2020 ᠣᠨ ᠤ ᠪᠥᠬᠦ ᠣᠷᠣᠨ ᠤ ᠮᠥᠩᠭᠦᠨ ᠭᠦᠢᠯᠭᠡᠭᠡ ᠶᠢ ᠲᠣᠭᠲᠠᠪᠤᠷᠢᠵᠢᠭᠤᠯᠵᠤ ᠠᠶᠤᠯ ᠲᠦᠭᠰᠢᠭᠦᠷᠢ ᠶᠢ ᠰᠡᠷᠭᠡᠶᠢᠯᠡᠨ ᠬᠥᠭᠵᠢᠯᠲᠡ ᠶᠢ ᠠᠬᠢᠭᠤᠯᠬᠤ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ ᠬᠤᠸᠠᠩ ᡁᠢ ᠴᠢᠶᠠᠩ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2020/3/4
     3 ᠳ᠋ᠤᠭᠠᠷ ᠰᠠᠷ᠎ᠠ ᠶᠢᠨ 3᠎ ᠤ ᠡᠳᠦᠷ᠂ 2020 ᠣᠨ ᠤ ᠪᠥᠬᠦ ᠣᠷᠣᠨ ᠤ ᠮᠥᠩᠭᠦᠨ ᠭᠦᠢᠯᠭᠡᠭᠡ ᠶᠢ ᠲᠣᠭᠲᠠᠪᠤᠷᠢᠵᠢᠭᠤᠯᠵᠤ ᠠᠶᠤᠯ ᠲᠦᠭᠰᠢᠭᠦᠷᠢ ᠶᠢ ᠰᠡᠷᠭᠡᠶᠢᠯᠡᠨ ᠬᠥᠭᠵᠢᠯᠲᠡ ᠶᠢ ᠠᠬᠢᠭᠤᠯᠬᠤ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠶᠠᠷᠢᠶ᠎ᠠ ᠲᠠᠯᠪᠢᠪᠠ᠃      ᠬᠤᠸᠠᠩ ᡁᠢ ᠴᠢᠶᠠᠩ ᠵᠢᠭᠠᠵᠤ ᠭᠠᠷᠭᠠᠭᠰᠠᠨ ᠨᠢ᠂ 2020 ᠣᠨ ᠳᠤ ᠪᠥᠬᠦ ᠣᠷᠣᠨ ᠤ ᠮᠥᠩᠭᠦᠨ ᠭᠦᠢᠯᠭᠡᠭᠡᠨ ᠤ ᠰᠢᠰᠲ᠋ᠧᠮ ᠨᠢ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠪᠥᠬᠦ ᠣᠷᠣᠨ ᠤ ᠮᠥᠩᠭᠦᠨ ᠭᠦᠢᠯᠭᠡᠭᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠰᠡᠷᠭᠦᠭᠡᠬᠦ ᠳᠤ ᠨᠢᠭᠡᠳᠦᠯᠲᠡᠶ ᠲᠥᠯᠥᠪᠯᠡᠨ ᠦᠢᠯᠡᠴᠢᠯᠡᠵᠦ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠳᠡᠮᠵᠢᠵᠦ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠢ ᠪᠠᠲᠤᠯᠠᠨ᠂ ᠵᠢᠵᠢᠭ ᠪᠢᠴᠢᠯ ᠠᠵᠤ ᠠᠬᠤᠶᠢᠯᠠᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠬᠦᠴᠦᠯᠡᠨ ᠰᠠᠶᠢᠵᠢᠷᠠᠭᠤᠯᠬᠤ ᠬᠡᠷᠡᠭᠲᠡᠶ︔ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢ ᠳᠡᠮᠵᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠬᠤᠯᠠ ᠶᠡᠭᠡ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠬᠡᠷᠡᠭᠲᠡᠢ︔ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠲᠦᠭᠰᠢᠭᠦᠷᠢ ᠶᠡᠬᠡᠲᠡᠶ ᠪᠠᠶᠢᠭᠤᠯᠤᠮᠵᠢ ᠶᠢ ᠲᠣᠬᠢᠲᠠᠶ ᠰᠢᠢᠳᠪᠦᠷᠢᠯᠡᠨ᠂ ᠡᠷᠡᠭᠦᠯ ᠪᠤᠰᠤ ᠨᠤᠷᠮ᠎ᠠ ᠶᠢ ᠪᠠᠭᠤᠷᠠᠭᠤᠯᠵᠤ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠡᠮᠬᠢ ᠵᠢᠷᠤᠮ ᠢ ᠰᠠᠶᠢᠲᠤᠷ ᠬᠠᠮᠠᠭᠠᠯᠠᠬᠤ ᠬᠡᠷᠡᠭᠲᠡᠶ︔ ᠮᠥᠩᠭᠦᠨ ᠭᠦᠢᠯᠭᠡᠭᠡᠨ ᠤ ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠠᠯ᠎ᠠ ᠨᠤᠲᠤᠭ ᠤᠨ ᠣᠨᠴᠠᠯᠢᠭᠲᠤ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠪᠣᠶ ᠪᠣᠯᠭᠠᠵᠤ᠂ ᠲᠠᠯ᠎ᠠ ᠨᠤᠲᠤᠭ ᠤᠨ ᠠᠰᠢᠭ ᠲᠤᠰᠠ ᠶᠢ ᠭᠦᠢᠴᠡᠳ ᠪᠠᠳᠠᠷᠠᠭᠤᠯᠵᠤ᠂ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠰᠠᠶᠢᠲᠤᠷ ᠬᠢᠬᠦ ᠬᠡᠷᠡᠭᠲᠡᠶ︔ ᠨᠠᠮ ᠤᠨ ᠮᠥᠩᠭᠦᠨ ᠭᠦᠢᠯᠭᠡᠭᠡᠨ ᠤ ᠠᠵᠢᠯ ᠳᠠᠬᠢ ᠤᠳᠤᠷᠢᠳᠤᠯᠭ᠎ᠠ ᠶᠢ ᠴᠢᠩᠭᠠᠳᠬᠠᠵᠤ᠂ ᠠᠷᠢᠭᠤᠨ ᠴᠢᠬᠡᠴᠢ ᠮᠥᠩᠭᠦᠨ ᠭᠦᠢᠯᠭᠡᠭᠡᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠨ᠂ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠤ ᠡᠩᠨᠡᠭᠡ ᠶᠢ ᠪᠠᠶᠢᠭᠤᠯᠵᠤ᠂ ᠮᠥᠩᠭᠦᠨ ᠭᠦᠢᠯᠭᠡᠭᠡᠨ ᠤ ᠰᠤᠳᠤᠯᠭᠠᠨ ᠪᠠ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠨ᠂ ᠮᠥᠩᠭᠦᠨ ᠭᠦᠢᠯᠭᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠪᠡ᠃      ᠬᠤᠷᠠᠯ ᠠᠴᠠ 2019 ᠣᠨ ᠤ ᠪᠥᠬᠦ ᠣᠷᠣᠨ ᠤ ᠮᠥᠩᠭᠦᠨ ᠭᠦᠢᠯᠭᠡᠭᠡᠨ ᠤ ᠠᠵᠢᠯ ᠤᠨ ᠲᠡᠷᠢᠭᠦᠨ ᠤ ᠬᠠᠮᠲᠤ ᠨᠢᠭᠡᠴᠢ ᠪᠠ ᠲᠡᠷᠢᠭᠦᠨ ᠤ ᠬᠤᠪᠢ ᠬᠥᠮᠦᠨ ᠢ ᠵᠠᠷᠯᠠᠨ ᠮᠡᠳᠡᠭᠳᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号