2016 ᠣᠨ ᠠᠴᠠ ᠣᠲᠣ ᠪᠣᠯᠲᠠᠯ᠎ᠠ᠂ ᠮᠠᠨ ᠤ ᠣᠷᠣᠨ ︽13 · 5︾ ᠶᠢᠨ ᠲᠥᠯᠥᠪᠵᠢᠭᠦᠯᠭᠡ ᠶᠢᠨ | ᠬᠤᠭᠤᠴᠠᠭᠠᠨ ᠳᠠᠬᠢ ᠶᠠᠳᠠᠭᠤ ᠶᠢ ᠲᠡᠳᠬᠦᠬᠦ ᠬᠢᠨᠠᠨ ᠪᠤᠳᠤᠯᠲᠠ ᠳᠤ ᠬᠢᠨᠠᠯᠲᠠ ᠲᠠᠯᠪᠢᠬᠤ ᠶᠢ ᠪᠥᠬᠦ ᠲᠠᠯ᠎ᠠ ᠪᠠᠷ | ᠳᠥᠯᠭᠢᠨ ᠠᠬᠢᠭᠤᠯᠪᠠ᠃ 4 ᠵᠢᠯ ᠤᠨ ᠲᠤᠷᠰᠢ᠂ ᠪᠥᠬᠦ ᠣᠷᠣᠨ ᠤ ᠡᠯ᠎ᠡ ᠱᠠᠲᠤᠨ ᠤ ᠬᠢᠨᠠᠨ ᠪᠤᠳᠤᠬᠤ | ᠪᠠᠶᠢᠭᠤᠯᠭ᠎ᠠ ᠠᠴᠠ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ ᠶᠠᠳᠠᠭᠤ ᠶᠢ ᠲᠡᠳᠬᠦᠬᠦ ᠪᠠᠯᠠ ᠮᠥᠩᠭᠦ ᠳᠤ | ᠭᠤᠷᠪᠠᠳᠡᠬᠢ ᠡᠭᠡᠯᠵᠢ ᠶᠢᠨ ᠬᠢᠨᠠᠨ ᠪᠤᠳᠤᠯᠲᠠ ᠶᠢ ᠪᠦᠷᠢᠨ ᠪᠡᠶᠡᠯᠡᠭᠦᠯᠦᠭᠰᠡᠨ ᠪᠥᠭᠡᠳ 31 ᠬᠤᠰᠢᠭᠤ ᠰᠢᠶᠠᠨ ᠤ | ᠬᠢᠨᠠᠨ ᠪᠤᠳᠤᠯᠲᠠ ᠶᠢᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ᠪᠤᠴᠠᠵᠤ ᠪᠠᠶᠢᠴᠠᠭᠠᠨ ᠮᠥᠷᠳᠡᠨ ᠬᠢᠨᠠᠨ | ᠪᠤᠳᠤᠯᠲᠠ ᠬᠢᠪᠠ᠃ | 4 ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠤᠳᠤᠬᠤ ᠲᠢᠩᠬᠢᠮ ᠲᠣᠰ ᠱᠠᠲᠤᠨ ᠤ ᠪᠠ | ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ ᠬᠢᠨᠠᠨ ᠪᠤᠳᠤᠬᠤ ᠡᠬᠢ ᠪᠠᠶᠠᠯᠢᠭ ᠢ ᠳᠠᠶᠢᠴᠢᠯᠠᠨ᠂ | 1700 ᠭᠠᠷᠤᠶ ᠬᠦᠮᠦᠨ ᠢ ᠲᠡᠳᠡᠨ ᠰᠣᠩᠭᠤᠵᠤ᠂ ᠳᠡᠭᠡᠳᠦ ᠱᠠᠲᠤᠨ ᠤ ᠬᠢᠨᠠᠨ ᠪᠠᠶᠢᠴᠠᠭᠠᠬᠤ ᠬᠡᠯᠪᠡᠷᠢ ᠪᠠᠷ᠂ | 4700 ᠭᠠᠷᠤᠶ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠵᠣᠭᠤᠰ ᠬᠡᠷᠡᠭᠯᠡᠬᠦ ᠨᠢᠭᠡᠴᠢ ᠳᠤ ᠬᠢᠨᠠᠨ | ᠪᠠᠶᠢᠴᠠᠭᠠᠯᠲᠠ ᠬᠢᠵᠦ᠂ ᠶᠠᠳᠠᠭᠤ ᠶᠢ ᠲᠡᠳᠬᠦᠬᠦ ᠲᠥᠷᠥᠯ ᠵᠦᠢᠯ ᠢ 7400 ᠭᠠᠷᠤᠶ ᠬᠢᠨᠠᠨ ᠪᠠᠶᠢᠴᠠᠭᠠᠵᠤ᠂ 1.7 | ᠲᠦᠮᠨ ᠭᠠᠷᠤᠢ ᠡᠷᠦᠬᠡ ᠳᠤ ᠬᠦᠷᠴᠦ ᠪᠠᠶᠢᠴᠠᠭᠠᠯᠲᠠ ᠬᠢᠵᠦ᠂ ᠬᠢᠨᠠᠨ ᠪᠣᠳᠣᠭᠰᠠᠨ ᠪᠠᠯᠠ ᠮᠥᠩᠭᠦ ᠶᠢᠨ ᠶᠡᠷᠦᠩᠬᠡᠶ | ᠬᠡᠮᠵᠢᠶ᠎ᠡ ᠬᠡᠳᠦᠨ ᠵᠠᠭᠤᠨ ᠳ᠋ᠦᠩᠰᠢᠭᠤᠷ ᠲᠥᠭᠦᠷᠢᠭ ᠲᠤ ᠬᠦᠷᠴᠦ᠂ ᠲᠦᠷᠢᠮ ᠲᠣᠭᠲᠠᠭᠠᠯ ᠲᠣᠭᠲᠠᠭᠠᠬᠤ ᠶᠢ | ᠠᠬᠢᠭᠤᠯᠵᠤ᠂ ᠬᠢᠨᠠᠨ ᠪᠣᠳᠣᠯᠲᠠ ᠶᠢᠨ ᠪᠦᠲᠦᠭᠡᠯᠴᠢ ᠴᠢᠨᠠᠷᠲᠠᠶ ᠦᠢᠯᠡᠳᠦᠯ ᠢ ᠪᠠᠳᠠᠷᠠᠭᠤᠯᠪᠠ᠃ 2016 ᠣᠨ ᠠᠴᠠ | ᠨᠠᠭᠠᠰᠢ ᠪᠡᠶᠡᠯᠡᠭᠦᠯᠦᠭᠰᠡᠨ ᠶᠠᠳᠠᠭᠤ ᠶᠢ ᠲᠡᠳᠬᠦᠬᠦ ᠶᠢᠨ ᠬᠢᠨᠠᠨ ᠪᠤᠳᠤᠬᠤ ᠲᠥᠷᠥᠯ ᠵᠦᠢᠯ ᠢ ᠬᠢᠨᠠᠨ ᠪᠤᠳᠤᠬᠤ | ᠲᠢᠩᠬᠢᠮ ᠤᠨ ᠶᠠᠳᠠᠭᠤ ᠶᠢ ᠲᠡᠳᠬᠦᠬᠦ ᠬᠢᠨᠠᠨ ᠪᠤᠳᠤᠬᠤ ᠠᠵᠢᠯ ᠤᠨ ᠤᠳᠤᠷᠢᠳᠬᠤ ᠳᠤᠭᠤᠶᠢᠯᠠᠩ ᠲᠥᠷᠥᠭᠦᠯᠡᠨ᠂ | ᠬᠠᠮᠢᠶ᠎ᠠ ᠪᠥᠬᠦᠶ ᠬᠢᠨᠠᠨ ᠪᠤᠳᠤᠬᠤ ᠳᠤᠭᠤᠶᠢᠯᠠᠩ ᠣᠯᠠᠨ ᠡᠭᠡᠯᠵᠢ ᠣᠯᠠᠨ ᠬᠡᠯᠪᠡᠷᠢ ᠪᠠᠷ ᠰᠢᠮᠳᠠᠭᠤᠯᠵᠤ ᠪᠠᠶᠢᠭᠠᠳ | ᠴᠡᠭᠴᠡᠯᠡᠨ ᠰᠠᠶᠢᠵᠢᠷᠠᠭᠤᠯᠪᠠ᠃ 2016 ᠣᠨ ᠠᠴᠠ 2019 ᠣᠨ ᠤ ᠨᠢᠭᠡᠳᠦᠭᠡᠷ᠂ ᠬᠤᠶᠠᠳᠤᠭᠠᠷ ᠤᠯᠠᠷᠢᠯ ᠤᠨ | ᠬᠢᠨᠠᠨ ᠪᠤᠳᠤᠯᠲᠠ ᠳᠤ ᠢᠯᠡᠷᠡᠭᠦᠯᠦᠭᠰᠡᠨ ᠠᠰᠠᠭᠤᠳᠠᠯ ᠢ ᠣᠳᠣᠬᠠᠨ ᠳᠤ ᠨᠢᠭᠡᠨᠲᠡ ᠴᠡᠭᠴᠡᠯᠡᠨ ᠰᠠᠶᠢᠵᠢᠷᠠᠭᠤᠯᠵᠤ | ᠳᠠᠭᠤᠰᠬᠠᠪᠠ︔ ᠦᠷᠭᠦᠯᠵᠢᠯᠡᠨ ᠴᠡᠭᠴᠡᠯᠡᠨ ᠰᠠᠶᠢᠵᠢᠷᠠᠭᠤᠯᠬᠤ ᠠᠰᠠᠭᠤᠳᠠᠯ ᠢ ᠲᠥᠷᠥᠯ ᠵᠦᠢᠯ ᠢ ᠢᠳᠡᠪᠬᠢᠲᠡᠶ | ᠬᠡᠷᠡᠭᠵᠢᠭᠦᠯᠬᠦ ᠪᠠ ᠨᠥᠬᠦᠪᠥᠷᠢ ᠪᠠᠯᠠ ᠮᠥᠩᠭᠦ ᠶᠢᠨ ᠤᠯᠠᠮ ᠨᠢᠭᠡ ᠠᠯᠬᠤᠮ ᠨᠤᠲᠠᠯᠠᠬᠤ ᠶᠢ ᠳᠠᠭᠠᠯᠳᠤᠭᠤᠯᠤᠨ᠂ | ᠬᠤᠭᠤᠴᠠᠭ᠎ᠠ ᠶᠣᠰᠣᠭᠠᠷ ᠰᠢᠮᠳᠠᠭᠤᠯᠵᠤ ᠪᠠᠶᠢᠭᠠᠳ ᠴᠡᠭᠴᠡᠯᠡᠨ ᠰᠠᠶᠢᠵᠢᠷᠠᠭᠤᠯᠵᠤ ᠳᠠᠭᠤᠰᠬᠠᠬᠤ ᠪᠣᠯᠤᠨ᠎ᠠ᠃ |