2020 ᠣᠨ ᠤ ︽ᠤᠯᠤᠰ ᠤᠨ ᠨᠢᠭᠡᠳᠦᠯᠳᠡᠢ ᠰᠢᠯᠭᠠᠯᠲᠠ︾᠎ ᠶᠢ ᠨᠢᠭᠡ ᠰᠠᠷ᠎ᠠ ᠬᠤᠶᠢᠰᠢᠯᠠᠭᠤᠯᠪᠠ
ᠨᠡᠶᠢᠲᠡᠯᠡᠭᠰᠡᠨ ᠴᠠᠭ᠄
2020/4/1
     ᠰᠢᠯᠭᠠᠬᠤ ᠴᠠᠭ᠄ 7 ᠰᠠᠷ᠎ᠠ ᠶᠢᠨ 7᠎ ᠠᠴᠠ 8᠎ ᠤ ᠡᠳᠦᠷ ᠪᠤᠯᠳᠠᠯ᠎ᠠ      3 ᠰᠠᠷ᠎ᠠ ᠶᠢᠨ 31᠎ ᠤ ᠡᠳᠦᠷ᠂ ᠰᠤᠷᠭᠠᠨ ᠬᠥᠮᠦᠵᠢᠯ ᠤᠨ ᠶᠠᠮᠤᠨ ︽2020 ᠣᠨ ᠤ ᠪᠥᠬᠦ ᠤᠯᠤᠰ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠴᠠᠭ ᠤᠨ ᠲᠣᠬᠢᠷᠠᠭᠤᠯᠤᠯᠲᠠ ᠶᠢᠨ ᠲᠤᠬᠠᠶ ᠠᠯᠪᠠᠨ ᠵᠠᠷᠯᠠᠯ︾᠎ ᠢ ᠨᠡᠶᠢᠲᠡᠯᠡᠪᠡ᠃      ᠠᠯᠪᠠᠨ ᠵᠠᠷᠯᠠᠯ ᠳᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠵᠥᠪᠰᠢᠶᠡᠷᠡᠯ ᠢᠶᠠᠷ᠂ 2020 ᠣᠨ ᠤ ᠪᠦᠬᠦ ᠤᠯᠤᠰ ᠤᠨ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠨᠢᠭᠡᠳᠦᠯᠲᠡᠶ ᠰᠢᠯᠭᠠᠯᠲᠠ ︵ᠳᠣᠷᠣᠭᠰᠢ ︽ᠤᠯᠤᠰ ᠤᠨ ᠨᠢᠭᠡᠳᠦᠯᠳᠡᠢ ᠰᠢᠯᠭᠠᠯᠲᠠ︾ ᠭᠡᠵᠦ ᠲᠦᠭᠦᠮᠴᠢᠯᠡᠨ᠎ᠠ︶᠎ ᠶᠢ ᠨᠢᠭᠡ ᠰᠠᠷ᠎ᠠ ᠬᠤᠶᠢᠰᠢᠯᠠᠭᠤᠯᠤᠨ ᠶᠠᠪᠤᠭᠳᠠᠭᠤᠯᠬᠤ ᠪᠠᠷ ᠪᠤᠯᠪᠠ᠂ ᠰᠢᠯᠭᠠᠯᠲᠠ ᠶᠢᠨ ᠴᠠᠭ ᠨᠢ 7 ᠰᠠᠷ᠎ᠠ ᠶᠢᠨ 7᠎ ᠤ ᠡᠳᠦᠷ ᠪᠠ 8᠎ ᠤ ᠡᠳᠦᠷ ᠪᠣᠯᠤᠨ᠎ᠠ᠃      ᠪᠣᠳᠠᠲᠠᠶ ᠬᠢᠴᠢᠶᠡᠯ ᠲᠥᠷᠥᠯ ᠤᠨ ᠰᠢᠯᠭᠠᠯᠲᠠ ᠶᠢᠨ ᠴᠠᠭ ᠤᠨ ᠲᠤᠬᠢᠷᠠᠭᠤᠯᠤᠯᠳᠠ᠄      7 ᠰᠠᠷ᠎ᠠ ᠶᠢᠨ 7᠎ ᠤ ᠡᠳᠦᠷ᠄      ᠬᠡᠯᠡ ᠪᠢᠴᠢᠭ 9᠄ 00 — 11᠄ 30      ᠲᠣᠭᠠᠨ ᠤ ᠤᠬᠠᠭᠠᠨ 15᠄ 00 — 17᠄ 00      7 ᠰᠠᠷ᠎ᠠ ᠶᠢᠨ 8᠎ ᠤ ᠡᠳᠦᠷ᠄      ᠨᠡᠶᠢᠭᠡᠮ ᠤᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ ᠬᠢᠴᠢᠶᠡᠯ ᠲᠦᠷᠦᠯ / ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ ᠬᠢᠴᠢᠶᠡᠯ ᠲᠦᠷᠦᠯ᠄      9᠄ 00 — 11᠄ 30      ᠭᠠᠳᠠᠭᠠᠳᠤ ᠬᠡᠯᠡ 15᠄ 00 — 17᠄ 00      ᠬᠤᠪᠸᠢ ᠮᠤᠵᠢ᠂ ᠪᠡᠭᠡᠵᠢᠩ ᠬᠤᠲᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ ᠢ ᠦᠨᠳᠦᠰᠦᠯᠡᠵᠦ᠂ ᠲᠣᠰ ᠭᠠᠵᠠᠷ ᠣᠷᠣᠨ ᠤ ᠪᠠᠨ ᠤᠯᠤᠰ ᠤᠨ ᠨᠢᠭᠡᠳᠦᠯᠲᠡᠶ ᠰᠢᠯᠭᠠᠯᠲᠠ ᠶᠢᠨ ᠴᠠᠭ ᠢ ᠲᠤᠬᠢᠷᠠᠭᠤᠯᠬᠤ ᠰᠠᠨᠠᠯ ᠢ ᠰᠤᠳᠤᠯᠤᠨ ᠳᠤᠷᠠᠳᠴᠤ ᠰᠤᠷᠭᠠᠨ ᠬᠥᠮᠦᠵᠢᠯ ᠤᠨ ᠶᠠᠮᠤᠨ ᠲᠠᠢ ᠵᠥᠪᠳᠡᠯᠴᠡᠵᠦ ᠵᠥᠪᠰᠢᠶᠡᠷᠡᠭᠦᠯᠦᠭᠰᠡᠨ ᠤ ᠳᠠᠷᠠᠭ᠎ᠠ ᠴᠠᠭ ᠲᠤᠬᠠᠶ ᠳᠤᠨᠢ ᠨᠡᠶᠢᠭᠡᠮ ᠳᠤ ᠨᠡᠶᠢᠳᠡᠯᠡᠨ᠎ᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号