ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠡᠭᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠡᠭᠭᠤ ᠶᠢᠨ ᠬᠤᠷᠢᠶᠠᠨ ᠤ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠲᠦᠷᠦᠬᠦᠤ ᠤᠯᠠᠷᠢᠯ ᠤᠨ ᠠᠵᠤ ᠠᠬᠤᠢ ᠶᠢᠨ ᠪᠠᠶᠢᠳᠠᠯ ᠢ ᠰᠤᠳᠤᠯᠤᠨ ᠵᠠᠳᠠᠯᠪᠠ
ᠨᠡᠶᠢᠲᠡᠯᠡᠭᠰᠡᠨ ᠴᠠᠭ᠄
2020/4/10
     4 ᠰᠠᠷ᠎ᠡ ᠶᠢᠨ 9᠎ ᠤ ᠦᠳᠠ ᠶᠢᠨ ᠡᠮᠤᠨ᠎ᠡ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠬᠠᠤ ᠤᠷᠤᠨ ᠤ ᠵᠠᠰᠠᠭ ᠤᠨ ᠤᠷᠳᠤᠨ ᠤ ᠪᠠᠶᠢᠡᠭᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ 4 ᠰᠠᠷ᠎ᠡ ᠶᠢᠨ 8᠎ ᠤ ᠡᠳᠦᠷ ᠬᠤᠷᠠᠯᠳᠤᠬᠰᠡᠨ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠡᠭᠭᠤ ᠶᠢᠨ ᠬᠤᠷᠢᠶᠠᠨ ᠤ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠵᠤ᠂ ᠲᠦᠷᠦᠬᠦᠤ ᠤᠯᠠᠷᠢᠯ ᠤᠨ ᠠᠵᠤ ᠠᠬᠤᠢ ᠶᠢᠨ ᠪᠠᠶᠢᠳᠠᠯ ᠵᠡᠷᠭᠡ ᠵᠦᠢᠯ ᠢ ᠰᠤᠳᠤᠯᠤᠨ ᠵᠠᠳᠠᠯᠪᠠ᠃      ᠬᠤᠷᠠᠯ ᠠᠴᠠ᠂ ᠡᠨᠡ ᠵᠢᠯ ᠠᠴᠠ ᠨᠠᠭᠠᠰᠢ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠠᠵᠤ ᠠᠬᠤᠢ ᠶᠢᠨ ᠡᠷᠬᠢᠯᠳᠡ ᠳᠤ ᠮᠠᠰᠢ ᠶᠡᠭᠡ ᠲᠠᠭᠠᠷᠢᠯᠳᠠ ᠪᠤᠯᠪᠠ᠂ ᠨᠠᠮ ᠤᠨ ᠲᠦᠪ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ ᠲᠤᠤᠷ᠎ᠡ᠂ ᠪᠦᠬᠦ ᠤᠷᠤᠨ ᠤ ᠠᠷᠠᠳ ᠲᠦᠮᠡᠨ ᠤ ᠬᠠᠮᠳᠤ ᠶᠢᠨ ᠴᠢᠷᠮᠠᠶᠢᠯᠭ᠎ᠠ ᠪᠠᠷ ᠲᠠᠮᠵᠢᠵᠤ᠂ ᠮᠠᠨ ᠤ ᠤᠷᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠨᠲᠤᠰᠢ ᠦᠷᠬᠦᠯᠵᠢᠯᠡᠨ ᠰᠠᠶᠢᠵᠢᠷᠠᠵᠤ᠂ ᠠᠵᠤ ᠠᠬᠤᠢ ᠨᠡᠶᠢᠭᠡᠮ ᠤᠨ ᠡᠮᠬᠢ ᠲᠢᠭᠯᠢᠮ ᠲᠦᠷᠭᠡᠨ ᠰᠡᠷᠬᠦᠪᠡ᠃ ᠡᠯ᠎ᠡ ᠱᠠᠳᠤᠨ ᠤ ᠡᠯ᠎ᠡ ᠬᠤᠯᠪᠤᠬᠳᠠᠯ ᠪᠦᠬᠦᠢ ᠰᠠᠯᠠᠭ᠎ᠠ ᠮᠦᠴᠢᠷ ᠪᠦᠬᠦ ᠲᠠᠯ᠎ᠡ ᠶᠢᠨ᠂ ᠬᠤᠪᠢᠰᠤᠩᠭᠤᠢ᠂ ᠠᠯᠤᠰ ᠭᠡᠳᠤ ᠶᠢᠨ ᠬᠠᠷᠠᠴᠠ ᠪᠠᠷ ᠮᠠᠨ ᠤ ᠤᠷᠤᠨ ᠤ ᠡᠨᠡ ᠵᠢᠯ ᠤᠨ ᠲᠦᠷᠦᠬᠦᠤ ᠤᠯᠠᠷᠢᠯ ᠤᠨ ᠠᠵᠤ ᠠᠬᠤᠢ ᠶᠢᠨ ᠪᠠᠶᠢᠳᠠᠯ ᠢ ᠵᠠᠳᠠᠯᠤᠨ ᠮᠠᠭᠠᠳᠯᠠᠵᠤ᠂ ᠠᠵᠤ ᠠᠬᠤᠢ ᠶᠢᠨ ᠡᠷᠬᠢᠯᠳᠡ ᠶᠢᠨ ᠲᠤᠮᠳᠠᠬᠢ ᠢᠳᠡᠪᠬᠢᠳᠠᠢ ᠰᠠᠶᠢᠵᠢᠷᠠᠬᠤ ᠬᠠᠨᠳᠤᠰᠢ ᠶᠢ ᠤᠯᠵᠤ ᠬᠠᠷᠠᠨ᠂ ᠬᠦᠭᠵᠢᠯᠳᠠ ᠶᠢᠨ ᠢᠳᠡᠭᠡᠯ ᠵᠤᠷᠢᠭ ᠢᠶᠠᠨ ᠤᠯᠠᠮ ᠴᠢᠨᠠᠬᠰᠢᠳᠠ ᠪᠠᠳᠤᠳᠬᠠᠬᠤ ᠬᠡᠷᠡᠭᠲᠡᠢ᠂ ᠡᠬᠦᠨ ᠤ ᠵᠡᠷᠭᠡ ᠪᠠᠷ ᠠᠵᠤ ᠠᠬᠤᠢ ᠶᠢᠨ ᠡᠷᠬᠢᠯᠳᠡ ᠶᠢᠨ ᠲᠤᠮᠳᠠ ᠤᠷᠤᠰᠢᠵᠤ ᠪᠠᠶᠢᠭ᠎ᠠ ᠬᠦᠴᠢᠷᠳᠡᠯ ᠪᠤᠯᠤᠨ ᠠᠰᠠᠭᠤᠳᠠᠯ ᠢ ᠨᠠᠷᠢᠨ ᠬᠢᠨᠠᠮᠠᠭᠠᠢ ᠰᠤᠳᠤᠯᠤᠨ ᠰᠢᠢᠳᠪᠤᠷᠢᠯᠡᠵᠤ᠂ ᠬᠢᠵᠢᠭ ᠤᠨ ᠪᠠᠶᠢᠳᠠᠯ ᠤᠨ ᠠᠵᠤ ᠠᠬᠤᠢ ᠳᠤ ᠦᠵᠡᠬᠦᠯᠦᠭᠰᠡᠨ ᠨᠦᠯᠦᠭᠡ ᠶᠢ ᠦᠨᠠᠨ ᠬᠦ ᠬᠠᠮᠤᠭ ᠤᠨ ᠪᠠᠭ᠎ᠠ ᠬᠡᠮᠵᠢᠶᠠᠨ ᠳᠤ ᠬᠦᠷᠳᠡᠯ᠎ᠡ ᠪᠠᠭᠠᠰᠬᠠᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠬᠠᠷᠠᠯᠳᠠ ᠡᠬᠦᠷᠭᠡ ᠶᠢ ᠬᠦᠴᠦᠯᠡᠨ ᠪᠠᠶᠠᠯᠡᠬᠦᠯᠬᠦ ᠭᠡᠷᠡᠭᠳᠠᠢ᠃ ᠲᠦᠷᠦᠯ ᠵᠦᠢᠯ ᠤᠨ ᠠᠵᠢᠯ ᠢᠶᠠᠨ ᠡᠬᠢᠯᠡᠬᠦᠯᠵᠤ ᠠᠵᠢᠯ ᠢᠶᠠᠨ ᠰᠡᠷᠬᠦᠭᠡᠬᠦ ᠡᠯ᠎ᠡ ᠵᠦᠢᠯ ᠤᠨ ᠨᠦᠬᠦᠴᠡᠯ ᠢ ᠰᠠᠶᠢᠳᠤᠷ ᠨᠠᠶᠢᠳᠠᠪᠤᠷᠢᠵᠢᠭᠤᠯᠵᠤ᠂ ᠴᠢᠬᠤᠯᠠ ᠶᠡᠭᠡ ᠪᠠᠷᠢᠯᠭ᠎ᠠ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠴᠠᠭ ᠮᠦᠴᠡ ᠲᠠᠢ ᠤᠷᠤᠯᠳᠤᠨ ᠠᠬᠢᠭᠤᠯᠬᠤ ᠭᠡᠷᠡᠭᠳᠠᠢ᠃ ︽ᠲᠠᠯᠪᠢᠬᠤ ᠬᠠᠮᠢᠶᠡᠷᠬᠤ ᠦᠢᠯᠡᠴᠢᠯᠡᠬᠦ︾ ᠦᠭᠡᠷᠡᠴᠢᠯᠡᠯᠳᠠ ᠶᠢ ᠦᠷᠬᠦᠯᠵᠢᠯᠡᠨ ᠬᠦᠨᠵᠡᠭᠡᠶᠢᠷᠠᠬᠦᠯᠵᠤ᠂ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠤᠯᠠᠮ ᠴᠢᠨᠠᠬᠰᠢᠳᠠ ᠰᠢᠯᠢᠳᠡᠭᠵᠢᠬᠦᠯᠵᠤ᠂ ᠠᠵᠤ ᠠᠬᠤᠢᠢᠯᠠᠯ ᠤᠨ ᠲᠤᠯᠭᠠᠷᠠᠵᠤ ᠪᠠᠶᠢᠭ᠎ᠠ ᠬᠦᠴᠢᠷᠳᠡᠯ ᠪᠤᠯᠤᠨ ᠠᠰᠠᠭᠤᠳᠠᠯ ᠢ ᠴᠠᠭ ᠲᠤᠬᠠᠢ ᠳᠤᠨᠢ ᠬᠠᠪᠰᠤᠷᠤᠨ ᠰᠢᠢᠳᠪᠤᠷᠢᠯᠡᠵᠤ ᠦᠭᠴᠤ᠂ ᠠᠵᠤ ᠠᠬᠤᠢᠢᠯᠠᠯ ᠪᠤᠯᠤᠨ ᠠᠵᠤ ᠠᠬᠤᠢᠢᠯᠠᠯᠳᠠᠨ ᠤ ᠰᠢᠨ᠎ᠡ ᠶᠢ ᠡᠬᠦᠳᠴᠤ ᠦᠢᠯᠡᠰ ᠪᠤᠰᠬᠠᠬᠤ ᠳᠤ ᠲᠦᠬᠦᠮ ᠦᠵᠡᠬᠦᠯᠬᠦ ᠭᠡᠷᠡᠭᠳᠠᠢ᠃ ᠠᠷᠪᠢᠴᠢ ᠭᠠᠮᠳᠠᠢ ᠠᠮᠢᠳᠤᠷᠠᠬᠤ ᠦᠵᠡᠯ ᠰᠠᠨᠠᠭ᠎ᠠ ᠶᠢ ᠪᠠᠳᠤ ᠪᠤᠢ ᠪᠤᠯᠭᠠᠵᠤ᠂ ᠡᠩ ᠤᠨ ᠴᠢᠨᠠᠷᠳᠠᠢ ᠵᠠᠷᠤᠯᠭ᠎ᠠ ᠶᠢ ᠤᠯᠠᠮ ᠴᠢᠨᠠᠬᠰᠢᠳᠠ ᠪᠠᠭᠠᠰᠬᠠᠵᠤ᠂ ᠵᠢᠯ ᠤᠨ ᠦᠷᠢ ᠦᠭᠴᠡᠭᠡ ᠶᠢ ᠠᠷᠢᠯᠭᠠᠬᠤ ᠬᠠᠷᠠᠯᠳᠠ ᠡᠬᠦᠷᠭᠡ ᠶᠢ ᠪᠠᠶᠠᠯᠡᠬᠦᠯᠬᠦ ᠶᠢ ᠦᠨᠡᠨ ᠬᠦ ᠪᠠᠳᠤᠯᠠᠬᠤ ᠭᠡᠷᠡᠭᠳᠠᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠷᠬᠦᠯᠵᠢᠯᠡᠨ ᠰᠠᠶᠢᠳᠤᠷ ᠠᠳᠬᠤᠵᠤ᠂ ᠪᠠᠶᠢᠡᠭᠭᠤᠵᠢᠬᠰᠡᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠤᠳᠤᠯᠤᠨ ᠨᠠᠶᠢᠳᠠᠪᠤᠷᠢᠵᠢᠭᠤᠯᠵᠤ᠂ ᠠᠵᠢᠯ ᠤᠯᠭᠤᠯᠳᠠ ᠶᠢ ᠲᠤᠬᠳᠠᠭᠤᠨ ᠪᠠᠶᠢᠯᠭᠠᠬᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠪᠤᠯᠤᠨ ᠪᠤᠬᠢᠷᠳᠦᠯ ᠢ ᠰᠡᠷᠭᠡᠶᠢᠯᠡᠨ ᠵᠡᠰᠠᠬᠤ᠂ ᠠᠶᠤᠯᠬᠦᠢ ᠦᠢᠯᠡᠳᠪᠤᠷᠢᠯᠡᠯ ᠪᠤᠯᠤᠨ ᠤᠢ ᠰᠢᠭᠤᠢ ᠨᠤᠳᠤᠭ ᠪᠡᠯᠴᠢᠭᠡᠷ ᠤᠨ ᠲᠦᠢᠮᠠᠷ ᠢ ᠰᠡᠷᠭᠡᠶᠢᠯᠡᠬᠦ ᠵᠡᠷᠭᠡ ᠭᠤᠤᠯᠳᠠᠯᠭ᠎ᠠ ᠲᠠᠢ ᠠᠵᠢᠯ ᠢ ᠰᠠᠶᠢᠳᠤᠷ ᠠᠳᠬᠤᠬᠤ ᠭᠡᠷᠡᠭᠳᠠᠢ ᠭᠡᠵᠤ ᠵᠢᠭᠠᠵᠤ ᠭᠠᠷᠭᠠᠪᠠ᠃      ᠬᠤᠷᠠᠯ ᠠᠴᠠ᠂ ᠮᠠᠨ ᠤ ᠤᠷᠤᠨ ᠨᠠᠶᠢᠳᠠᠮ ᠤᠨ ᠭᠡᠷᠡᠭᠯᠡᠬᠡᠨ ᠤ ᠠᠭᠠᠷ ᠤᠨ ᠠᠶᠠᠯᠠᠯ ᠤᠨ ᠠᠵᠤ ᠦᠢᠯᠡᠰ ᠢ ᠬᠦᠭᠵᠢᠬᠦᠯᠬᠦ ᠢᠷᠠᠭᠡᠳᠦᠢ ᠰᠠᠷᠠᠭᠤᠯ ᠠᠭᠤᠳᠠᠮ ᠪᠠᠶᠢᠭ᠎ᠠ ᠲᠤᠯᠠ᠂ ᠰᠢᠨᠵᠢᠯᠡᠬᠦ ᠤᠬᠠᠭᠠᠨᠴᠢ ᠪᠠᠷ ᠲᠦᠯᠦᠪᠵᠢᠬᠦᠯᠤᠨ ᠪᠠᠶᠢᠷᠢᠰᠢᠭᠤᠯᠵᠤ᠂ ᠪᠦᠳᠦᠭᠡᠨ ᠪᠠᠶᠢᠭᠤᠯᠤᠯᠳᠠ ᠶᠢᠨ ᠠᠬᠢᠴᠠ ᠶᠢ ᠲᠦᠷᠭᠡᠳᠭᠡᠬᠦ ᠭᠡᠷᠡᠭᠳᠠᠢ᠃ ᠠᠷᠠᠳ ᠲᠦᠮᠡᠨ ᠢᠶᠠᠷ ᠭᠤᠤᠯ ᠪᠤᠯᠭᠠᠬᠤ ᠦᠵᠡᠯ ᠰᠠᠨᠠᠭ᠎ᠠ ᠶᠢ ᠬᠤᠳᠠ ᠶᠢᠨ ᠨᠠᠷᠢᠯᠢᠬᠵᠢᠭᠤᠯᠤᠬᠰᠡᠨ ᠬᠠᠮᠢᠶᠡᠷᠤᠯᠳᠠ ᠲᠤᠮᠳᠠ ᠬᠦᠢᠴᠡᠳ ᠢᠯᠡᠷᠡᠬᠦᠯᠵᠤ᠂ ᠬᠤᠳᠠ ᠶᠢᠨ ᠵᠠᠰᠠᠯᠳᠠ ᠶᠢᠨ ᠮᠡᠳᠡᠭᠡ ᠵᠠᠩᠭᠢᠴᠢᠯᠠᠯᠳᠠ᠂ ᠤᠶᠤᠨᠴᠢᠯᠠᠯᠳᠠ ᠶᠢᠨ ᠲᠦᠪᠰᠢᠨ ᠢ ᠦᠨᠡᠨ ᠬᠦ ᠲᠡᠭᠡᠭᠰᠢᠯᠡᠬᠦᠯᠬᠦ ᠭᠡᠷᠡᠭᠳᠠᠢ᠃ ᠠᠰᠠᠭᠤᠳᠠᠯ ᠢᠶᠠᠷ ᠤᠳᠤᠷᠢᠳᠤᠮᠵᠢ ᠪᠤᠯᠭᠠᠵᠤ᠂ ᠬᠦᠴᠢᠷ ᠲᠠᠢ ᠠᠰᠠᠭᠤᠳᠠᠯ ᠳᠤ ᠠᠩᠬᠠᠷᠤᠯ ᠢᠶᠠᠨ ᠲᠦᠪᠯᠡᠷᠡᠬᠦᠯᠬᠦ ᠶᠢ ᠪᠠᠷᠢᠮᠳᠠᠯᠠᠵᠤ᠂ ᠭᠡᠷ ᠭᠠᠵᠠᠷ ᠬᠦᠷᠤᠩᠭᠡ ᠶᠢᠨ ᠦᠯᠡᠳᠡᠭᠳᠡᠯ ᠠᠰᠠᠭᠤᠳᠠᠯ ᠢ ᠵᠤᠬᠢᠰᠳᠠᠢ ᠰᠢᠢᠳᠪᠤᠷᠢᠯᠡᠬᠦ ᠭᠡᠷᠡᠭᠳᠠᠢ ᠭᠡᠵᠤ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃  
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号