ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ | ︽ᠪᠥᠬᠦ ᠣᠷᠣᠨ ᠤ ᠨᠡᠶᠢᠭᠡᠮ ᠤᠨ ᠠᠪᠤᠷᠠᠨ ᠲᠤᠰᠠᠯᠠᠬᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ | ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ | ᠲᠤᠷᠰᠢᠯᠲᠠ ᠶᠢᠨ ᠠᠵᠢᠯ ᠤᠨ ᠰᠢᠨ᠎ᠡ ᠶᠢ ᠡᠭᠦᠳᠬᠦ ᠶᠢ ᠲᠤᠯᠤᠭᠠᠨ ᠲᠠᠯ᠎ᠠ ᠪᠠᠷ ᠴᠢᠩᠭᠠᠷᠠᠭᠤᠯᠵᠤ᠂ ᠨᠡᠶᠢᠭᠡᠮ ᠤᠨ | ᠠᠪᠤᠷᠠᠨ ᠲᠤᠰᠠᠯᠠᠬᠤ ᠰᠢᠰᠲ᠋ᠧᠮᠵᠢ ᠶᠢ ᠨᠠᠩ ᠰᠠᠶᠢᠲᠤᠷ ᠪᠦᠷᠢᠨᠰᠢᠭᠦᠯᠥᠨ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ | ᠠᠮᠢᠳᠤᠷᠠᠯ ᠢ ᠪᠠᠲᠤᠯᠠᠬᠤ ᠪᠣᠯᠣᠨ᠎ᠠ᠃ | 4 ᠳ᠋ᠦ᠋ᠭᠡᠷ ᠰᠠᠷ᠎ᠠ ᠶᠢᠨ 13 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠶᠠᠪᠤᠳᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ︽ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠪᠡᠯ᠂ ᠡᠯ᠎ᠡ | ᠲᠤᠷᠰᠢᠯᠲᠠ ᠶᠢᠨ ᠭᠠᠵᠠᠷ ᠣᠷᠣᠨ ᠨᠢ ᠨᠡᠶᠢᠭᠡᠮ ᠤᠨ ᠠᠪᠤᠷᠠᠨ ᠲᠤᠰᠠᠯᠠᠬᠤ ᠠᠵᠢᠯ ᠳᠠᠬᠢ ᠨᠠᠮ ᠤᠨ ᠪᠠᠶᠢᠭᠤᠯᠤᠯᠲᠠ ᠶᠢᠨ | ᠬᠥᠲᠥᠯᠦᠨ ᠳᠠᠭᠠᠭᠤᠯᠵᠤ ᠪᠠᠲᠤᠯᠠᠬᠤ ᠦᠢᠯᠡᠳᠦᠯ ᠢ ᠴᠢᠬᠤᠯᠠᠴᠢᠯᠠᠨ ᠪᠠᠳᠠᠷᠠᠭᠤᠯᠬᠤ᠂ ᠣᠯᠠᠨ ᠲᠠᠰ ᠳᠠᠪᠬᠤᠷᠭ᠎ᠠ ᠶᠢᠨ | ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢ ᠪᠠᠶᠢᠭᠤᠯᠬᠤ᠂ ᠨᠡᠶᠢᠭᠡᠮ ᠤᠨ ᠠᠪᠤᠷᠠᠨ ᠲᠤᠰᠠᠯᠠᠬᠤ ᠡᠬᠢ | ᠪᠠᠶᠠᠯᠢᠭ ᠢ ᠨᠢᠭᠡᠳᠦᠯᠲᠡᠶ ᠲᠥᠯᠥᠪᠵᠢᠭᠦᠯᠬᠦ ᠥᠨᠳᠥᠷ ᠪᠦᠲᠦᠮᠵᠢᠲᠡᠶ ᠲᠣᠭᠲᠠᠴᠠ ᠶᠢ ᠰᠦᠪᠡᠭᠴᠢᠯᠡᠨ ᠪᠠᠶᠢᠭᠤᠯᠬᠤ᠂ | ᠨᠡᠶᠢᠭᠡᠮ ᠤᠨ ᠠᠪᠤᠷᠠᠨ ᠲᠤᠰᠠᠯᠠᠬᠤ ᠶᠢᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠦᠷᠭᠦᠯᠵᠢᠯᠡᠨ ᠭᠦᠨᠵᠡᠭᠡᠶᠢᠷᠡᠭᠦᠯᠬᠦ᠂ ᠠᠪᠤᠷᠠᠨ ᠲᠤᠰᠠᠯᠠᠬᠤ ᠡᠲᠡᠭᠡᠳ ᠢ ᠮᠠᠭᠠᠳᠯᠠᠨ ᠲᠣᠭᠲᠠᠭᠠᠬᠤ ᠠᠷᠭ᠎ᠠ ᠶᠢ ᠤᠯᠠᠮ | ᠨᠢᠭᠡ ᠠᠯᠬᠤᠮ ᠪᠦᠷᠢᠨᠰᠢᠭᠦᠯᠬᠦ᠂ ᠨᠡᠶᠢᠭᠡᠮ ᠤᠨ ᠠᠪᠤᠷᠠᠨ ᠲᠤᠰᠠᠯᠠᠬᠤ ᠶᠢ ᠭᠠᠷᠲᠠᠨ ᠭᠦᠢᠴᠡᠳᠬᠡᠬᠦ ᠦᠢᠯᠡᠴᠢᠯᠡᠭᠡᠨ ᠤ | ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠬᠦ᠂ ᠬᠢᠨᠠᠯᠲᠠ ᠲᠠᠯᠪᠢᠵᠤ ᠪᠠᠶᠢᠴᠠᠭᠠᠬᠤ ᠪᠠ ᠠᠯᠳᠠᠭ᠎ᠠ ᠪᠤᠷᠤᠭᠤ ᠶᠢ | ᠪᠠᠭᠲᠠᠭᠠᠵᠦ ᠵᠠᠯᠠᠷᠠᠭᠤᠯᠬᠤ ᠲᠤᠯᠤᠭᠠᠨ ᠲᠠᠯ᠎ᠠ ᠪᠠᠷ ᠲᠤᠷᠰᠢᠯᠲᠠ ᠶᠢᠨ ᠠᠵᠢᠯ ᠤᠨ ᠰᠢᠨ᠎ᠡ ᠶᠢ ᠡᠭᠦᠳᠬᠦ ᠶᠢ | ᠰᠦᠪᠡᠭᠴᠢᠯᠡᠨ ᠥᠷᠨᠢᠭᠦᠯᠬᠦ ᠬᠡᠷᠡᠭᠲᠡᠶ᠃ | ᠡᠭᠦᠨ ᠤ ᠬᠠᠮᠲᠤ᠂ ᠡᠯ᠎ᠡ ᠲᠤᠷᠰᠢᠯᠲᠠ ᠶᠢᠨ ᠭᠠᠵᠠᠷ ᠣᠷᠣᠨ ᠨᠤᠭᠤᠳ ᠲᠤᠰ ᠭᠠᠵᠠᠷ ᠤᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠦᠨᠡᠨ ᠠᠴᠠ ᠵᠥᠪ ᠢ ᠡᠷᠢᠵᠦ᠂ ᠣᠳᠣᠬᠠᠨ ᠤ ᠠᠵᠢᠯ ᠤᠨ ᠳᠤᠮᠳᠠ | ᠣᠷᠣᠰᠢᠵᠤ ᠪᠠᠶᠢᠭ᠎ᠠ ᠵᠦᠷᠢᠴᠡᠯ ᠪᠣᠯᠤᠨ ᠠᠰᠠᠭᠤᠳᠠᠯ ᠳᠤ ᠴᠢᠭᠯᠡᠭᠦᠯᠦᠨ᠂ ᠡᠯ᠎ᠡ ᠵᠦᠢᠯ ᠤᠨ ᠥᠭᠡᠷᠡᠴᠢᠯᠡᠯᠲᠡ ᠶᠢᠨ | ᠠᠷᠭ᠎ᠠ ᠬᠡᠮᠵᠢᠶ᠎ᠡ ᠶᠢ ᠴᠢᠭᠯᠡᠭᠦᠯᠬᠦ ᠴᠢᠨᠠᠷᠲᠠᠶ ᠪᠠᠷ ᠲᠦᠯᠬᠢᠨ ᠠᠬᠢᠭᠤᠯᠵᠤ᠂ ᠨᠡᠶᠢᠭᠡᠮ ᠤᠨ ᠠᠪᠤᠷᠠᠨ ᠲᠤᠰᠠᠯᠠᠬᠤ | ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ |