ᠥᠪᠥᠷ ᠮᠣᠩᠭᠤᠯ ᠬᠢᠴᠢᠶᠡᠯ ᠰᠡᠷᠭᠦᠭᠡᠭᠰᠡᠨ ᠰᠤᠷᠤᠭᠴᠢᠳ ᠲᠤ ᠨᠡᠶᠢᠲᠡ ᠶᠢᠨ ᠮᠠᠰᠢᠨ ᠲᠡᠷᠭᠡᠨ ᠤ ᠲᠤᠰᠬᠠᠶ ᠱᠤᠭᠤᠮ ᠨᠡᠬᠡᠬᠡᠪᠡ
ᠨᠡᠶᠢᠲᠡᠯᠡᠭᠰᠡᠨ ᠴᠠᠭ᠄
2020/4/13
     ᠲᠦᠷᠦᠭᠦᠬᠡᠨ᠂ ᠥᠪᠥᠷ ᠮᠣᠩᠭᠤᠯ ᠤᠨ ᠬᠥᠬᠡᠬᠤᠲᠠ 1᠂ 2᠂ 3 ᠳ᠋ᠤᠭᠠᠷ ᠱᠤᠭᠤᠮ ᠵᠡᠷᠭᠡ 9 ᠵᠤᠷᠪᠤᠰ ᠰᠤᠷᠤᠭᠴᠢᠳ ᠤᠨ ᠰᠤᠷᠭᠠᠭᠤᠯᠢ ᠡᠬᠢᠯᠡᠵᠦ ᠬᠢᠴᠢᠶᠡᠯ ᠰᠡᠷᠭᠦᠭᠡᠬᠦ ᠨᠡᠶᠢᠲᠡ ᠶᠢᠨ ᠮᠠᠰᠢᠨ ᠲᠡᠷᠭᠡᠨ ᠤ ᠲᠤᠰᠬᠠᠶ ᠱᠤᠭᠤᠮ ᠨᠡᠬᠡᠬᠡᠵᠦ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠰᠤᠷᠭᠠᠭᠤᠯᠢ ᠡᠬᠢᠯᠡᠭᠰᠡᠨ ᠤ ᠳᠠᠷᠠᠭᠠᠬᠢ ᠰᠤᠷᠤᠭᠴᠢᠳ ᠲᠤ ᠬᠡᠷ ᠪᠦᠯᠢ ᠪᠣᠯᠤᠨ ᠰᠤᠷᠭᠠᠭᠤᠯᠢ ᠳᠤ ᠢᠷᠡᠵᠦ ᠣᠴᠢᠬᠤ ︽ᠴᠡᠭ ᠠᠴᠠ ᠴᠡᠭ ᠲᠤ ᠬᠦᠷᠬᠦ︾ ᠦᠢᠯᠡᠴᠢᠯᠡᠭᠡ ᠬᠠᠩᠭᠠᠪᠠ᠃ ᠰᠤᠷᠤᠭᠴᠢᠳ ᠤᠨ ᠨᠡᠶᠢᠲᠡ ᠶᠢᠨ ᠵᠠᠮ ᠬᠠᠷᠢᠯᠴᠠᠭᠠᠨ ᠤ ᠲᠤᠰᠬᠠᠶ ᠱᠤᠭᠤᠮ ᠳᠤ ︽ᠤᠳᠠᠭ᠎ᠠ ᠪᠦᠷᠢ ᠴᠡᠪᠡᠷᠯᠡᠬᠦ᠂ ᠤᠳᠠᠭ᠎ᠠ ᠪᠦᠷᠢ ᠠᠷᠢᠭᠤᠳᠬᠠᠬᠤ︾ ᠵᠡᠷᠭᠡ ᠬᠢᠵᠢᠭ ᠰᠡᠷᠭᠡᠶᠢᠯᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠢᠨ ᠬᠠᠮᠲᠤ ᠲᠡᠷᠭᠡ ᠳᠠᠭᠠᠬᠤ ᠠᠮᠤᠷ ᠲᠦᠪᠰᠢᠨ ᠤ ᠬᠠᠮᠠᠭᠠᠯᠠᠭᠴᠢ ᠲᠣᠬᠢᠷᠠᠭᠤᠯᠵᠤ᠂ ᠰᠤᠷᠤᠭᠴᠢᠳ ᠤᠨ ᠮᠡᠳᠡᠭᠡ ᠵᠠᠩᠭᠢ ᠎ ᠶᠢ ᠲᠡᠮᠳᠡᠭᠯᠡᠬᠦ᠂ ᠪᠡᠶ᠎ᠡ ᠶᠢᠨ ᠬᠠᠯᠠᠭᠤᠨ ᠢ ᠨᠢ ᠬᠡᠮᠵᠢᠬᠦ᠂ ᠠᠮᠠᠪᠴᠢ ᠵᠡᠭᠦᠬᠦ ᠶᠢ ᠨᠢ ᠰᠠᠨᠠᠭᠤᠯᠬᠤ᠂ ᠡᠮᠬᠢ ᠵᠢᠷᠤᠮ ᠲᠠᠢ ᠪᠠᠷ ᠲᠡᠷᠭᠡᠨ ᠳᠤ ᠰᠠᠭᠤᠬᠤ ᠶᠢ ᠬᠥᠲᠥᠯᠥᠨ ᠵᠢᠯᠣᠭᠤᠳᠬᠤ ᠵᠡᠷᠭᠡ ᠠᠵᠢᠯ ᠢ ᠬᠠᠷᠢᠭᠤᠴᠠᠵᠤ᠂ ᠰᠤᠷᠤᠭᠴᠢᠳ ᠤᠨ ᠠᠮᠤᠷ ᠲᠦᠪᠰᠢᠨ ᠢᠶᠠᠷ ᠰᠤᠷᠭᠠᠭᠤᠯᠢ ᠳᠤ ᠪᠠᠨ ᠣᠴᠢᠬᠤ ᠪᠠ ᠪᠤᠴᠠᠬᠤ ᠶᠢ ᠪᠠᠲᠤᠯᠠᠵᠦ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号