ᠶᠠᠩ ᠸᠧᠢ ᠳ᠋ᠦᠩ ᠤᠯᠠᠭᠠᠨᠬᠠᠳᠠ ᠬᠤᠳᠠ ᠳᠤ ᠪᠠᠶᠢᠴᠠᠭᠠᠨ ᠰᠤᠳᠤᠯᠤᠯᠳᠡ ᠬᠢᠬᠦ ᠳᠡᠭᠡᠨ ᠨᠢᠬᠡᠳᠤᠯᠳᠡᠢ ᠲᠦᠯᠥᠪᠵᠢᠬᠦᠯᠦᠨ ᠬᠦᠴᠦᠯᠡᠵᠥ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠤᠯᠤᠨ ᠠᠵᠥ ᠠᠬᠤᠢ ᠨᠡᠶᠢᠬᠡᠮ ᠤᠨ ᠬᠦᠭᠵᠢᠯᠳᠡ ᠶᠢ ᠰᠠᠶᠢᠳᠤᠷ ᠠᠳᠬᠤᠬᠤ ᠬᠡᠷᠡᠭᠳᠡᠢ ᠬᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2020/3/5
     3 ᠰᠠᠷ᠎ᠠ ᠶᠢᠨ 2᠎ ᠠᠴᠠ 3᠎ ᠤ ᠡᠳᠤᠷ ᠪᠤᠯᠳᠠᠯ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠪᠠᠶᠢᠩᠭᠤ ᠶᠢᠨ ᠬᠡᠰᠢᠬᠦᠨ᠂ ᠵᠤᠬᠢᠶᠠᠨ ᠪᠠᠶᠢᠭᠤᠯᠬᠤ ᠬᠡᠯᠳᠡᠰ ᠤᠨ ᠲᠠᠷᠤᠭ᠎ᠠ ᠶᠠᠩ ᠸᠧᠢ ᠳ᠋ᠦᠩ ᠤᠯᠠᠭᠠᠨᠬᠠᠳᠠ ᠬᠤᠳᠠ ᠶᠢᠨ ᠤᠩᠨᠢᠭᠤᠳ ᠬᠤᠰᠢᠭᠤ᠂ ᠬᠤᠩᠱᠠᠨ ᠲᠤᠭᠤᠷᠢᠭ᠂ ᠲᠡᠬᠡᠳᠤ ᠰᠢᠨ᠎ᠡ ᠮᠡᠷᠬᠡᠵᠢᠯ ᠤᠨ ᠨᠡᠬᠡᠬᠡᠯᠳᠡ ᠶᠢᠨ ᠲᠤᠭᠤᠷᠢᠭ ᠵᠡᠷᠬᠡ ᠬᠤᠰᠢᠭᠤ ᠰᠢᠶᠠᠨ ᠪᠤᠯᠤᠨ ᠠᠵᠥ ᠠᠬᠤᠢᠢᠯᠠᠯ ᠳᠤ ᠬᠦᠨᠵᠡᠬᠡᠶᠢᠷᠡᠵᠥ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠵᠥ ᠪᠠᠶᠢᠬᠤ ᠪᠠ ᠠᠵᠢᠯ ᠢᠶᠠᠨ ᠰᠡᠷᠬᠦᠬᠡᠵᠥ ᠦᠢᠯᠡᠳᠪᠤᠷᠢᠯᠡᠯ ᠢᠶᠠᠨ ᠰᠡᠷᠬᠦᠬᠡᠵᠥ ᠪᠠᠶᠢᠬᠤ ᠪᠠᠶᠢᠳᠠᠯ ᠳᠤ ᠪᠠᠶᠢᠴᠠᠭᠠᠨ ᠰᠤᠳᠤᠯᠤᠯᠳᠡ ᠬᠢᠵᠥ ᠱᠠᠭᠠᠷᠳᠠᠨ ᠵᠢᠯᠤᠭᠤᠳᠴᠦ᠂ ᠶᠡᠷᠤᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠬᠡᠢ ᠲᠤᠭᠤᠰᠢᠯᠠᠭᠤᠯᠵᠥ᠂ ᠨᠠᠮ ᠤᠨ ᠵᠤᠬᠢᠶᠠᠨ ᠪᠠᠶᠢᠭᠤᠯᠤᠯᠳᠠ ᠪᠤᠯᠤᠨ ᠨᠠᠮ ᠤᠨ ᠬᠡᠰᠢᠬᠦᠨ ᠺᠠᠳ᠋ᠷ ᠤᠨ ᠬᠤᠰᠢᠭᠤᠴᠢ ᠵᠢᠱᠢᠶᠡᠴᠢ ᠦᠢᠯᠡᠳᠦᠯ ᠢ ᠬᠦᠢᠴᠡᠳ ᠪᠠᠳᠠᠷᠠᠭᠤᠯᠵᠥ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠶᠢ ᠰᠢᠨᠵᠢᠯᠡᠬᠦ ᠤᠬᠠᠭᠠᠨᠴᠢ ᠪᠠᠷ ᠤᠨᠤᠴᠠᠳᠠᠢ ᠰᠠᠶᠢᠳᠤᠷ ᠠᠳᠬᠤᠵᠥ᠂ ᠠᠵᠢᠯ ᠢᠶᠠᠨ ᠰᠡᠷᠬᠦᠬᠡᠵᠥ ᠦᠢᠯᠡᠳᠪᠤᠷᠢᠯᠡᠯ ᠢᠶᠠᠨ ᠰᠡᠷᠬᠦᠬᠡᠬᠦ ᠶᠢ ᠲᠦᠷᠦᠯ ᠬᠤᠪᠢᠶᠠᠨ ᠡᠮᠬᠢ ᠵᠢᠷᠤᠮ ᠲᠠᠢ ᠠᠬᠢᠭᠤᠯᠵᠥ᠂ ᠬᠢᠵᠢᠭ ᠤᠨ ᠪᠠᠶᠢᠳᠠᠯ ᠢ ᠬᠤᠷᠢᠬᠯᠠᠬᠤ ᠪᠤᠯᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠬᠤᠤᠰ ᠢᠯᠠᠯᠳᠠ ᠶᠢ ᠴᠢᠷᠮᠡᠶᠢᠨ ᠲᠡᠮᠡᠴᠡᠨ ᠤᠯᠬᠤ ᠬᠡᠷᠡᠭᠳᠡᠢ ᠬᠡᠵᠥ ᠴᠢᠬᠤᠯᠠᠴᠢᠯᠠᠪᠠ᠃      ᠶᠠᠩ ᠸᠧᠢ ᠳ᠋ᠦᠩ᠂ ᠤᠳᠤᠬᠠᠨ ᠳᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠮᠥᠨ ᠵᠠᠩᠬᠢᠯᠠᠭ᠎ᠠ ᠶᠢᠨ ᠱᠠᠳᠤᠨ ᠳᠤ ᠤᠷᠤᠰᠢᠵᠥ ᠪᠠᠶᠢᠨ᠎ᠠ᠂ ᠦᠴᠦᠬᠡᠨ ᠴᠦ ᠰᠤᠯᠠᠷᠠᠭᠤᠯᠵᠥ ᠪᠤᠯᠬᠤ ᠦᠬᠡᠢ᠂ ᠬᠠᠳᠠᠨ ᠵᠤᠷᠢᠭ ᠢᠶᠠᠨ ᠪᠠᠳᠤᠯᠠᠵᠥ᠂ ᠰᠢᠳᠤ ᠵᠠᠭᠤᠨ ᠠᠵᠢᠯᠯᠠᠵᠥ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠪᠤᠳᠠᠳᠠᠢ ᠨᠠᠷᠢᠯᠢᠭ ᠨᠠᠶᠢᠳᠠᠪᠤᠷᠢᠵᠢᠭᠤᠯᠵᠥ᠂ ᠭᠠᠳᠠᠨ᠎ᠠ ᠠᠴᠠ ᠬᠠᠯᠳᠠᠪᠤᠷᠢᠯᠠᠨ ᠤᠷᠤᠵᠥ ᠢᠷᠡᠬᠦ ᠶᠢ ᠰᠡᠷᠬᠡᠶᠢᠯᠡᠵᠥ᠂ ᠲᠤᠳᠤᠷ᠎ᠠ ᠪᠠᠨ ᠲᠡᠷᠬᠠᠨ ᠲᠡᠯᠬᠡᠷᠡᠬᠦ ᠶᠢ ᠰᠡᠷᠬᠡᠶᠢᠯᠡᠵᠥ᠂ ᠦᠷ᠎ᠡ ᠪᠦᠳᠦᠬᠡᠯ ᠢᠶᠠᠨ ᠪᠠᠬᠢᠵᠢᠬᠦᠯᠵᠥ᠂ ᠦᠷ᠎ᠡ ᠪᠦᠳᠦᠬᠡᠯ ᠢᠶᠠᠨ ᠦᠷᠬᠡᠳᠬᠡᠬᠦ ᠬᠡᠷᠡᠭᠳᠡᠢ᠃ ᠪᠦᠬᠦ ᠬᠦᠴᠦ ᠪᠠᠷ ᠢᠶᠠᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠶᠢᠨ ᠵᠡᠷᠬᠡ ᠪᠠᠷ᠂ ᠠᠵᠢᠯ ᠢᠶᠠᠨ ᠰᠡᠷᠬᠦᠬᠡᠵᠥ ᠦᠢᠯᠡᠳᠪᠤᠷᠢᠯᠡᠯ ᠢᠶᠠᠨ ᠰᠡᠷᠬᠦᠬᠡᠬᠦ ᠶᠢ ᠲᠤᠬᠢᠳᠠᠢ ᠡᠮᠬᠢ ᠵᠢᠷᠤᠮ ᠲᠠᠢ ᠠᠬᠢᠭᠤᠯᠵᠥ᠂ ᠠᠵᠥ ᠠᠬᠤᠢ ᠨᠡᠶᠢᠬᠡᠮ ᠤᠨ ᠬᠦᠭᠵᠢᠯᠳᠡ ᠶᠢ ᠨᠢᠬᠡᠳᠤᠯᠳᠡᠢ ᠲᠦᠯᠥᠪᠵᠢᠬᠦᠯᠥᠨ ᠠᠬᠢᠭᠤᠯᠵᠥ᠂ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠬᠦᠴᠦᠯᠡᠨ ᠰᠠᠶᠢᠳᠤᠷ ᠬᠢᠵᠥ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ᠂ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ᠂ ᠠᠷᠠᠳ ᠤᠨ ᠠᠮᠢᠳᠤᠷᠠᠯ ᠤᠨ ᠪᠠᠳᠤᠯᠠᠭ᠎ᠠ ᠪᠤᠯᠤᠨ ᠠᠶᠤᠯᠬᠦᠢ ᠦᠢᠯᠡᠳᠪᠤᠷᠢᠯᠡᠯ ᠵᠡᠷᠬᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠬᠦ ᠬᠡᠷᠡᠭᠳᠡᠢ᠃ ᠲᠡᠮᠡᠴᠡᠯ ᠤᠨ ᠡᠮᠤᠨ᠎ᠡ ᠹᠷᠤᠨᠲ ᠲᠤ ᠺᠠᠳ᠋ᠷ ᠢ ᠢᠯᠭᠠᠨ ᠲᠠᠨᠢᠵᠥ᠂ ᠨᠠᠮ ᠤᠨ ᠬᠡᠰᠢᠬᠦᠨ ᠡᠯᠰᠡᠵᠥ᠂ ᠲᠤᠪᠤᠶᠢᠮ᠎ᠡ ᠢᠯᠡᠷᠡᠯ ᠲᠠᠢ ᠶᠢ ᠨᠢ ᠶᠡᠭᠡ ᠪᠠᠷ ᠱᠠᠩᠨᠠᠵᠥ᠂ ᠵᠤᠷᠢᠬᠳᠠᠢ ᠪᠠᠷ ᠬᠡᠷᠡᠭᠯᠡᠵᠥ᠂ ᠡᠬᠦᠷᠬᠡᠯᠡᠯ ᠵᠢᠳᠬᠦᠯ ᠴᠢᠷᠮᠡᠶᠢᠯᠭ᠎ᠠ ᠭᠠᠷᠭᠠᠭᠰᠠᠠ ᠦᠬᠡᠢ᠂ ᠬᠠᠷᠢᠭᠤᠴᠠᠯᠭ᠎ᠠ ᠪᠠᠨ ᠠᠯᠳᠠᠵᠥ ᠲᠤᠰᠢᠶᠠᠯ ᠢᠶᠠᠨ ᠭᠤᠳᠤᠭᠠᠭᠰᠠᠳ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠳᠡᠢ ᠬᠡᠵᠥ ᠴᠢᠬᠤᠯᠠᠴᠢᠯᠠᠪᠠ᠃      ᠶᠠᠩ ᠸᠧᠢ ᠳ᠋ᠦᠩ᠂ ᠪᠦᠬᠦ ᠤᠯᠤᠰ᠂ ᠪᠦᠬᠦ ᠤᠷᠤᠨ ᠤ ᠵᠤᠬᠢᠶᠠᠨ ᠪᠠᠶᠢᠭᠤᠯᠬᠤ ᠬᠡᠯᠳᠡᠰ ᠤᠨ ᠲᠠᠷᠤᠭ᠎ᠠ ᠨᠠᠷ ᠤᠨ ᠬᠤᠷᠡᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠳᠤᠷ ᠠᠳᠬᠤᠵᠥ᠂ ︽ᠭᠤᠷᠪᠠᠨ ᠵᠢᠯ ᠳᠤ ᠰᠠᠭᠤᠷᠢ ᠲᠠᠯᠪᠢᠵᠥ᠂ ᠲᠠᠪᠤᠨ ᠵᠢᠯ ᠳᠤ ᠲᠡᠷᠢᠬᠦᠨ ᠤ ᠬᠢ ᠶᠢ ᠡᠬᠦᠳᠬᠦ︾᠎ ᠪᠠᠷ ᠬᠠᠷᠠᠯᠳᠡ ᠪᠤᠯᠭᠠᠵᠥ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢᠨ ᠰᠤᠷᠤᠯᠴᠠᠯᠭ᠎ᠠ ᠪᠤᠯᠪᠠᠰᠤᠷᠠᠯ ᠢ ᠦᠷᠬᠦᠯᠵᠢᠯᠡᠨ ᠰᠠᠶᠢᠳᠤᠷ ᠠᠳᠬᠤᠵᠥ᠂ ᠦᠨᠡᠨᠴᠢ ᠰᠢᠳᠤᠷᠭᠤ ᠴᠡᠪᠡᠷ ᠴᠡᠬᠡᠴᠢ ᠡᠬᠦᠷᠬᠡᠯᠡᠯ ᠡᠬᠦᠷᠬᠡᠯᠡᠳᠡᠭ ᠦᠨᠳᠤᠷ ᠬᠡᠪ ᠪᠤᠯᠪᠠᠰᠤᠷᠠᠯ ᠲᠠᠢ ᠺᠠᠳ᠋ᠷ ᠤᠨ ᠡᠩᠨᠡᠭᠡ ᠶᠢ ᠬᠦᠴᠦᠯᠡᠨ ᠪᠠᠶᠢᠭᠤᠯᠵᠥ᠂ ︽ᠲᠠᠪᠤ ᠶᠢ ᠬᠠᠮᠵᠢᠯᠴᠠᠭᠤᠯᠵᠥ︾ ᠦᠨᠳᠦᠰᠦᠨ ᠱᠠᠳᠤ ᠶᠢ ᠶᠡᠭᠡ ᠪᠠᠷ ᠠᠳᠬᠤᠬᠤ ᠶᠢ ᠪᠠᠷᠢᠮᠳᠠᠯᠠᠵᠥ᠂ ︽ᠨᠢᠬᠡ ᠲᠦᠪ ᠤᠯᠠᠨ ᠴᠡᠭ︾᠎ ᠤᠨ ᠴᠢᠳᠠᠪᠤᠷᠢᠳᠡᠨ ᠤ ᠠᠵᠢᠯ ᠤᠨ ᠪᠠᠶᠢᠷᠢᠰᠢᠯ ᠢ ᠪᠠᠶᠢᠭᠤᠯᠵᠥ᠂ ᠨᠠᠮ ᠤᠨ ᠪᠠᠶᠢᠭᠤᠯᠤᠯᠳᠠ ᠪᠠᠷ ᠦᠨᠳᠦᠰᠦᠨ ᠱᠠᠳᠤᠨ ᠤ ᠵᠠᠰᠠᠯᠳᠠ ᠶᠢ ᠬᠦᠳᠦᠯᠥᠨ ᠲᠠᠭᠠᠭᠤᠯᠬᠤ ᠶᠢ ᠯᠠᠪᠳᠠᠭᠤᠨ ᠪᠠᠳᠤᠳᠠᠢ ᠠᠬᠢᠭᠤᠯᠵᠥ᠂ ᠵᠤᠬᠢᠶᠠᠨ ᠪᠠᠶᠢᠭᠤᠯᠬᠤ ᠠᠵᠢᠯ ᠤᠨ ᠴᠢᠨᠠᠷ ᠴᠢᠨᠰᠠᠭ᠎ᠠ ᠦᠷ᠎ᠡ ᠪᠦᠳᠦᠮᠵᠢ ᠶᠢ ᠲᠠᠰᠤᠷᠠᠯᠳᠡ ᠦᠭᠡᠢ ᠲᠡᠬᠡᠭᠰᠢᠯᠡᠬᠦᠯᠬᠦ ᠬᠡᠷᠡᠭᠳᠡᠢ ᠬᠡᠵᠥ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号