ᠥᠪᠥᠷ ᠮᠣᠩᠭᠤᠯ ᠤᠨ ᠬᠤᠳᠠᠯᠳᠤᠭᠠᠨ ᠤ ᠶᠠᠪᠤᠳᠠᠯ ᠤᠨ ᠬᠦᠷᠢᠶᠡᠨ ᠤ ᠵᠠᠰᠠᠭ ᠪᠠᠩᠬᠢ ᠠᠵᠤ ᠠᠬᠤᠶᠢᠯᠠᠯ ᠤᠨ ᠵᠤᠯᠭᠠᠯᠴᠠᠭᠠᠨ ᠤ ᠬᠤᠷᠠᠯ ᠳᠡᠭᠡᠷ᠎ᠡ 23 ᠵᠦᠢᠯ ᠤᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ ᠵᠥᠪᠯᠡᠯᠴᠡᠭᠡᠷ ᠤᠨ ᠵᠣᠭᠤᠰ ᠤᠨ ᠲᠤᠭ᠎ᠠ ᠨᠢ 57.27 ᠳ᠋ᠦᠩᠰᠢᠭᠤᠷ ᠲᠥᠭᠦᠷᠢᠭ ᠲᠤ ᠬᠥᠷᠪᠡ
ᠨᠡᠶᠢᠲᠡᠯᠡᠭᠰᠡᠨ ᠴᠠᠭ᠄
2020/4/1
     3 ᠳ᠋ᠤᠭᠠᠷ ᠰᠠᠷ᠎ᠠ ᠶᠢᠨ 31᠎ ᠤ ᠡᠳᠦᠷ᠂ ᠥᠪᠥᠷ ᠮᠣᠩᠭᠤᠯ ᠤᠨ ᠬᠤᠳᠠᠯᠳᠤᠭᠠᠨ ᠤ ᠶᠠᠪᠤᠳᠠᠯ ᠤᠨ ᠬᠦᠷᠢᠶᠡᠨ ᠤ ᠵᠠᠰᠠᠭ ᠪᠠᠩᠬᠢ ᠠᠵᠤ ᠠᠬᠤᠶᠢᠯᠠᠯ ᠤᠨ ᠵᠤᠯᠭᠠᠯᠴᠠᠭᠠᠨ ᠤ ᠬᠤᠷᠠᠯ ᠳᠡᠭᠡᠷ᠎ᠡ᠂ ᠵᠠᠰᠠᠭ ᠪᠠᠩᠬᠢ ᠠᠵᠤ ᠠᠬᠤᠶᠢᠯᠠᠯ 23 ᠵᠦᠢᠯ ᠤᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠵᠥᠪᠯᠡᠯᠴᠡᠭᠡᠷ ᠤᠨ ᠵᠣᠭᠤᠰ ᠤᠨ ᠲᠤᠭ᠎ᠠ ᠨᠢ 57.27 ᠳ᠋ᠦᠩᠰᠢᠭᠤᠷ ᠲᠥᠭᠦᠷᠢᠭ ᠲᠤ ᠬᠥᠷᠪᠡ᠃
     ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠳᠠᠭᠠᠳᠤ ᠠᠷᠠᠯᠵᠢᠶ᠎ᠠ᠂ ᠭᠠᠳᠠᠭᠠᠳᠤ ᠪᠡᠯᠡ᠂ ᠭᠠᠳᠠᠭᠠᠳᠤ ᠠᠵᠤ ᠠᠬᠤᠶ᠂ ᠡᠳ᠋ ᠪᠠᠷᠠᠭᠠᠨ ᠤ ᠭᠦᠢᠯᠭᠡᠭᠡ᠂ ᠠᠷᠠᠯᠵᠢᠶ᠎ᠠ ᠬᠤᠳᠠᠯᠳᠤᠭ᠎ᠠ ᠵᠡᠷᠭᠡ ᠬᠦᠷᠢᠶ᠎ᠡ ᠪᠠᠭᠲᠠᠨ᠎ᠠ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠨᠢ ᠳᠤᠮᠳᠠᠳᠤ ᠤᠯᠤᠰ ᠤᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ᠂ ᠵᠡᠭᠦᠨ ᠬᠤᠶᠢᠲᠤ ᠶᠢᠨ ᠳᠤᠮᠳᠠ ᠵᠢᠵᠢᠭ ᠠᠵᠤ ᠠᠬᠤᠶᠢᠯᠠᠯ ᠤᠨ ᠢᠲᠡᠭᠡᠮᠵᠢ ᠶᠢᠨ ᠳᠠᠬᠢᠨ ᠳᠠᠭᠠᠭᠠᠯᠲᠠ ᠬᠢᠬᠦ ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠯᠤᠭ᠎ᠠ ᠲᠣᠰ ᠲᠣᠰ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠳᠤᠮᠳᠠᠳᠤ ᠤᠯᠤᠰ ᠤᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠬᠢᠭᠡᠳ ᠥᠪᠥᠷ ᠮᠣᠩᠭᠤᠯ ᠤᠨ ᠣᠷᠳᠣᠰ ᠤᠨ ᠨᠣᠣᠯᠣᠭᠤᠷ ᠤᠨ ᠪᠦᠯᠦᠭᠯᠡᠯ᠂ ᠵᠧᠵᠢᠶᠠᠩ ᠤᠨ ᠬᠤᠳᠠᠯᠳᠤᠭᠠᠨ ᠤ ᠪᠠᠩᠬᠢ ᠶᠢᠨ ᠬᠥᠬᠡᠬᠤᠲᠠ ᠶᠢᠨ ᠬᠤᠪᠢᠶᠠᠷᠢ ᠪᠠᠩᠬᠢ ᠬᠢᠭᠡᠳ ᠥᠪᠥᠷ ᠮᠣᠩᠭᠤᠯ ᠤᠨ ᠮᠧᠩ ᠱᠣ᠋ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠰᠢᠩ ᠶᠧ ᠪᠠᠩᠬᠢ ᠶᠢᠨ ᠬᠥᠬᠡᠬᠤᠲᠠ ᠶᠢᠨ ᠬᠤᠪᠢᠶᠠᠷᠢ ᠪᠠᠩᠬᠢ ᠬᠢᠭᠡᠳ ᠥᠪᠥᠷ ᠮᠣᠩᠭᠤᠯ ᠤᠨ ᠸᠧᠢ ᠳ᠋ᠥᠸᠧ ᠯᠢ ᠬᠤᠳᠠᠯᠳᠤᠭᠠᠨ ︵ᠪᠦᠯᠦᠭᠯᠡᠯ︶᠎ ᠤ ᠬᠢᠵᠠᠭᠠᠷᠲᠤ ᠺᠣᠮᠫᠠᠨᠢ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠣᠨ ᠠᠵᠤ ᠠᠬᠤᠶᠢᠯᠠᠯ ᠭᠡᠷ᠎ᠡ ᠲᠣᠭᠲᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号