ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ | ᠲᠣᠪᠴᠢᠶ᠎ᠠ ᠠᠴᠠ ᠣᠶᠢᠯᠠᠭᠠᠭᠰᠠᠨ ᠢᠶᠠᠷ᠂ 3 ᠳ᠋ᠤᠭᠠᠷ ᠰᠠᠷ᠎ᠠ ᠶᠢᠨ 2 ᠤᠨ ᠡᠳᠦᠷ ᠪᠣᠯᠲᠠᠯ᠎ᠠ᠂ ᠪᠥᠬᠦ ᠣᠷᠣᠨ ᠤ | ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ᠤ ᠦᠨ᠎ᠡ ᠬᠠᠩᠰᠢ ᠶᠢ ᠬᠢᠨᠠᠨ ᠬᠡᠮᠵᠢᠬᠦ ᠳᠤ | ᠣᠷᠣᠭᠤᠯᠤᠭᠰᠠᠨ ᠪᠣᠯᠪᠠᠰᠤᠷᠠᠭᠤᠯᠤᠭᠰᠠᠨ ᠠᠮᠤ ᠪᠤᠳᠠᠭᠠᠨ ᠤ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ | ᠡᠵᠡᠩᠨᠡᠭᠰᠡᠨ ᠨᠣᠷᠮ᠎ᠠ 96% ᠳᠤ ᠬᠦᠷᠴᠡᠶ᠃ ᠡᠯ᠎ᠡ ᠲᠥᠷᠥᠯ ᠤᠨ ᠠᠮᠤ ᠲᠣᠰᠣᠨ ᠤ ᠠᠵᠤ ᠠᠬᠤᠶᠢᠯᠠᠯ ᠤᠨ | ᠦᠢᠯᠡᠳᠪᠦᠷᠢᠯᠡᠯ ᠢᠶᠠᠨ ᠰᠡᠷᠭᠦᠭᠡᠭᠰᠡᠨ ᠶᠠᠪᠤᠳᠠᠯ ᠨᠢ ᠣᠷᠣᠨ ᠤ ᠳᠣᠲᠣᠷᠠᠬᠢ ᠠᠮᠤ ᠲᠣᠰᠣ ᠬᠠᠩᠭᠠᠬᠤ ᠬᠡᠷᠡᠭᠴᠡᠭᠡ ᠶᠢ | ᠪᠠᠲᠤᠯᠠᠭᠰᠠᠨ ᠢᠶᠠᠷ ᠪᠠᠷᠠᠬᠤ ᠦᠭᠡᠢ ᠪᠠᠰᠠ ᠠᠬ᠎ᠠ ᠳᠡᠭᠦᠤ ᠮᠣᠵᠢ ᠬᠤᠲᠠ ᠶᠢᠨ ᠬᠠᠩᠭᠠᠯᠭ᠎ᠠ ᠶᠢ ᠪᠠᠲᠤᠯᠠᠵᠤ ᠦᠨ᠎ᠡ | ᠬᠠᠩᠰᠢ ᠶᠢ ᠲᠣᠭᠲᠠᠪᠤᠷᠢᠵᠢᠭᠤᠯᠬᠤ ᠳᠤ ᠬᠤᠪᠢ ᠨᠡᠮᠡᠷᠢ ᠦᠵᠡᠭᠦᠯᠵᠡᠢ᠃ | ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ ᠨᠢ ᠡᠯ᠎ᠡ | ᠠᠶᠢᠮᠠᠭ ᠬᠤᠲᠠ ᠶᠢ ᠢᠳᠡᠪᠬᠢᠲᠡᠶ ᠪᠠᠷ ᠵᠣᠬᠢᠴᠠᠭᠤᠯᠵᠤ ᠪᠠᠶᠢᠭᠠᠳ ᠠᠮᠤ ᠲᠣᠰᠣᠨ ᠤ ᠠᠵᠤ ᠠᠬᠤᠶᠢᠯᠠᠯ ᠤᠨ ᠲᠥᠷᠥᠯ | ᠬᠤᠪᠢᠶᠠᠨ ᠪᠦᠯᠦᠭ ᠬᠤᠪᠢᠶᠠᠨ ᠡᠮᠬᠢ ᠵᠢᠷᠤᠮ ᠲᠠᠢ ᠪᠠᠷ ᠦᠢᠯᠡᠳᠪᠦᠷᠢᠯᠡᠯ ᠢᠶᠠᠨ ᠰᠡᠷᠭᠦᠭᠡᠬᠦ ᠶᠢ ᠨᠢ ᠳᠡᠮᠵᠢᠨ | ᠠᠬᠢᠭᠤᠯᠵᠤ᠂ ᠪᠥᠬᠦ ᠣᠷᠣᠨ ᠤ ᠠᠵᠢᠯ ᠦᠢᠯᠡᠳᠪᠦᠷᠢᠯᠡᠯ ᠢᠶᠠᠨ ᠰᠡᠷᠭᠦᠭᠡᠭᠰᠡᠨ ᠠᠵᠤ ᠠᠬᠤᠶᠢᠯᠠᠯ ᠤᠨ ᠡᠳᠦᠷ | ᠪᠦᠷᠢ ᠶᠢᠨ ᠭᠤᠯᠢᠷ ᠡᠳ᠋ᠰᠢᠭᠦᠯᠬᠦ ᠴᠢᠳᠠᠪᠤᠷᠢ 2745 ᠲᠣᠨ᠂ ᠡᠳᠦᠷ ᠪᠦᠷᠢ ᠶᠢᠨ ᠲᠤᠲᠤᠷᠭ᠎ᠠ ᠡᠳ᠋ᠰᠢᠭᠦᠯᠬᠦ ᠴᠢᠳᠠᠪᠤᠷᠢ | 1686 ᠲᠣᠨ ᠪᠣᠯᠵᠠᠢ᠃ ᠡᠭᠦᠨ ᠠᠴᠠ ᠭᠠᠳᠠᠨ᠎ᠠ᠂ ᠪᠥᠬᠦ ᠣᠷᠣᠨ ᠳᠤ ᠠᠮᠤ ᠲᠣᠰᠣᠨ ᠤ ᠪᠠᠴᠢᠮ ᠪᠠᠶᠢᠳᠠᠯ ᠢ | ᠠᠷᠭᠠᠴᠠᠭᠠᠬᠤ ᠬᠠᠩᠭᠠᠯᠭ᠎ᠠ ᠶᠢᠨ ᠠᠵᠤ ᠠᠬᠤᠶᠢᠯᠠᠯ 1021 ᠪᠠᠶᠢᠵᠤ᠂ ᠣᠳᠣᠬᠠᠨ ᠳᠤ 851 ᠨᠢ ᠡᠭᠦᠳᠡ ᠪᠠᠨ | ᠨᠡᠭᠡᠭᠡᠨ ᠡᠵᠡᠩᠨᠡᠵᠦ᠂ 83.35% ᠶᠢ ᠡᠵᠡᠯᠡᠪᠡ᠃ ᠣᠳᠣᠬᠠᠨ ᠪᠣᠯᠲᠠᠯ᠎ᠠ᠂ ᠡᠯ᠎ᠡ ᠭᠠᠵᠠᠷ ᠤᠨ ᠪᠠᠴᠢᠮ ᠪᠠᠶᠢᠳᠠᠯ ᠢ | ᠠᠷᠭᠠᠴᠠᠭᠠᠬᠤ ᠠᠵᠤ ᠠᠬᠤᠶᠢᠯᠠᠯ ᠤᠳ 18833.5 ᠲᠣᠨ ᠭᠤᠯᠢᠷ᠂ 3138.6 ᠲᠣᠨ ᠲᠤᠲᠤᠷᠭ᠎ᠠ᠂ | 3896.2 ᠲᠣᠨ ᠤᠷᠭᠤᠮᠠᠯ ᠤᠨ ᠲᠣᠰᠣ ᠦᠢᠯᠡᠳᠪᠦᠷᠢᠯᠡᠪᠡ᠃ |