ᠲᠤᠮᠳᠠᠳᠤ ᠤᠯᠤᠰ ᠤᠨ ᠦᠪᠤᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠵᠠᠰᠠᠭ ᠤᠨ ᠤᠷᠳᠤᠨ ᠮᠤᠩᠭᠤᠯ ᠤᠯᠤᠰ ᠤᠨ ᠤᠯᠠᠭᠠᠨᠪᠠᠭᠠᠳᠤᠷ ᠬᠤᠳᠠ ᠳᠤ ᠡᠮᠴᠢᠯᠡᠭᠡᠨ ᠤ ᠡᠳ᠋ ᠪᠤᠳᠠᠰ ᠬᠠᠨᠳᠢᠪᠯᠠᠪᠠ    ᠪᠦ᠋ ᠰᠢᠶᠤᠤ ᠯᠢᠨ ᠤᠷᠤᠯᠴᠠᠵᠠᠢ
ᠨᠡᠶᠢᠲᠡᠯᠡᠭᠰᠡᠨ ᠴᠠᠭ᠄
2020/4/13
      4 ᠰᠠᠷ᠎ᠡ ᠶᠢᠨ 10᠎ ᠤ ᠦᠳᠠ ᠶᠢᠨ ᠡᠮᠤᠨ᠎ᠡ᠂ ᠲᠤᠮᠳᠠᠳᠤ ᠤᠯᠤᠰ ᠤᠨ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠮᠤᠩᠭᠤᠯ ᠤᠯᠤᠰ ᠤᠨ ᠤᠯᠠᠭᠠᠨᠪᠠᠭᠠᠳᠤᠷ ᠬᠤᠳᠠ ᠳᠤ ᠡᠮᠴᠢᠯᠡᠭᠡᠨ ᠤ ᠡᠳ᠋ ᠪᠤᠳᠠᠰ ᠬᠠᠨᠳᠢᠪᠯᠡᠬᠤ ᠵᠢᠴᠢ ︽ᠨᠢᠭᠡ ᠪᠦᠰᠡ ᠨᠢᠭᠡ ᠵᠠᠮ · ᠭᠡᠷᠡᠯ ᠭᠡᠭᠡ ᠶᠢᠨ ᠠᠶᠠᠯᠠᠯ︾᠎ ᠤᠨ ᠮᠤᠩᠭᠤᠯ ᠤᠯᠤᠰ ᠲᠠᠬᠢ ᠠᠶᠠᠯᠠᠯ ᠤᠨ ᠬᠠᠨᠳᠢᠪᠯᠡᠬᠤ ᠶᠤᠰᠤᠯᠠᠯ ᠬᠦᠭᠡᠬᠤᠳᠠ ᠳᠤ ᠶᠠᠪᠤᠬᠳᠠᠪᠠ᠃
     ᠬᠠᠨᠳᠢᠪᠯᠡᠬᠤ ᠶᠤᠰᠤᠯᠠᠯ ᠤᠨ ᠠᠬᠤᠢ ᠲᠠᠯᠠᠪᠠᠢ ᠳᠤ᠂ ᠦᠪᠤᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠭᠠᠳᠠᠭᠠᠳᠤ ᠶᠠᠪᠤᠳᠠᠯ ᠤᠨ ᠠᠵᠢᠯ ᠤᠨ ᠠᠯᠪᠡᠨ ᠭᠡᠷ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠬᠢᠨ ᠬᠦᠭᠡᠬᠤᠳᠠ ᠳᠤ ᠰᠠᠭᠤᠭ᠎ᠠ ᠮᠤᠩᠭᠤᠯ ᠤᠯᠤᠰ ᠤᠨ ᠶᠡᠷᠤᠩᠭᠡᠢ ᠺᠤᠨᠰᠦ᠋ᠯ ᠤᠨ ᠭᠠᠵᠠᠷ ᠲᠤ ᠬᠠᠨᠳᠢᠪᠯᠠᠬᠤ ᠡᠳ᠋ ᠪᠤᠳᠠᠰ ᠢᠶᠠᠨ ᠲᠤᠰᠢᠶᠠᠨ ᠦᠭᠪᠡ︔ ᠦᠪᠤᠷ ᠮᠤᠩᠭᠤᠯ ᠤᠨ ᠢ ᠲᠠᠢ ᠪᠦᠯᠦᠭᠯᠡᠯ ᠤᠨ ᠬᠢᠨ ᠦᠪᠤᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ︽ᠭᠡᠷᠡᠯ ᠭᠡᠭᠡ ᠶᠢᠨ ᠠᠶᠠᠯᠠᠯ︾᠎ ᠤᠨ ᠵᠤᠬᠢᠶᠠᠨ ᠪᠠᠶᠢᠭᠤᠯᠬᠤ ᠺᠤᠮᠢᠰ ᠲᠤ 1500 ᠲᠦᠮᠡᠨ ᠲᠦᠬᠦᠷᠢᠭ ᠬᠠᠨᠳᠢᠪᠯᠠᠵᠠᠢ᠂ ᠲᠤᠰ ᠪᠡᠯᠡ ᠮᠦᠩᠬᠦ ᠶᠢ ︽ᠨᠢᠭᠡ ᠪᠦᠰᠡ ᠨᠢᠭᠡ ᠵᠠᠮ · ᠭᠡᠷᠡᠯ ᠭᠡᠭᠡ ᠶᠢᠨ ᠠᠶᠠᠯᠠᠯ︾᠎ ᠤᠨ ᠮᠤᠩᠭᠤᠯ ᠤᠯᠤᠰ ᠲᠠᠬᠢ ᠠᠶᠠᠯᠠᠯ ᠵᠡᠷᠭᠡ ᠬᠦᠮᠦᠯᠢᠭ ᠦᠵᠡᠯ ᠤᠨ ᠠᠪᠤᠷᠠᠨ ᠲᠤᠰᠠᠯᠠᠬᠤ ᠲᠦᠷᠦᠯ ᠵᠦᠢᠯ ᠳᠤ ᠲᠤᠰᠬᠠᠢ ᠭᠡᠷᠡᠭᠯᠡᠨ᠎ᠠ᠃ ᠦᠪᠤᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠲᠡᠷᠢᠬᠦᠯᠡᠭᠴᠢ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠨᠡᠷ᠎ᠡ ᠬᠦᠨᠳᠤᠳᠤ ᠲᠠᠷᠤᠭ᠎ᠠ ᠪᠦ᠋ ᠰᠢᠶᠤᠤ ᠯᠢᠨ ᠠᠵᠢᠯᠯᠠᠭ᠎ᠠ ᠳᠤ ᠤᠷᠤᠯᠴᠠᠬᠰᠡᠨ ᠪᠦᠭᠡᠳ ᠬᠦᠭᠡᠬᠤᠳᠠ ᠳᠤ ᠰᠠᠭᠤᠭ᠎ᠠ ᠮᠤᠩᠭᠤᠯ ᠤᠯᠤᠰ ᠤᠨ ᠶᠡᠷᠤᠩᠭᠡᠢ ᠺᠤᠨᠰᠦ᠋ᠯ ᠤᠨ ᠭᠠᠵᠠᠷ ᠲᠤ ᠰᠦᠭᠡᠷᠬᠦ ᠲᠠᠷᠤᠯᠳᠠᠳᠤ ᠲᠦᠷᠭᠡᠨ ᠠᠪᠤᠷᠠᠯᠳᠠ ᠶᠢᠨ ᠮᠠᠰᠢᠨ ᠲᠡᠷᠭᠡᠨ ᠤ ᠲᠦᠯᠬᠢᠬᠦᠷ ᠢ ᠭᠠᠷᠳᠠᠭᠤᠯᠵᠤ᠂ ᠦᠪᠤᠷ ᠮᠤᠩᠭᠤᠯ ᠤᠨ ᠢ ᠲᠠᠢ ᠪᠦᠯᠦᠭᠯᠡᠯ ᠤᠨ ᠬᠢᠨ ᠳᠤ ᠲᠠᠯᠠᠷᠬᠠᠯ ᠤᠨ ᠪᠢᠴᠢᠭ ᠤᠯᠭᠤᠪᠠ᠃      ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ᠂ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ ᠤᠨ ᠲᠠᠷᠤᠭ᠎ᠠ ᠡᠸᠤ ᠶᠠᠩ ᠰᠢᠶᠤᠤ ᠬᠤᠢ ᠪᠠᠶᠠᠷ ᠤᠨ ᠦᠭᠡ ᠳᠡᠭᠡᠨ᠂ ᠦᠪᠤᠷ ᠮᠤᠩᠭᠤᠯ ᠤᠨ ᠢᠪᠡᠬᠡᠨ ᠲᠤᠰᠠᠯᠠᠬᠰᠠᠨ ᠬᠢᠵᠢᠭ ᠲᠠᠢ ᠲᠡᠮᠡᠴᠡᠬᠦ ᠳᠤ ᠬᠡᠷᠡᠭᠯᠡᠬᠦ ᠡᠳᠡᠬᠡᠷ ᠡᠳ᠋ ᠪᠤᠳᠠᠰ ᠪᠤᠯᠤᠨ ᠬᠦᠮᠦᠯᠢᠭ ᠦᠵᠡᠯ ᠤᠨ ᠲᠦᠷᠤᠯ ᠵᠦᠢᠯ ᠨᠢ ᠬᠤᠶᠠᠷ ᠤᠯᠤᠰ ᠤᠨ ᠠᠷᠠᠳ ᠲᠦᠮᠡᠨ ᠳᠤ ᠡᠷᠡᠬᠦᠯ ᠡᠩᠬᠡ ᠪᠤᠶᠠᠨ ᠵᠢᠷᠭᠠᠯ ᠪᠤᠯᠵᠤ᠂ ︽ᠨᠢᠬᠡ ᠪᠦᠰᠠ ᠨᠢᠬᠡ ᠵᠠᠮ︾᠎ ᠢ ︽ᠬᠦᠭᠵᠢᠯᠳᠠ ᠶᠢᠨ ᠵᠠᠮ︾᠎ ᠯᠤᠭ᠎ᠠ ᠵᠤᠯᠭᠠᠭᠤᠯᠬᠤ᠂ ᠭᠠᠷ ᠬᠤᠯᠪᠤᠯᠴᠠᠨ ᠬᠦᠮᠤᠨ ᠲᠦᠷᠤᠯᠬᠢᠳᠠᠨ ᠤ ᠬᠤᠪᠢ ᠵᠠᠶᠠᠭᠠᠨ ᠤ ᠬᠠᠮᠳᠤ ᠶᠢᠨ ᠴᠤᠬᠴᠠ ᠶᠢ ᠪᠠᠶᠢᠭᠤᠯᠬᠤ ᠳᠤ ᠬᠤᠪᠢ ᠨᠡᠮᠡᠷᠢ ᠦᠵᠡᠬᠦᠯᠬᠦ ᠶᠢ ᠬᠦᠰᠡᠵᠤ ᠪᠠᠶᠢᠨ᠎ᠠ ᠬᠡᠵᠡᠢ᠃ ᠬᠦᠬᠡᠬᠤᠳᠠ ᠳᠤ ᠰᠠᠭᠤᠭ᠎ᠠ ᠮᠤᠩᠭᠤᠯ ᠤᠯᠤᠰ ᠤᠨ ᠶᠠᠷᠤᠩᠬᠡᠢ ᠺᠤᠨᠰᠦ᠋ᠯ ᠪᠠᠳᠤᠬᠤᠶᠠᠬ ᠪᠠᠶᠠᠷ ᠤᠨ ᠦᠭᠡ ᠳᠡᠭᠡᠨ᠂ ᠳᠤᠮᠳᠠᠳᠤ ᠤᠯᠤᠰ ᠤᠨ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠪᠤᠯᠤᠨ ᠦᠨᠳᠦᠰᠦᠳᠡᠨ ᠨᠦᠭᠦᠳ ᠤᠨ ᠠᠷᠠᠳ ᠲᠦᠮᠡᠨ ᠳᠤ ᠴᠢᠩ ᠦᠨᠡᠨᠴᠢ ᠮᠡᠨᠳᠤᠴᠢᠯᠡᠯ ᠬᠦᠷᠭᠡᠵᠦ᠂ ᠦᠵᠡᠬᠦᠯᠵᠤ ᠪᠠᠶᠢᠭ᠎ᠠ ᠬᠠᠯᠠᠭᠤᠨ ᠲᠤᠯᠠᠭᠠᠨ ᠲᠡᠮᠵᠢᠯᠬᠡ ᠳᠤ ᠴᠢᠨᠢ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ ᠬᠡᠵᠤ ᠬᠡᠯᠡᠪᠡ᠃      ᠪᠦ᠋ ᠰᠢᠶᠤᠤ ᠯᠢᠨ᠂ ᠡᠸᠤ ᠶᠠᠩ ᠰᠢᠶᠤᠤ ᠬᠤᠢ᠂ ᠪᠠᠳᠤᠬᠤᠶᠠᠬ ᠨᠠᠷ ᠪᠠᠰᠠ ᠬᠠᠮᠳᠤ ᠪᠠᠷ ᠰᠦᠬᠡᠷᠬᠦ ᠲᠠᠷᠤᠯᠳᠠᠳᠤ ᠲᠦᠷᠬᠡᠨ ᠠᠪᠤᠷᠠᠯᠲᠠ ᠶᠢᠨ ᠮᠠᠰᠢᠨ ᠲᠡᠷᠬᠡ ᠶᠢ ᠰᠤᠨᠢᠷᠬᠠᠨ ᠦᠵᠡᠪᠡ᠃ ᠪᠦ᠋ ᠰᠢᠶᠤᠤ ᠯᠢᠨ᠂ ᠳᠤᠮᠳᠠᠳᠤ ᠮᠤᠩᠭᠤᠯ ᠬᠤᠶᠠᠷ ᠤᠯᠤᠰ ᠪᠤᠯ ᠠᠭᠤᠯᠠ ᠤᠰᠤ ᠪᠠᠷ ᠢᠶᠠᠨ ᠵᠠᠯᠭᠠᠯᠳᠤᠬᠰᠠᠨ ᠨᠦᠬᠦᠷᠰᠡᠭ ᠬᠦᠷᠰᠢ ᠪᠤᠯᠤᠨ᠎ᠠ᠂ ᠬᠤᠶᠠᠷ ᠲᠠᠯ᠎ᠠ ᠶᠢᠨ ᠬᠠᠷᠢᠯᠴᠠᠨ ᠲᠡᠮᠵᠢᠯᠬᠡ᠂ ᠨᠢᠬᠳᠠ ᠬᠠᠮᠵᠢᠯᠴᠠᠭ᠎ᠠ ᠲᠤᠤᠷ᠎ᠠ᠂ ᠬᠤᠶᠠᠷ ᠤᠯᠤᠰ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠯᠠᠪᠳᠠᠢ ᠡᠴᠤᠰ ᠤᠨ ᠢᠯᠠᠯᠳᠠ ᠶᠢ ᠤᠯᠬᠤ ᠶᠢ ᠪᠠᠳᠤ ᠢᠳᠡᠬᠡᠵᠤ ᠪᠠᠶᠢᠨ᠎ᠠ᠂ ᠮᠤᠩᠭᠤᠯ ᠤᠯᠤᠰ ᠤᠨ ᠬᠠᠯᠳᠠᠪᠤᠷᠢᠯᠠᠬᠰᠠᠳ ᠡᠷᠳᠡᠬᠡᠨ ᠡᠷᠡᠬᠦᠯᠵᠢᠬᠦ ᠶᠢ ᠬᠦᠰᠡᠨ ᠵᠦᠩᠨᠡᠵᠦ ᠪᠠᠶᠢᠨ᠎ᠠ ᠬᠡᠵᠤ ᠢᠯᠡᠳᠬᠡᠵᠡᠢ᠃      ᠤᠢᠢᠯᠠᠭᠠᠬᠰᠠᠨ ᠢᠶᠠᠷ ᠡᠳᠤᠬᠡ ᠪᠤᠯᠳᠠᠯ᠎ᠠ᠂ ᠦᠪᠤᠷ ᠮᠤᠩᠭᠤᠯ ᠤᠨ ᠬᠢᠨ ᠮᠤᠩᠭᠤᠯ ᠤᠯᠤᠰ ᠲᠤ ᠶᠠᠷᠤᠩᠬᠡᠢ ᠦᠷᠲᠡᠭ ᠨᠢ ᠠᠷᠠᠳ ᠤᠨ ᠵᠤᠭᠤᠰ ᠢᠶᠠᠷ 226.7035 ᠲᠦᠮᠡᠨ ᠲᠦᠬᠦᠷᠢᠭ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠬᠤᠶᠠᠷ ᠪᠦᠯᠦᠭ ᠡᠮᠴᠢᠯᠡᠬᠡᠨ ᠤ ᠡᠳ᠋ ᠪᠤᠳᠠᠰ ᠬᠠᠨᠳᠢᠪᠯᠠᠵᠤ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号