ᠢᠳᠡᠰᠢᠨ ᠮᠥᠭᠦ ᠶᠢᠨ ᠲᠠᠷᠢᠮᠠᠯ ᠢ ᠬᠦᠭᠵᠢᠭᠦᠯᠵᠦ ᠲᠠᠷᠢᠶᠠᠴᠢᠳ ᠢ ᠬᠠᠪᠰᠤᠷᠴᠤ ᠶᠠᠳᠠᠭᠤ ᠠᠴᠠ ᠠᠩᠭᠢᠵᠢᠷᠠᠭᠤᠯᠵᠤ ᠣᠷᠣᠯᠭ᠎ᠠ ᠶᠢ ᠨᠢ ᠨᠡᠮᠡᠭᠳᠡᠭᠦᠯᠵᠦ ᠪᠣᠢ
ᠨᠡᠶᠢᠲᠡᠯᠡᠭᠰᠡᠨ ᠴᠠᠭ᠄
2020/4/15
     4 ᠳ᠋ᠦ᠋ᠭᠡᠷ ᠰᠠᠷ᠎ᠠ ᠶᠢᠨ 11᠎ ᠤ ᠡᠳᠦᠷ᠂ ᠥᠪᠥᠷ ᠮᠣᠩᠭᠤᠯ ᠤᠨ ᠵᠠᠷᠤᠳ ᠬᠤᠰᠢᠭᠤᠨ ᠤ ᠶᠡᠬᠡᠪᠡᠶ᠎ᠡ ᠲᠣᠰᠬᠤᠨ ᠤ ᠢᠳᠡᠰᠢᠨ ᠮᠥᠭᠦ ᠶᠢᠨ ᠦᠢᠯᠡᠳᠪᠦᠷᠢ ᠶᠢᠨ ᠠᠵᠢᠯᠴᠢᠳ ᠲᠡᠭᠦᠭᠰᠡᠨ ᠮᠥᠭᠦ ᠪᠠᠨ ᠡᠮᠬᠢᠯᠡᠵᠦ ᠪᠠᠶᠢᠭ᠎ᠠ ᠨᠢ᠃      ᠲᠣᠰᠬᠤᠨ ᠤ ᠠᠷᠠᠳ ᠢ ᠳᠠᠶᠢᠴᠢᠯᠠᠨ ᠪᠠᠶᠠᠵᠢᠭᠤᠯᠬᠤ ᠶᠢᠨ ᠲᠥᠯᠥᠭᠡ᠂ ᠥᠪᠥᠷ ᠮᠣᠩᠭᠤᠯ ᠤᠨ ᠵᠠᠷᠤᠳ ᠬᠤᠰᠢᠭᠤᠨ ᠤ ᠶᠡᠬᠡᠪᠡᠶ᠎ᠡ ᠲᠣᠰᠬᠤᠨ 2018 ᠣᠨ ᠠᠴᠠ ᠡᠬᠢᠯᠡᠨ ᠢᠳᠡᠰᠢᠨ ᠮᠥᠭᠦ ᠲᠠᠷᠢᠬᠤ ᠦᠢᠯᠡᠳᠪᠦᠷᠢ ᠪᠠᠶᠢᠭᠤᠯᠵᠤ᠂ ᠳᠤᠯᠠᠭᠠᠨ ᠰᠠᠷᠠᠪᠴᠢ᠂ ᠮᠥᠭᠦ ᠭᠠᠷᠭᠠᠬᠤ ᠰᠠᠷᠠᠪᠴᠢ᠂ ᠮᠦᠭᠦ ᠦᠢᠯᠡᠳᠪᠦᠷᠢᠯᠡᠬᠦ ᠲᠠᠰᠤᠭ ᠵᠡᠷᠭᠡ ᠪᠡᠯᠡᠳᠬᠡᠮᠵᠢ ᠶᠢ ᠵᠠᠯᠭᠠᠭ᠎ᠠ ᠪᠠᠷ ᠪᠠᠶᠢᠭᠤᠯᠪᠠ᠃ ᠮᠥᠭᠦ ᠶᠢᠨ ᠦᠢᠯᠡᠳᠪᠦᠷᠢ ᠨᠢ 2018 ᠣᠨ ᠤ ᠵᠢᠯ ᠤᠨ ᠡᠴᠦᠰ ᠠᠴᠠ ᠡᠬᠢᠯᠡᠨ ᠢᠳᠡᠰᠢᠨ ᠮᠦᠭᠦ ᠶᠢᠨ ᠬᠠᠩᠭᠠᠯᠭ᠎ᠠ ᠶᠢᠨ ᠵᠠᠬ᠎ᠠ ᠳᠡᠯᠭᠡᠭᠦᠷ ᠢ ᠪᠣᠶᠢᠵᠢᠭᠤᠯᠪᠠ᠃ ᠢᠳᠡᠰᠢᠨ ᠮᠦᠬᠦ ᠶᠢᠨ ᠦᠢᠯᠡᠳᠪᠦᠷᠢ ᠨᠢ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ ᠡᠷᠦᠬᠡ ᠶᠢ ᠤᠷᠢᠨ ᠬᠡᠷᠡᠭᠯᠡᠬᠦ ᠶᠢ ᠡᠩ ᠲᠡᠷᠢᠭᠦᠨ ᠳᠤ ᠪᠣᠳᠤᠯᠬᠢᠯᠠᠨ᠂ ᠲᠣᠰᠬᠤᠨ ᠤ ᠠᠷᠠᠳ ᠢ ᠦᠢᠯᠡᠳᠪᠦᠷᠢ ᠳᠤ ᠣᠷᠣᠭᠤᠯᠤᠨ ᠠᠵᠢᠯᠯᠠᠭᠤᠯᠵᠤ᠂ ᠲᠣᠰᠬᠤᠨ ᠤ ᠠᠷᠠᠳ ᠤᠨ ᠶᠠᠳᠠᠭᠤ ᠠᠴᠠ ᠠᠩᠭᠢᠵᠢᠷᠠᠵᠤ ᠣᠷᠣᠯᠭ᠎ᠠ ᠪᠠᠨ ᠨᠡᠮᠡᠭᠳᠡᠭᠦᠯᠬᠦ ᠳᠤ ᠬᠦᠴᠦᠨ ᠨᠡᠮᠡᠷᠢᠯᠡᠪᠡ᠃
     4 ᠳ᠋ᠦ᠋ᠭᠡᠷ ᠰᠠᠷ᠎ᠠ ᠶᠢᠨ 11᠎ ᠤ ᠡᠳᠦᠷ᠂ ᠥᠪᠥᠷ ᠮᠣᠩᠭᠤᠯ ᠤᠨ ᠵᠠᠷᠤᠳ ᠬᠤᠰᠢᠭᠤᠨ ᠤ ᠶᠡᠬᠡᠪᠡᠶ᠎ᠡ ᠲᠣᠰᠬᠤᠨ ᠤ ᠢᠳᠡᠰᠢᠨ ᠮᠥᠭᠦ ᠶᠢᠨ ᠦᠢᠯᠡᠳᠪᠦᠷᠢ ᠶᠢᠨ ᠠᠵᠢᠯᠴᠢᠳ ᠲᠡᠭᠦᠭᠰᠡᠨ ᠮᠥᠭᠦ ᠪᠠᠨ ᠡᠮᠬᠢᠯᠡᠵᠦ ᠪᠠᠶᠢᠭ᠎ᠠ ᠨᠢ᠃
    4 ᠳ᠋ᠦ᠋ᠭᠡᠷ ᠰᠠᠷ᠎ᠠ ᠶᠢᠨ 11᠎ ᠤ ᠡᠳᠦᠷ᠂ ᠥᠪᠥᠷ ᠮᠣᠩᠭᠤᠯ ᠤᠨ ᠵᠠᠷᠤᠳ ᠬᠤᠰᠢᠭᠤᠨ ᠤ ᠶᠡᠬᠡᠪᠡᠶ᠎ᠡ ᠲᠣᠰᠬᠤᠨ ᠤ ᠢᠳᠡᠰᠢᠨ ᠮᠥᠭᠦ ᠲᠠᠷᠢᠬᠤ ᠦᠢᠯᠡᠳᠪᠦᠷᠢ ᠶᠢᠨ ᠠᠵᠢᠯᠴᠢᠳ ᠲᠡᠭᠦᠭᠰᠡᠨ ᠮᠥᠭᠦ ᠪᠠᠨ ᠠᠴᠢᠶᠠᠯᠠᠵᠤ ᠪᠠᠶᠢᠭ᠎ᠠ ᠨᠢ᠃
    4 ᠳ᠋ᠦ᠋ᠭᠡᠷ ᠰᠠᠷ᠎ᠠ ᠶᠢᠨ 11᠎ ᠤ ᠡᠳᠦᠷ᠂  ᠥᠪᠥᠷ ᠮᠣᠩᠭᠤᠯ ᠤᠨ ᠵᠠᠷᠤᠳ ᠬᠤᠰᠢᠭᠤᠨ ᠤ ᠶᠡᠬᠡᠪᠡᠶ᠎ᠡ ᠲᠣᠰᠬᠤᠨ ᠤ ᠢᠳᠡᠰᠢᠨ ᠮᠥᠭᠦ ᠲᠠᠷᠢᠬᠤ ᠦᠢᠯᠡᠳᠪᠦᠷᠢ ᠶᠢᠨ ᠠᠵᠢᠯᠴᠢᠳ ᠶᠠᠭ ᠪᠣᠯᠪᠠᠰᠤᠷᠠᠭᠰᠠᠨ ᠴᠠᠭᠠᠨ ᠮᠥᠭᠦ ᠲᠡᠭᠦᠵᠦ ᠪᠠᠶᠢᠭ᠎ᠠ ᠨᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号