᠎ ᠤ ᠦᠳᠡ ᠶᠢᠨ ᠡᠮᠦᠨ᠎ᠠ᠂ ᠥᠪᠦᠷ ᠮᠤᠩᠭᠤᠯ ᠴᠢᠬᠤᠯᠠ ᠶᠡᠭᠡ ᠲᠦᠷᠦᠯ ᠵᠦᠢᠯ ᠴᠢᠬᠤᠯᠠ ᠶᠡᠭᠡ ᠢᠨᠵᠧᠨᠧᠷᠢᠩ ᠤᠨ ︽ᠬᠢᠨᠡᠨ ᠵᠦᠪᠰᠢᠶᠡᠷᠡᠬᠦ ᠰᠠᠷ᠎ᠠ︾᠎ ᠶᠢᠨ ᠠᠵᠢᠯᠯᠠᠭ᠎ᠠ ᠶᠢ ᠡᠬᠢᠯᠡᠬᠦᠯᠪᠡ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠠᠵᠢᠯᠯᠠᠭ᠎ᠠ ᠶᠢᠨ ᠲᠠᠯᠠᠪᠠᠢ ᠳᠤ ᠬᠦᠷᠴᠦ ᠪᠠᠶᠢᠴᠠᠭᠠᠨ ᠰᠤᠳᠤᠯᠵᠦ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠦᠪᠡᠷᠲᠡᠭᠡᠨ ᠵᠠᠰᠠᠬᠤ ᠤᠷᠤᠨ ᠤ ᠪᠠᠶᠢᠩᠭᠤ ᠶᠢᠨ ᠳᠡᠳ᠋ ᠲᠡᠷᠢᠬᠦᠯᠡᠭᠴᠢ ᠮᠠ ᠰᠢᠤᠸᠠᠢ ᠵᠢᠶᠦ᠋ᠨ ᠪᠠᠶᠢᠴᠠᠭᠠᠨ ᠰᠤᠳᠤᠯᠬᠤ ᠳᠤ ᠤᠷᠤᠯᠴᠠᠵᠠᠢ᠃      ᠦᠳᠡ ᠶᠢᠨ ᠡᠮᠦᠨᠡᠬᠢ 9 ᠴᠠᠭ 30 ᠮᠢᠨᠦ᠋ᠲ ᠲᠤ᠂ ᠪᠦ᠋ ᠰᠢᠶᠤᠤ ᠯᠢᠨ ︽ᠬᠢᠨᠡᠨ ᠵᠦᠪᠰᠢᠶᠡᠷᠡᠬᠦ ᠰᠠᠷ᠎ᠠ︾᠎ ᠶᠢᠨ ᠠᠵᠢᠯᠯᠠᠭ᠎ᠠ ᠶᠢᠨ ᠠᠬᠤᠢ ᠲᠠᠯᠠᠪᠠᠢ ᠳᠤ ᠬᠦᠷᠴᠦ᠂ ᠤᠴᠢᠷ ᠶᠠᠪᠤᠳᠠᠯ ᠰᠢᠢᠳᠪᠤᠷᠢᠯᠡᠭᠦᠯᠵᠦ ᠪᠠᠶᠢᠭ᠎ᠠ ᠤᠯᠠᠨ ᠲᠦᠮᠡᠨ ᠠᠴᠠ ᠲᠦᠷᠦᠯ ᠵᠦᠢᠯ ᠢ ᠬᠢᠨᠡᠨ ᠵᠦᠪᠰᠢᠶᠡᠷᠡᠬᠦᠯᠬᠦ ᠶᠠᠪᠤᠴᠠ ᠳᠤᠮᠳᠠ ᠲᠤᠬᠢᠶᠠᠯᠳᠤᠭᠰᠠᠨ ᠭᠤᠤᠯ ᠬᠦᠴᠢᠷᠳᠡᠯ ᠪᠠ ᠠᠰᠠᠭᠤᠳᠠᠯ ᠢ ᠠᠰᠠᠭᠤᠵᠦ᠂ ᠤᠯᠠᠨ ᠢᠶᠠᠷ ᠢᠶᠠᠨ ᠢᠯᠡᠬᠦᠭᠡᠨ ᠰᠠᠨᠠᠯ ᠪᠠ ᠰᠠᠨᠠᠭᠤᠯᠭ᠎ᠠ ᠳᠤᠷᠠᠳᠬᠤ ᠶᠢ ᠬᠦᠰᠡᠪᠡ᠃ ᠲᠡᠷᠡ ᠴᠤᠩᠬᠤᠪᠴᠢ ᠳᠤ ᠠᠵᠢᠯᠯᠠᠵᠦ ᠪᠠᠶᠢᠭ᠎ᠠ ᠠᠵᠢᠯᠳᠠᠳ ᠲᠤ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠠ ᠶᠢᠨ ᠦᠵᠡᠯ ᠰᠠᠨᠠᠭ᠎ᠠ ᠶᠢ ᠪᠤᠢ ᠪᠤᠯᠭᠠᠵᠦ᠂ ᠠᠵᠤ ᠠᠬᠤᠢᠢᠯᠠᠯ᠂ ᠤᠯᠠᠨ ᠲᠦᠮᠡᠨ ᠳᠤ ᠨᠡᠩ ᠰᠢᠯᠢᠳᠡᠭ ᠪᠦᠳᠦᠮᠵᠢᠳᠠᠢ ᠦᠢᠯᠡᠴᠢᠯᠡᠭᠡ ᠬᠠᠩᠭᠠᠬᠤ ᠭᠡᠷᠡᠭᠲᠡᠢ᠃ ︽ᠠᠰᠠᠭᠤᠳᠠᠯ ᠢᠶᠠᠷ ᠤᠳᠤᠷᠢᠳᠤᠮᠵᠢ ᠪᠤᠯᠭᠠᠬᠤ︾᠎ ᠶᠢ ᠪᠠᠷᠢᠮᠳᠠᠯᠠᠵᠦ᠂ ᠬᠠᠤᠯᠢ ᠴᠠᠭᠠᠵᠠ ᠲᠦᠷᠢᠮ ᠲᠤᠭᠳᠠᠭᠠᠯ ᠶᠤᠰᠤᠭᠠᠷ ᠵᠦᠪᠰᠢᠶᠡᠷᠡᠬᠦ ᠴᠢᠬᠤᠯᠠᠳᠠᠢ ᠶᠢ ᠨᠢ ᠪᠦᠬᠦᠨ ᠢ ᠵᠦᠪᠰᠢᠶᠡᠷᠡᠵᠦ᠂ ᠬᠢᠨᠡᠬᠤ ᠶᠤᠰᠤᠳᠠᠢ ᠶᠢ ᠨᠢ ᠪᠦᠬᠦᠨ ᠢ ᠬᠢᠨᠠᠵᠦ᠂ ᠬᠠᠮᠤᠭ ᠤᠨ ᠲᠦᠷᠭᠡᠨ ᠬᠤᠷᠳᠤᠴᠠ᠂ ᠬᠠᠮᠤᠭ ᠤᠨ ᠶᠡᠭᠡ ᠴᠢᠳᠠᠯ ᠢᠶᠠᠷ ᠢᠶᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠠᠬᠢᠭᠤᠯᠬᠤ ᠭᠡᠷᠡᠭᠲᠡᠢ ᠭᠡᠵᠦ ᠰᠠᠨᠠᠭᠤᠯᠪᠠ᠃ ᠪᠦ᠋ ᠰᠢᠶᠤᠤ ᠯᠢᠨ ᠪᠠᠰᠠ ᠪᠦᠬᠦ ᠤᠷᠤᠨ ᠤ ᠨᠢᠭᠡ ᠴᠤᠬᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠪᠦᠳᠦᠭᠡᠨ ᠪᠠᠶᠢᠭᠤᠯᠤᠯᠳᠠ ᠪᠠ ︽ᠥᠪᠦᠷ ᠮᠤᠩᠭᠤᠯ ᠤᠨ ᠲᠦᠷᠭᠡᠨ ᠰᠢᠢᠳᠪᠤᠷᠢᠯᠡᠯᠳᠠ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠯᠵᠢᠶ᠎ᠠ ᠶᠢᠨ ᠴᠢᠳᠠᠮᠵᠢ ᠶᠢᠨ ᠲᠠᠨᠢᠯᠴᠠᠭᠤᠯᠭ᠎ᠠ ᠶᠢ ᠰᠤᠨᠤᠰᠴᠦ᠂ ᠦᠪᠡᠷᠲᠡᠭᠡᠨ ᠵᠠᠰᠠᠬᠤ ᠤᠷᠤᠨ ᠤ ︽ᠢᠨᠲ᠋ᠧᠷ ᠰᠦᠯᠵᠢᠶ᠎ᠠ + ᠵᠠᠰᠠᠭ ᠤᠨ ᠶᠠᠪᠤᠳᠠᠯ ᠤᠨ ᠦᠢᠯᠡᠴᠢᠯᠡᠭᠡ︾᠎ ᠶᠢᠨ ᠠᠵᠢᠯ ᠢ ᠠᠬᠢᠭᠤᠯᠤᠭᠰᠠᠨ ᠪᠠᠶᠢᠳᠠᠯ ᠢ ᠤᠢᠢᠯᠠᠭᠠᠪᠠ᠃      ᠪᠦ᠋ ᠰᠢᠶᠤᠤ ᠯᠢᠨ᠂ ᠡᠯ᠎ᠡ ᠰᠠᠯᠠᠭ᠎ᠠ ᠮᠦᠴᠢᠷ ᠤᠨ ᠬᠢᠨ ᠶᠡᠷᠤᠩᠬᠡᠢ ᠱᠦᠵᠢ ᠰᠢ ᠶᠢᠨ ᠫᠢᠩ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠰᠠᠶᠢᠳᠤᠷ ᠬᠢᠬᠦ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠬᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠥ᠂ ᠦᠬᠡᠷᠡᠴᠢᠯᠡᠯᠳᠡ ᠬᠢᠵᠦ ᠰᠢᠨ᠎ᠠ ᠶᠢ ᠡᠬᠦᠳᠬᠦ ᠠᠷᠭ᠎ᠠ ᠶᠢ ᠢᠯᠡᠬᠦᠬᠡᠨ ᠬᠡᠷᠡᠭᠯᠡᠵᠥ ᠪᠠᠶᠢᠭᠠᠳ ᠬᠢᠨᠠᠨ ᠵᠦᠪᠰᠢᠶᠡᠷᠡᠬᠦ ᠲᠤᠮᠳᠠ ᠤᠷᠤᠰᠢᠵᠥ ᠪᠠᠶᠢᠭ᠎ᠠ ᠲᠦᠭᠵᠢᠷᠡᠮᠡᠯ᠂ ᠬᠦᠴᠢᠷᠳᠡᠯᠳᠡᠢ ᠠᠰᠠᠭᠤᠳᠠᠯ ᠢ ᠰᠢᠢᠳᠪᠤᠷᠢᠯᠡᠵᠥ᠂ ︽ᠲᠦᠷᠪᠡᠨ ᠤᠬᠠᠮᠰᠠᠷ︾᠎ ᠢᠶᠠᠨ ᠴᠢᠩᠭᠠᠷᠠᠭᠤᠯᠬᠤ᠂ ︽ᠲᠦᠷᠪᠡᠨ ᠢᠳᠡᠬᠡᠯ ︾᠎ ᠢᠶᠠᠨ ᠪᠠᠳᠤᠳᠬᠠᠬᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠬᠦᠯᠬᠦ ᠶᠢ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠪᠤᠯᠤᠨ ᠬᠢᠨᠠᠨ ᠵᠦᠪᠰᠢᠶᠡᠷᠡᠬᠦ ᠶᠢ ᠠᠳᠬᠤᠬᠤ᠂ ᠲᠦᠷᠦᠯ ᠵᠦᠢᠯ ᠢ ᠠᠳᠬᠤᠬᠤ᠂ ᠪᠡᠯᠡ ᠤᠷᠤᠭᠤᠯᠤᠯᠳᠠ ᠶᠢ ᠠᠳᠬᠤᠬᠤ ᠶᠢ ᠨᠢᠬᠡᠳᠤᠯᠳᠡᠢ ᠲᠦᠯᠥᠪᠵᠢᠬᠦᠯᠥᠨ ᠰᠠᠶᠢᠳᠤᠷ ᠬᠢᠬᠦ ᠲᠡᠬᠡᠷ᠎ᠡ ᠢᠯᠡᠷᠡᠬᠦᠯᠬᠦ ᠬᠡᠷᠡᠭᠳᠡᠢ᠃ ᠡᠨᠡ ᠤᠳᠠᠭ᠎ᠠ ᠶᠢᠨ ᠠᠵᠢᠯᠯᠠᠭ᠎ᠠ ᠪᠠᠷ ᠠᠵᠠ ᠲᠤᠬᠢᠶᠠᠯ ᠪᠤᠯᠭᠠᠵᠥ᠂ ᠤᠨᠴᠠᠭᠠᠢ ᠴᠠᠭ ᠦᠶ᠎ᠡ ᠳᠤ ᠪᠠᠴᠢᠮ ᠪᠠᠶᠢᠳᠠᠯ ᠢ ᠠᠷᠭᠠᠴᠠᠭᠠᠬᠤ ᠪᠠᠷ ᠦᠷᠨᠢᠬᠦᠯᠥᠭᠰᠡᠡ ᠠᠵᠢᠯ ᠤᠨ ᠠᠷᠭ᠎ᠠ ᠬᠡᠯᠪᠡᠷᠢ ᠶᠢ ᠪᠠᠶᠢᠩᠭᠤᠵᠢᠬᠰᠠᠠ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠵᠠᠭᠪᠤᠷ ᠪᠤᠯᠭᠠᠨ ᠬᠤᠪᠢᠷᠠᠭᠤᠯᠵᠥ᠂ ᠦᠷ᠎ᠡ ᠪᠦᠳᠦᠮᠵᠢ ᠶᠢ ᠮᠦᠷᠳᠡᠨ ᠠᠰᠠᠭᠤᠵᠥ᠂ ᠲᠤᠷᠰᠢᠯᠭ᠎ᠠ ᠪᠠᠨ ᠳ᠋ᠦᠩᠨᠡᠭᠰᠡᠡ ᠰᠠᠭᠤᠷᠢᠨ ᠲᠡᠬᠡᠷ᠎ᠡ᠂ ᠤᠷᠳᠤ ᠬᠤᠭᠤᠴᠠᠭ᠎ᠠ ᠪᠦᠳᠦᠮᠵᠢᠳᠡᠢ ᠠᠵᠢᠯ ᠤᠨ ᠲᠤᠭᠳᠠᠴᠠ ᠶᠢ ᠪᠦᠷᠢᠯᠳᠦᠬᠦᠯᠵᠥ᠂ ᠬᠢᠨᠠᠨ ᠵᠦᠪᠰᠢᠶᠡᠷᠡᠬᠦ ᠪᠦᠳᠦᠮᠵᠢ ᠶᠢ ᠤᠯᠠᠮ ᠴᠢᠨᠠᠬᠰᠢᠳᠠ ᠲᠡᠭᠡᠭᠰᠢᠯᠡᠬᠦᠯᠵᠥ᠂ ᠪᠦᠬᠦ ᠤᠷᠤᠨ ᠤ ᠠᠵᠥ ᠠᠬᠤᠢ ᠶᠢᠨ ᠡᠷᠡᠬᠦᠯ ᠲᠤᠭᠳᠠᠭᠤᠨ ᠠᠵᠢᠯᠯᠠᠭᠠᠨ ᠢ ᠦᠨᠡᠨ ᠬᠦ ᠪᠠᠳᠤᠯᠠᠬᠤ ᠬᠡᠷᠡᠭᠳᠡᠢ ᠬᠡᠵᠥ ᠵᠢᠭᠠᠵᠥ ᠭᠠᠷᠭᠠᠪᠠ᠃      ︽ᠬᠢᠨᠠᠨ ᠵᠦᠪᠰᠢᠶᠡᠷᠡᠬᠦ ᠰᠠᠷ᠎ᠠ︾᠎ ᠶᠢᠨ ᠲᠦᠷᠦᠬᠦᠤ ᠡᠳᠤᠷ ᠲᠤ᠂ ᠦᠪᠡᠷᠳᠡᠭᠡᠨ ᠵᠠᠰᠠᠬᠤ ᠤᠷᠤᠨ ᠤ ᠬᠦᠭᠵᠢᠬᠦᠯᠥᠯᠳᠡ ᠦᠬᠡᠷᠡᠴᠢᠯᠡᠯᠳᠡ᠂ ᠡᠨᠧᠷᠬᠢ ᠵᠡᠷᠬᠡ 11 ᠰᠠᠯᠠᠭ᠎ᠠ ᠮᠦᠴᠢᠷ ᠲᠤᠬᠠᠢ ᠶᠢᠨ ᠲᠠᠯᠠᠪᠠᠢ ᠳᠤ 21 ᠭᠤᠤᠯᠳᠠᠯᠭ᠎ᠠ ᠲᠠᠢ ᠲᠦᠷᠦᠯ ᠵᠦᠢᠯ ᠤᠨ ᠬᠢᠨᠠᠨ ᠵᠦᠪᠰᠢᠶᠡᠷᠡᠬᠦ᠂ ᠭᠠᠵᠠᠷ ᠬᠡᠷᠡᠭᠯᠡᠬᠦ᠂ ᠡᠨᠧᠷᠬᠢ ᠶᠢ ᠦᠨᠡᠯᠡᠬᠦ ᠵᠡᠷᠬᠡ ᠭᠠᠷ ᠬᠦᠢᠴᠡᠳᠬᠡᠯ ᠢ ᠲᠦᠪᠯᠡᠷᠡᠬᠦᠯᠥᠨ ᠬᠢᠵᠥ ᠦᠭᠴᠦ᠂ ᠬᠢᠨᠠᠨ ᠵᠦᠪᠰᠢᠶᠡᠷᠡᠭᠰᠡᠡ ᠪᠢᠴᠢᠭ ᠮᠠᠲ᠋ᠧᠷᠢᠶᠠᠯ ᠭᠠᠷᠭᠠᠵᠥ ᠦᠭᠬᠦᠭᠰᠡᠡ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号