ᠥᠪᠥᠷ ᠮᠣᠩᠭᠤᠯ ᠰᠦᠯᠵᠢᠶ᠎ᠡ ᠪᠠᠷ ᠠᠵᠢᠯᠲᠠᠨ ᠤᠷᠢᠵᠤ ᠡᠯᠰᠡᠬᠦ ᠵᠠᠭᠪᠤᠷ ᠢ ᠡᠭᠦᠳᠴᠦ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢ ᠠᠬᠢᠭᠤᠯᠵᠤ ᠪᠣᠶ
ᠨᠡᠶᠢᠲᠡᠯᠡᠭᠰᠡᠨ ᠴᠠᠭ᠄
2020/4/14
     4 ᠳ᠋ᠦ᠋ᠭᠡᠷ ᠰᠠᠷ᠎ᠠ ᠶᠢᠨ 10᠎ ᠤ ᠡᠳᠦᠷ ᠬᠤᠷᠠᠯᠳᠤᠭᠤᠯᠤᠭᠰᠠᠨ 2020 ᠣᠨ ᠤ ᠪᠥᠬᠦ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠵᠢᠯ ᠤᠨ ᠰᠦᠯᠵᠢᠶᠡᠨ ᠤ ᠸᠢᠳᠢᠤ᠋ ᠬᠤᠷᠠᠯ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠠᠵᠢᠯᠲᠠᠨ ᠤᠷᠢᠵᠤ ᠡᠯᠰᠡᠬᠦ ᠵᠠᠭᠪᠤᠷ ᠤᠨ ᠰᠢᠨ᠎ᠡ ᠶᠢ ᠡᠭᠦᠳᠬᠦ ᠶᠢ ᠢᠳᠡᠪᠬᠢᠲᠡᠶ ᠠᠬᠢᠭᠤᠯᠵᠤ᠂ ᠰᠤᠷᠭᠠᠭᠤᠯᠢ ᠠᠯᠤᠰᠯᠠᠨ ᠣᠷᠣᠨ ᠪᠦᠰᠡ ᠠᠯᠤᠰᠯᠠᠨ ᠰᠦᠯᠵᠢᠶ᠎ᠡ ᠪᠠᠷ ᠬᠤᠯᠪᠣᠭᠠᠯᠠᠨ ᠠᠵᠢᠯᠲᠠᠨ ᠤᠷᠢᠵᠤ ᠡᠯᠰᠡᠬᠦ ᠲᠤᠰᠬᠠᠶ ᠲᠠᠯᠠᠪᠤᠷ ᠤᠨ ᠠᠵᠢᠯᠯᠠᠭ᠎ᠠ ᠶᠢ ᠥᠷᠨᠢᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠶᠢ ᠶᠡᠬᠡᠪᠡᠷ ᠠᠬᠢᠭᠤᠯᠵᠤ ᠪᠣᠢ᠃      ᠣᠶᠢᠯᠠᠭᠠᠭᠰᠠᠨ ᠢᠶᠠᠷ᠂ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠳᠤ ᠰᠠᠭᠤᠭ᠎ᠠ ᠶᠡᠭᠡ ᠳᠡᠭᠡᠳᠦ ᠰᠤᠷᠭᠠᠭᠤᠯᠢ ᠶᠢᠨ ᠠᠩᠬᠠᠳᠤᠭᠠᠷ ᠬᠤᠭᠤᠴᠠᠭᠠᠨ ᠤ ᠠᠵᠤ ᠠᠬᠤᠶ ᠬᠢᠭᠡᠳ ᠬᠠᠮᠢᠶᠠᠷᠤᠯᠲᠠ ᠶᠢᠨ ᠲᠥᠷᠥᠯ ᠤᠨ ᠴᠢᠳᠠᠪᠤᠷᠢᠲᠠᠨ ᠢ ᠰᠦᠯᠵᠢᠶᠡᠨ ᠳᠡᠭᠡᠷ᠎ᠡ ᠤᠷᠢᠵᠤ ᠡᠯᠰᠡᠬᠦ ᠴᠤᠭᠯᠠᠭᠠᠨ ᠶᠠᠭ ᠶᠠᠪᠤᠭᠳᠠᠵᠤ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠥᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠴᠢᠳᠠᠪᠤᠷᠢᠲᠠᠨ ᠤ ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠶᠢ ᠡᠮᠬᠢᠯᠡᠨ ᠬᠤᠷᠢᠶᠠᠩᠭᠤᠶᠢᠯᠠᠭᠠᠳ ᠥᠪᠡᠷᠲᠡᠭᠡᠨ ᠵᠠᠰᠠᠬᠤ ᠣᠷᠣᠨ ᠤ 2020 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠰᠦᠯᠵᠢᠶ᠎ᠡ ᠪᠠᠷ ᠠᠵᠢᠯᠲᠠᠨ ᠤᠷᠢᠵᠤ ᠡᠯᠰᠡᠬᠦ ᠰᠠᠷ᠎ᠠ ᠶᠢᠨ ᠠᠵᠢᠯᠯᠠᠭ᠎ᠠ ᠶᠢ ᠡᠬᠢᠯᠡᠭᠦᠯᠬᠦ ᠶᠢᠨ ᠬᠠᠮᠲᠤ᠂ ᠣᠷᠣᠨ ᠬᠤᠲᠠ ᠬᠤᠯᠪᠣᠭᠠᠯᠠᠨ ᠬᠥᠳᠡᠯᠦᠯᠴᠡᠬᠦ ᠠᠷᠭ᠎ᠠ ᠮᠠᠶ᠋ᠢᠭ ᠢᠶᠠᠷ ᠬᠥᠬᠡᠬᠤᠲᠠ᠂ ᠤᠯᠠᠭᠠᠨᠴᠠᠪ ᠬᠤᠲᠠ ᠯᠤᠭ᠎ᠠ ᠲᠤᠬᠠᠶ ᠶᠢᠨ ᠭᠠᠵᠠᠷ ᠤᠨ ᠡᠯ᠎ᠡ ᠠᠵᠢᠯ ᠲᠥᠷᠥᠯ ᠳᠤ ᠬᠠᠨᠳᠤᠭᠤᠯᠤᠭᠰᠠᠨ ᠲᠤᠰᠬᠠᠶ ᠲᠠᠯᠠᠪᠤᠷ ᠢᠶᠠᠷ ᠠᠵᠢᠯᠲᠠᠨ ᠤᠷᠢᠵᠤ ᠡᠯᠰᠡᠬᠦ ᠴᠤᠭᠯᠠᠭᠠᠨ ᠢ ᠡᠷᠭᠢᠯᠡᠵᠦ᠂ ᠰᠦᠯᠵᠢᠶ᠎ᠡ ᠪᠠᠷ ᠠᠵᠢᠯᠲᠠᠨ ᠤᠷᠢᠵᠤ ᠡᠯᠰᠡᠬᠦ ᠶᠢᠨ ᠬᠠᠨᠳᠤᠯᠭᠠᠲᠤ ᠴᠢᠨᠠᠷ᠂ ᠪᠣᠳᠠᠲᠤ ᠦᠷ᠎ᠡ ᠪᠦᠳᠦᠮᠵᠢᠳᠤ ᠴᠢᠨᠠᠷ ᠢ ᠳᠡᠭᠡᠭᠰᠢᠯᠡᠭᠦᠯᠬᠦ ᠪᠠᠷ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠠᠴᠠ ᠡᠯ᠎ᠡ ᠶᠡᠭᠡ ᠳᠡᠭᠡᠳᠦ ᠰᠤᠷᠭᠠᠭᠤᠯᠢ ᠨᠤᠭᠤᠳ ᠡᠬᠢ ᠪᠠᠶᠠᠯᠢᠭ ᠢᠶᠠᠨ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠤᠷᠢᠵᠤ ᠡᠯᠰᠡᠬᠦ ᠬᠡᠯᠪᠡᠷᠢ ᠶᠢ ᠰᠢᠨᠡᠴᠢᠯᠡᠨ᠂ ᠠᠳᠠᠯᠢ ᠠᠵᠢᠯ ᠲᠥᠷᠥᠯ᠂ ᠠᠳᠠᠯᠢ ᠣᠷᠣᠨ ᠪᠦᠰᠡ ᠶᠢᠨ ᠶᠡᠭᠡ ᠳᠡᠭᠡᠳᠦ ᠰᠤᠷᠭᠠᠭᠤᠯᠢ ᠨᠤᠭᠤᠳ ᠠᠵᠢᠯ ᠣᠯᠭᠤᠬᠤ ᠬᠠᠮᠵᠢᠯᠴᠠᠬᠤ ᠴᠣᠭᠴᠠ ᠪᠤᠶᠤ ᠠᠵᠢᠯ ᠣᠯᠭᠤᠬᠤ ᠬᠤᠯᠪᠣᠭ᠎ᠠ ᠪᠠᠶᠢᠭᠤᠯᠬᠤ ᠪᠠᠷ ᠳᠠᠮᠵᠢᠭᠤᠯᠤᠨ ᠰᠦᠯᠵᠢᠶᠡᠨ ᠳᠡᠭᠡᠷ᠎ᠡ ᠠᠵᠢᠯᠲᠠᠨ ᠤᠷᠢᠵᠤ ᠡᠯᠰᠡᠬᠦ ᠠᠵᠢᠯᠯᠠᠭ᠎ᠠ ᠶᠢ ᠬᠠᠮᠲᠤᠷᠠᠨ ᠥᠷᠨᠢᠭᠦᠯᠵᠦ᠂ ᠰᠦᠯᠵᠢᠶᠡᠨ ᠳᠡᠭᠡᠷ᠎ᠡ ᠠᠵᠢᠯᠲᠠᠨ ᠤᠷᠢᠵᠤ ᠡᠯᠰᠡᠬᠦ ᠭᠡᠷ᠎ᠡ ᠲᠣᠭᠲᠠᠬᠤ ᠨᠣᠷᠮ᠎ᠠ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃      ᠣᠶᠢᠯᠠᠭᠠᠭᠰᠠᠨ ᠢᠶᠠᠷ᠂ ᠡᠨᠡ ᠵᠢᠯ ᠥᠪᠥᠷ ᠮᠣᠩᠭᠤᠯ ᠤᠨ ᠲᠣᠰ ᠬᠤᠭᠤᠴᠠᠭᠠᠨ ᠤ ᠡᠩ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠪᠥᠬᠦ ᠲᠤᠭ᠎ᠠ 13.4 ᠲᠦᠮᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 5% ᠨᠡᠮᠡᠭᠳᠡᠪᠡ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠠᠴᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠵᠢᠯ ᠳᠤ ᠦᠵᠡᠭᠦᠯᠦᠭᠰᠡᠨ ᠨᠥᠯᠥᠭᠡᠯᠡᠯ ᠳᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ ᠥᠪᠥᠷ ᠮᠣᠩᠭᠤᠯ ᠤᠨ ᠤᠶᠤᠲᠠᠳ ᠤᠨ ᠣᠶᠤᠨᠴᠢ ᠪᠠᠷ ᠠᠵᠢᠯ ᠣᠯᠵᠤ ᠦᠢᠯᠡᠰ ᠴᠣᠭᠴᠠᠯᠠᠬᠤ ᠦᠢᠯᠡᠴᠢᠯᠡᠭᠡᠨ ᠤ ᠲᠠᠪᠴᠠᠩ ᠳᠤ ᠲᠥᠰᠢᠭᠯᠡᠨ᠂ ᠰᠤᠷᠭᠠᠨ ᠬᠥᠮᠦᠵᠢᠯ ᠤᠨ ᠶᠠᠮᠤᠨ ᠤ 24315 ᠦᠢᠯᠡᠴᠢᠯᠡᠭᠡᠨ ᠤ ᠲᠠᠪᠴᠠᠩ ᠯᠤᠭ᠎ᠠ ᠲᠦᠢᠯ ᠤᠨ ᠣᠨᠣᠪᠴᠢᠲᠠᠶ ᠪᠠᠷ ᠵᠣᠯᠭᠠᠭᠤᠯᠵᠤ᠂ ᠡᠭᠦᠯᠡᠨ ᠦᠵᠦᠭᠦᠷ ᠤᠨ ᠦᠢᠯᠡᠴᠢᠯᠡᠭᠡ ᠶᠢ ᠴᠢᠩᠭᠠᠷᠠᠭᠤᠯᠤᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠲᠣᠭᠲᠠᠭᠤᠨ ᠢᠶᠠᠷ ᠠᠵᠢᠯ ᠣᠯᠭᠤᠬᠤ ᠪᠠ ᠠᠬᠢᠭᠤᠯᠬᠤ ᠶᠢ ᠦᠨᠡᠨ ᠬᠦ ᠪᠠᠲᠤᠯᠠᠪᠠ᠃ ᠣᠳᠣᠬᠠᠨ ᠳᠤ᠂ ᠪᠥᠬᠦ ᠣᠷᠣᠨ ᠤ 2020 ᠣᠨ ᠳᠤ ᠲᠡᠭᠦᠰᠬᠦ ᠰᠤᠷᠤᠭᠴᠢᠳ ᠤᠨ 27253 ᠬᠥᠮᠦᠨ ᠨᠢ ᠨᠢᠭᠡᠨᠲᠡ ᠭᠡᠷ᠎ᠡ ᠲᠣᠭᠲᠠᠵᠤ᠂ ᠭᠡᠷ᠎ᠡ ᠲᠣᠭᠲᠠᠭᠰᠠᠨ ᠨᠣᠷᠮ᠎ᠠ 2 ᠳ᠋ᠤᠭᠠᠷ ᠰᠠᠷ᠎ᠠ ᠶᠢᠨ ᠳᠤᠮᠳᠠᠴᠢ ᠪᠠᠷ 11.35% ᠪᠠᠶᠢᠭᠰᠠᠨ ᠠᠴᠠ ᠪᠠᠨ 20.34% ᠪᠣᠯᠣᠨ ᠨᠡᠮᠡᠭᠳᠡᠪᠡ᠃      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ᠂ ᠲᠠᠷᠠᠭᠠᠴᠢ ᠶᠢᠨ ᠠᠯᠬᠤᠮ ᠳᠤ᠂ ᠪᠥᠬᠦ ᠣᠷᠣᠨ ᠤ ᠡᠯ᠎ᠡ ᠶᠡᠭᠡ ᠳᠡᠭᠡᠳᠦ ᠰᠤᠷᠭᠠᠭᠤᠯᠢ ᠨᠤᠭᠤᠳ ᠠᠷᠭ᠎ᠠ ᠵᠠᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠦᠨᠳᠦᠰᠦᠨ ᠱᠠᠲᠤᠨ ᠤ ᠠᠵᠢᠯ ᠣᠯᠭᠤᠯᠲᠠ ᠶᠢᠨ ᠲᠥᠷᠥᠯ ᠵᠦᠢᠯ ᠢ ᠵᠣᠬᠢᠶᠠᠨ ᠪᠠᠶᠢᠭᠤᠯᠤᠨ ᠠᠬᠢᠭᠤᠯᠬᠤ ᠠᠵᠢᠯ ᠢ ᠰᠠᠶᠢᠲᠤᠷ ᠬᠢᠵᠦ᠂ ᠲᠡᠭᠦᠰᠬᠦ ᠰᠤᠷᠤᠭᠴᠢᠳ ᠤᠨ ᠴᠡᠷᠢᠭ ᠲᠤ ᠣᠷᠣᠬᠤ ᠶᠢ ᠢᠳᠡᠪᠬᠢᠲᠡᠶ ᠵᠣᠷᠢᠭᠵᠢᠭᠤᠯᠤᠨ᠂ ᠦᠨᠳᠦᠰᠦᠨ ᠱᠠᠲᠤᠨ ᠤ ᠰᠤᠷᠭᠠᠨ ᠬᠥᠮᠦᠵᠢᠯ ᠤᠨ ᠹᠷᠣᠨᠲ ᠤᠨ ᠠᠵᠢᠯᠲᠠᠨ ᠢᠶᠠᠨ ᠲᠡᠭᠦᠯᠳᠡᠷᠵᠢᠭᠦᠯᠬᠦ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠮᠵᠢᠵᠤ᠂ ᠨᠡᠮᠡᠭᠳᠡᠯ ᠤᠨ ᠲᠥᠯᠥᠪᠯᠡᠭᠡ ᠶᠢ ᠰᠠᠶᠢᠲᠤᠷ ᠠᠰᠢᠭᠯᠠᠨ᠂ ᠬᠢᠵᠢᠭ ᠤᠨ ᠪᠠᠶᠢᠳᠠᠯ ᠠᠴᠠ ᠪᠣᠯᠣᠭᠰᠠᠨ ᠠᠵᠢᠯ ᠣᠯᠭᠤᠯᠲᠠ ᠶᠢᠨ ᠠᠵᠠ ᠲᠣᠬᠢᠶᠠᠯ ᠢ ᠰᠠᠶᠢᠲᠤᠷ ᠠᠳᠬᠤᠵᠤ᠂ ᠲᠡᠭᠦᠰᠬᠦ ᠰᠤᠷᠤᠭᠴᠢᠳ ᠤᠨ ᠣᠶᠤᠨᠴᠢ ᠦᠢᠯᠡᠳᠬᠡᠯ᠂ ᠬᠥᠮᠦᠨ ᠥᠬᠡᠶ ᠳᠣᠭᠢᠷᠠᠭᠤᠯᠤᠨ ᠬᠦᠷᠭᠡᠬᠦ᠂ ᠡᠮ ᠡᠮᠨᠡᠯᠭᠡ ᠡᠷᠡᠭᠦᠯ ᠮᠡᠨᠳᠦ ᠵᠡᠷᠭᠡ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠦᠷᠢᠶᠡᠨ ᠳᠤ ᠠᠵᠢᠯ ᠤᠯᠬᠤ ᠶᠢ ᠨᠢ ᠵᠣᠷᠢᠭᠵᠢᠭᠤᠯᠬᠤ ᠬᠡᠷᠡᠭᠲᠡᠶ᠃ ᠲᠦᠢᠯ ᠤᠨ ᠣᠨᠤᠪᠴᠢᠲᠠᠢ ᠪᠠᠷ ᠵᠣᠯᠭᠠᠭᠤᠯᠬᠤ ᠶᠢ ᠤᠯᠠᠮ ᠨᠢᠭᠡ ᠠᠯᠬᠤᠮ ᠪᠣᠳᠠᠲᠠᠶ ᠠᠳᠬᠤᠵᠤ᠂ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠯᠤᠭ᠎ᠠ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠳᠤ ᠦᠢᠯᠡᠴᠢᠯᠡᠬᠦ ᠯᠦᠭᠡ᠂ ᠲᠡᠭᠦᠰᠬᠦ ᠰᠤᠷᠤᠭᠴᠢᠳ ᠤᠨ ᠠᠵᠢᠯ ᠣᠯᠭᠤᠯᠲᠠ ᠶᠢᠨ ᠬᠡᠷᠡᠭᠴᠡᠭᠡ ᠱᠠᠭᠠᠷᠳᠠᠯᠭ᠎ᠠ ᠯᠤᠭ᠎ᠠ ᠲᠦᠢᠯ ᠤᠨ ᠣᠨᠤᠪᠴᠢᠲᠠᠢ ᠪᠠᠷ ᠵᠣᠯᠭᠠᠭᠤᠯᠵᠤ᠂ ᠬᠤᠪᠢ ᠬᠦᠮᠦᠨ ᠠᠵᠢᠯ ᠤᠨ ᠪᠠᠶᠢᠷᠢ ᠳᠤ ᠨᠢ ᠬᠦᠷᠲᠡᠯ᠎ᠡ ᠲᠦᠢᠯ ᠤᠨ ᠣᠨᠤᠪᠴᠢᠲᠠᠢ ᠪᠠᠷ ᠵᠤᠯᠭᠠᠭᠤᠯᠬᠤ ᠬᠡᠷᠡᠭᠲᠡᠢ᠃ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠶᠢ ᠤᠯᠠᠮ ᠨᠢᠭᠡ ᠠᠯᠬᠤᠮ ᠪᠣᠳᠠᠲᠠᠶ ᠠᠳᠬᠤᠵᠤ᠂ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠤᠪᠸᠢ ᠨᠤᠲᠤᠭ ᠲᠠᠢ ᠲᠡᠭᠦᠰᠬᠦ ᠰᠤᠷᠤᠭᠴᠢᠳ ᠲᠤ ᠠᠵᠢᠯ ᠣᠯᠭᠤᠵᠦ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ ᠪᠦᠬᠦᠯᠢ ᠡᠳᠦᠷ ᠢᠶᠠᠷ ᠬᠢᠴᠢᠶᠡᠯᠯᠡᠬᠦ ᠪᠤᠰᠤ ᠳᠦᠷᠢᠮᠲᠦ ᠰᠤᠳᠤᠯᠬᠤ ᠰᠤᠷᠤᠭᠴᠢᠳ ᠲᠤ ᠠᠵᠢᠯ ᠣᠯᠭᠤᠬᠤ ᠵᠢᠯᠣᠭᠤᠳᠣᠯᠭ᠎ᠠ ᠬᠢᠬᠦ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃ ᠡᠯ᠎ᠡ ᠶᠡᠭᠡ ᠳᠡᠭᠡᠳᠦ ᠰᠤᠷᠭᠠᠭᠤᠯᠢ ᠨᠤᠭᠤᠳ ᠨᠢᠭᠡᠨᠲᠡ ᠪᠠᠶᠢᠭ᠎ᠠ ᠪᠠᠨ ᠪᠠᠬᠢᠵᠢᠭᠦᠯᠬᠦ᠂ ᠳᠠᠯᠳᠠ ᠬᠦᠴᠦᠨ ᠢᠶᠠᠨ ᠠᠭᠤᠳᠠᠯᠬᠤ᠂ ᠪᠠᠭᠲᠠᠭᠠᠮᠵᠢ ᠪᠠᠨ ᠥᠷᠭᠡᠳᠬᠡᠬᠦ ᠳᠡᠭᠡᠷ᠎ᠡ ᠬᠦᠴᠦ ᠲᠠᠯᠪᠢᠵᠤ᠂ ᠲᠡᠭᠦᠰᠬᠦ ᠰᠤᠷᠤᠭᠴᠢᠳ ᠤᠨ ᠠᠩᠬ᠎ᠠ ᠤᠳᠠᠭ᠎ᠠ ᠶᠢᠨ ᠠᠵᠢᠯ ᠣᠯᠭᠤᠯᠲᠠ ᠶᠢᠨ ᠬᠢᠷᠢ ᠲᠥᠪᠰᠢᠨ ᠢ ᠠᠳᠠᠯᠢ ᠬᠤᠭᠤᠴᠠᠭᠠᠨ ᠤ ᠬᠢ ᠠᠴᠠ ᠦᠨᠳᠦᠰᠦᠨ ᠳᠤ ᠪᠠᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号