︽ᠨᠠᠮ ᠤᠨ ᠬᠡᠰᠢᠭᠦᠨ ᠤ ᠬᠠᠶᠢᠷ᠎ᠠ ᠬᠠᠯᠠᠮᠵᠢ ᠶᠢ ᠬᠤᠷᠠᠮᠳᠤᠭᠤᠯᠵᠦ ᠨᠠᠮ ᠤᠨ ᠰᠦᠢᠳᠬᠡᠯ ᠢᠶᠠᠷ ᠬᠢᠵᠢᠭ ᠲᠠᠢ ᠲᠡᠮᠡᠴᠡᠬᠦ ᠳᠤ ᠬᠦᠴᠦᠨ ᠨᠡᠮᠡᠷᠢᠯᠡᠨ᠎ᠡ︾ ᠰᠦᠭᠡᠷᠬᠦ ᠲᠠᠷᠤᠯᠲᠠᠲᠦ ᠠᠪᠤᠷᠠᠨ ᠲᠤᠰᠠᠯᠠᠬᠤ ᠲᠡᠷᠬᠡ ᠲᠠᠷᠬᠠᠭᠠᠬᠤ ᠶᠤᠰᠤᠯᠠᠯ ᠬᠦᠬᠡᠬᠤᠲᠠ ᠳᠤ ᠶᠠᠪᠤᠬᠲᠠᠪᠠ  ᠶᠠᠩ ᠸᠧᠢ ᠳ᠋ᠦᠩ ᠡᠸᠦ ᠶᠠᠩ ᠰᠢᠶᠤᠤ ᠬᠤᠢ ᠲᠦᠯᠬᠢᠭᠦᠷ ᠭᠠᠷᠳᠠᠭᠤᠯᠵᠠᠢ
ᠨᠡᠶᠢᠲᠡᠯᠡᠭᠰᠡᠨ ᠴᠠᠭ᠄
2020/3/6
     3 ᠰᠠᠷ᠎ᠠ ᠶᠢᠨ 4᠎ ᠤ ᠦᠲᠡ ᠶᠢᠨ ᠡᠮᠦᠨ᠎ᠡ᠂ ᠦᠪᠡᠷᠲᠡᠭᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠲᠡᠰ ᠦᠪᠡᠷᠲᠡᠭᠡᠨ ᠵᠠᠰᠠᠬᠤ ᠤᠷᠤᠨ ᠤ ᠬᠢᠵᠢᠭ ᠤᠨ ᠪᠠᠶᠢᠲᠠᠯ ᠢ ᠰᠡᠷᠬᠡᠶᠢᠯᠡᠨ ᠡᠵᠡᠮᠲᠡᠬᠦ ᠠᠵᠢᠯ ᠤᠨ ᠵᠢᠯᠤᠭᠤᠳᠬᠤ ᠭᠠᠵᠠᠷ ᠲᠠᠢ ᠬᠠᠮᠲᠤᠷᠠᠨ᠂ ᠬᠦᠬᠡᠬᠤᠲᠠ ᠳᠤ ︽ᠨᠠᠮ ᠤᠨ ᠬᠡᠰᠢᠭᠦᠨ ᠤ ᠬᠠᠶᠢᠷ᠎ᠠ ᠬᠠᠯᠠᠮᠵᠢ ᠶᠢ ᠬᠤᠷᠠᠮᠳᠤᠭᠤᠯᠵᠦ ᠨᠠᠮ ᠤᠨ ᠰᠦᠢᠳᠬᠡᠯ ᠢᠶᠠᠷ ᠬᠢᠵᠢᠭ ᠲᠠᠢ ᠲᠡᠮᠡᠴᠡᠬᠦ ᠳᠤ ᠬᠦᠴᠦᠨ ᠨᠡᠮᠡᠷᠢᠯᠡᠨ᠎ᠡ︾ ᠰᠦᠭᠡᠷᠬᠦ ᠲᠠᠷᠤᠯᠲᠠᠲᠦ ᠠᠪᠤᠷᠠᠨ ᠲᠤᠰᠠᠯᠠᠬᠤ ᠲᠡᠷᠬᠡ ᠲᠠᠷᠬᠠᠭᠠᠬᠤ ᠶᠤᠰᠤᠯᠠᠯ ᠶᠠᠪᠤᠬᠲᠠᠭᠤᠯᠪᠠ᠃      ᠦᠪᠡᠷᠲᠡᠭᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠵᠤᠬᠢᠶᠠᠨ ᠪᠠᠶᠢᠭᠤᠯᠬᠤ ᠬᠡᠯᠲᠡᠰ ᠤᠨ ᠲᠠᠷᠤᠭ᠎ᠠ ᠶᠠᠩ ᠸᠧᠢ ᠳ᠋ᠦᠩ ᠪᠤᠯᠤᠨ ᠦᠪᠡᠷᠲᠡᠭᠡᠨ ᠵᠠᠰᠬᠠᠤ ᠤᠷᠤᠨ ᠤ ᠲᠡᠳ᠋ ᠲᠡᠷᠢᠭᠦᠯᠡᠭᠴᠢ ᠡᠸᠦ ᠶᠠᠩ ᠰᠢᠶᠤᠤ ᠬᠤᠢ ᠡᠯ᠎ᠡ ᠠᠶᠢᠮᠠᠬ ᠬᠤᠲᠠ ᠳᠤ ᠲᠦᠯᠬᠢᠬᠦᠷ ᠭᠠᠷᠳᠠᠭᠤᠯᠵᠠᠢ᠃      ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠲᠠᠯ ᠡᠭᠦᠰᠦᠭᠰᠡᠨ ᠤ ᠲᠠᠷᠠᠭ᠎ᠠ᠂ ᠨᠠᠮ ᠤᠨ ᠲᠦᠪ ᠬᠤᠷᠢᠶ᠎ᠠ ᠲᠡᠭᠡᠲᠦ ᠬᠡᠮᠵᠢᠶ᠎ᠡ ᠪᠠᠷ ᠴᠢᠬᠤᠯᠠᠴᠢᠯᠠᠵᠦ᠂ ᠬᠢᠵᠢᠭ ᠤᠨ ᠪᠠᠶᠢᠲᠠᠯ ᠢ ᠰᠡᠷᠬᠡᠶᠢᠯᠡᠨ ᠡᠵᠡᠮᠲᠡᠬᠦ ᠲᠤᠬᠠᠢ ᠲᠦᠪᠯᠡᠷᠡᠩᠬᠦᠢ ᠨᠢᠭᠡᠲᠦᠯᠲᠡᠢ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠪᠠ᠃ ᠶᠡᠷᠦᠩᠬᠡᠢ ᠱᠦᠵᠢ ᠰᠢ ᠶᠢᠨ ᠫᠢᠩ ᠰᠡᠷᠬᠡᠶᠢᠯᠡᠨ ᠡᠵᠡᠮᠲᠡᠬᠦ ᠠᠵᠢᠯ ᠢ ᠪᠡᠶ᠎ᠡ ᠪᠠᠷ ᠢᠶᠠᠨ ᠵᠢᠯᠤᠭᠤᠳᠤᠨ᠂ ᠪᠡᠶ᠎ᠡ ᠪᠠᠷ ᠢᠶᠠᠨ ᠪᠠᠶᠢᠷᠢᠯᠠᠭᠤᠯᠵᠦ᠂ ᠬᠦᠮᠦᠰ ᠎ ᠤᠨ ᠰᠡᠳᠬᠢᠯ ᠢ ᠲᠦᠢᠯ ᠤᠨ ᠶᠡᠭᠡ ᠪᠠᠷ ᠤᠷᠮᠠᠰᠢᠭᠤᠯᠤᠨ ᠵᠤᠷᠢᠬᠵᠢᠭᠤᠯᠵᠦ᠂ ᠲᠡᠮᠡᠴᠡᠯ ᠤᠨ ᠵᠤᠷᠢᠭ ᠢ ᠬᠦᠭᠵᠢᠭᠡᠵᠦ᠂ ᠪᠦᠬᠦ ᠤᠯᠤᠰ ᠢᠶᠠᠷ ᠢᠶᠠᠨ ᠬᠢᠵᠢᠭ ᠤᠨ ᠪᠠᠶᠢᠲᠠᠯ ᠲᠠᠢ ᠬᠠᠮᠲᠦ ᠪᠠᠷ ᠲᠡᠮᠡᠴᠡᠬᠦ ᠬᠦᠴᠦᠷᠭᠡᠭ ᠶᠡᠭᠡ ᠬᠠᠮᠲᠤᠷᠠᠯ ᠤᠨ ᠬᠦᠴᠦᠨ ᠢ ᠨᠢᠭᠲᠠᠷᠠᠭᠤᠯᠪᠠ᠃ ᠪᠦᠬᠦ ᠤᠷᠤᠨ ᠤ ᠦᠷᠭᠡᠨ ᠤᠯᠠᠨ ᠨᠠᠮ ᠤᠨ ᠬᠡᠰᠢᠭᠦᠨ ᠨᠠᠮ ᠤᠨ ᠲᠦᠪ ᠬᠤᠷᠢᠶᠠᠨ ᠎ ᠤ ᠤᠷᠢᠶᠠᠯᠠᠭ᠎ᠠ ᠶᠢ ᠢᠲᠡᠪᠬᠢᠲᠡᠢ ᠲᠠᠭᠠᠵᠦ᠂ ᠦᠪᠡᠷ ᠦᠪᠡᠷ ᠤᠨ ᠠᠵᠢᠯ ᠤᠨ ᠪᠠᠶᠢᠷᠢ ᠲᠡᠭᠡᠷ᠎ᠡ ᠪᠠᠨ ᠤᠬ ᠰᠠᠨᠠᠭ᠎ᠠ ᠪᠠᠨ ᠦᠯᠦ ᠮᠠᠷᠲᠠᠵᠦ᠂ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠵᠦ᠂ ᠰᠠᠶᠢᠨ ᠲᠤᠷ᠎ᠠ ᠠᠴᠠ ᠪᠠᠨ ᠨᠠᠮ ᠎ ᠤᠨ ᠰᠦᠢᠳᠬᠡᠯ ᠲᠤᠰᠢᠶᠠᠵᠦ ᠬᠢᠵᠢᠭ ᠤᠨ ᠪᠠᠶᠢᠲᠠᠯ ᠢ ᠰᠡᠷᠬᠡᠶᠢᠯᠡᠨ ᠡᠵᠡᠮᠲᠡᠬᠦ ᠲᠡᠮᠡᠴᠡᠯ ᠢ ᠲᠡᠮᠵᠢᠵᠦ᠂ ᠬᠢᠵᠢᠭ ᠤᠨ ᠪᠠᠶᠢᠲᠠᠯ ᠢ ᠰᠡᠷᠬᠡᠶᠢᠯᠡᠨ ᠡᠵᠡᠮᠲᠡᠬᠦ ᠠᠷᠠᠳ ᠤᠨ ᠲᠠᠶᠢᠨ᠂ ᠶᠡᠷᠦᠩᠬᠡᠢ ᠲᠠᠶᠢᠯᠠᠯᠳᠤᠭᠠᠨ᠂ ᠬᠤᠷᠢᠬᠯᠠᠯᠲᠠ ᠶᠢᠨ ᠲᠠᠶᠢᠯᠠᠯᠳᠤᠭᠠᠨ ᠳᠤ ᠡᠷᠡᠰ ᠢᠯᠠᠯᠲᠠ ᠤᠯᠬᠤ ᠳᠤ ᠬᠦᠴᠦᠨ ᠴᠢᠲᠠᠯ ᠢᠶᠠᠨ ᠡᠷᠭᠦᠪᠡ᠃ ᠦᠨᠳᠦᠰᠦᠨ ᠱᠠᠲᠤᠨ ᠤ ᠡᠮᠤᠨ᠎ᠠ ᠹᠷᠤᠨᠲ ᠤᠨ ᠬᠢᠵᠢᠭ ᠤᠨ ᠰᠡᠷᠬᠡᠶᠢᠯᠡᠯᠲᠡ ᠶᠢᠨ ᠡᠳ᠋ ᠪᠤᠲᠠᠰ ᠤᠨ ᠬᠡᠷᠡᠭᠴᠡᠭᠡ ᠶᠢ ᠦᠨᠡᠨ ᠬᠦ ᠪᠠᠳᠤᠯᠠᠬᠤ ᠶᠢᠨ ᠲᠦᠯᠦᠭᠡ᠂ ᠦᠪᠡᠷᠲᠡᠭᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠤᠰᠤᠭᠠᠷ᠂ ᠦᠪᠡᠷᠲᠡᠭᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠲᠡᠰ ᠦᠪᠡᠷᠲᠡᠭᠡᠨ ᠵᠠᠰᠬᠠᠤ ᠤᠷᠤᠨ ᠤ ᠬᠢᠵᠢᠭ ᠎ ᠤᠨ ᠪᠠᠶᠢᠲᠠᠯ ᠢ ᠰᠡᠷᠬᠡᠶᠢᠯᠡᠨ ᠡᠵᠡᠮᠲᠡᠬᠦ ᠠᠵᠢᠯ ᠤᠨ ᠵᠢᠯᠤᠭᠤᠳᠬᠤ ᠭᠠᠵᠠᠷ ᠲᠠᠢ ᠬᠠᠮᠲᠤᠷᠠᠨ᠂ 20 ᠰᠦᠭᠡᠷᠬᠦ ᠲᠠᠷᠤᠯᠲᠠᠲᠦ ᠠᠪᠤᠷᠠᠨ ᠲᠤᠰᠠᠯᠠᠬᠤ ᠲᠡᠷᠭᠡ ᠶᠢ ᠨᠢᠭᠡᠲᠦᠯᠲᠡᠢ ᠬᠤᠳᠠᠯᠳᠤᠨ ᠠᠪᠴᠤ᠂ ᠬᠢᠵᠢᠭ ᠤᠨ ᠪᠠᠶᠢᠲᠠᠯ ᠢ ᠰᠡᠷᠬᠡᠶᠢᠯᠡᠨ ᠡᠵᠡᠮᠲᠡᠬᠦ ᠡᠮᠦᠨ᠎ᠡ ᠹᠷᠤᠨᠲ ᠲᠤ ᠬᠡᠷᠡᠭᠯᠡᠬᠦᠯᠬᠦ ᠪᠠᠷ ᠡᠯ᠎ᠡ ᠠᠶᠢᠮᠠᠭ ᠬᠤᠲᠠ ᠳᠤ ᠲᠦᠪᠯᠡᠷᠡᠭᠦᠯᠦᠨ ᠲᠠᠷᠬᠠᠭᠠᠨ ᠦᠭᠴᠡᠢ᠃      ᠦᠪᠡᠷᠲᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ᠂ ᠪᠦᠬᠦ ᠤᠷᠤᠨ ᠤ ᠡᠯ᠎ᠡ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠪᠤᠯᠤᠨ ᠦᠷᠭᠡᠨ ᠤᠯᠠᠨ ᠺᠠᠳ᠋ᠷ ᠤᠯᠠᠨ ᠲᠦᠮᠡᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠤᠢᠢᠯᠠᠭᠠᠵᠦ᠂ ᠡᠷᠡᠰ ᠲᠤᠭᠤᠰᠢᠯᠠᠭᠤᠯᠤᠨ ᠨᠠᠶᠢᠲᠠᠪᠤᠷᠢᠵᠢᠭᠤᠯᠵᠦ᠂ ᠦᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ ᠪᠠᠨ ᠨᠠᠮ ᠤᠨ ᠲᠦᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠲᠡᠭᠡᠷ᠎ᠡ ᠦᠨᠡᠨ ᠬᠦ ᠨᠢᠭᠡᠳᠬᠡᠵᠦ᠂ ᠡᠷᠡᠮᠡᠭᠡᠶᠢᠯᠡᠨ ᠲᠠᠮᠠᠴᠡᠬᠦ ᠡᠷᠴᠢ ᠵᠤᠷᠢᠭ ᠢᠶᠠᠨ ᠬᠦᠪᠴᠢᠯᠡᠵᠤ᠂ ᠪᠠᠶᠢᠯᠳᠤᠬᠤ ᠪᠤᠳᠤᠯᠭ᠎ᠠ ᠶᠢᠨ ᠲᠤᠬᠲᠠᠯ ᠬᠦᠴᠦᠨ ᠢᠶᠠᠨ ᠴᠢᠩᠭᠠᠳᠬᠠᠵᠦ᠂ ᠬᠠᠮᠲᠦ ᠪᠠᠷ ᠴᠦᠭᠦᠷᠡᠰᠢ ᠦᠭᠡᠢ ᠲᠡᠮᠡᠴᠡᠵᠦ᠂ ᠬᠢᠵᠢᠭ ᠤᠨ ᠪᠠᠶᠢᠲᠠᠯ ᠢ ᠰᠡᠷᠬᠡᠶᠢᠯᠡᠨ ᠡᠵᠡᠮᠲᠡᠬᠦ ᠠᠵᠢᠯ ᠢ ᠨᠡᠩ ᠰᠢᠨᠵᠢᠯᠡᠬᠦ ᠤᠬᠠᠭᠠᠨᠴᠢ ᠪᠦᠭᠡᠳ ᠪᠦᠲᠦᠮᠵᠢᠲᠡᠢ ᠠᠬᠢᠭᠤᠯᠬᠤ ᠬᠡᠷᠡᠭᠲᠡᠢ ᠬᠡᠵᠦ ᠤᠷᠢᠶᠠᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号