ᠥᠪᠥᠷ ᠮᠣᠩᠭᠤᠯ ᠤᠯᠤᠰ ᠤᠨ ᠠᠮᠤᠷ ᠲᠦᠪᠰᠢᠨ ᠤ ᠬᠥᠮᠦᠵᠢᠯ ᠤᠨ 20 ᠭᠠᠷᠤᠶ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠬᠦ ᠪᠠᠷ ᠪᠣᠶ
ᠨᠡᠶᠢᠲᠡᠯᠡᠭᠰᠡᠨ ᠴᠠᠭ᠄
2020/4/15
     4 ᠳ᠋ᠦ᠋ᠭᠡᠷ ᠰᠠᠷ᠎ᠠ ᠶᠢᠨ 15᠎ ᠤ ᠡᠳᠦᠷ ᠪᠣᠯ ᠲᠠᠪᠤᠳᠡᠬᠢ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠮᠦᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠡᠨᠡ ᠵᠢᠯ ᠤᠨ ᠠᠵᠢᠯᠯᠠᠭ᠎ᠠ ᠶᠢᠨ ᠭᠤᠤᠯ ᠰᠡᠳᠦᠪ ᠤᠨ ᠲᠣᠭᠤᠷᠢᠨ ᠳᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠤᠯᠤᠰ ᠤᠨ ᠠᠮᠤᠷ ᠲᠦᠪᠰᠢᠨ ᠤ ᠬᠥᠮᠦᠵᠢᠯ ᠤᠨ 20 ᠭᠠᠷᠤᠶ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠬᠦ ᠪᠠᠷ ᠪᠣᠶ᠃      ᠡᠨᠡ ᠵᠢᠯ ᠤᠨ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢᠨ ᠭᠤᠣᠯ ᠰᠡᠳᠦᠪ ᠪᠣᠯ ︽ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠪᠣᠭᠤᠮᠲᠠ ᠶᠢ ᠪᠠᠷᠢᠮᠲᠠᠯᠠᠨ᠂ ᠠᠮᠤᠷ ᠲᠦᠪᠰᠢᠨ ᠪᠠ ᠤᠯᠠᠮᠵᠢᠯᠠᠯᠲᠤ ᠪᠤᠰᠤ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ︾ ᠶᠠᠪᠤᠳᠠᠯ ᠪᠣᠯᠣᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠠᠵᠢᠯ ᠤᠨ ᠠᠯᠪᠠᠨ ᠬᠡᠷ ᠤᠨ ᠶᠡᠷᠦᠩᠬᠡᠶᠢᠯᠡᠭᠰᠡᠨ ᠭᠠᠵᠠᠷ ᠤᠨ ᠳᠠᠷᠤᠭ᠎ᠠ ᠯᠢ ᠯᠢ ᠲᠠᠨᠢᠯᠴᠠᠭᠤᠯᠤᠭᠰᠠᠨ ᠨᠢ ᠂ ᠥᠪᠥᠷ ᠮᠣᠩᠭᠤᠯ ᠤᠨ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ 15᠎ ᠤ ᠡᠳᠦᠷ ᠠᠴᠠ ᠡᠬᠢᠯᠡᠭᠦᠯᠦᠨ᠂ ᠲᠣᠰ ᠡᠳᠦᠷ ᠰᠦᠯᠵᠢᠶᠡᠨ ᠳᠡᠭᠡᠷ᠎ᠡ ᠮᠡᠳᠡᠯᠭᠡ ᠶᠢᠨ ᠤᠷᠤᠯᠳᠤᠭᠠᠨ᠂ ᠵᠠᠷᠯᠠᠯ ᠤᠨ ᠱᠠᠩᠨᠠᠯᠲᠤ ᠡᠯᠰᠡᠯᠲᠡ᠂ ᠰᠦᠯᠵᠢᠶᠡᠨ ᠳᠡᠭᠡᠷ᠎ᠡ ᠤᠯᠠᠭᠠᠨᠮᠥ᠋ᠴᠢᠷ ᠤᠨ ᠤᠬᠠᠭᠤᠯᠭ᠎ᠠ ᠵᠡᠷᠭᠡ ᠠᠵᠢᠯᠯᠠᠭ᠎ᠠ ᠡᠷᠭᠢᠯᠡᠬᠦ ᠪᠠᠷ ᠪᠣᠶ᠃      ᠠᠵᠢᠯᠯᠠᠭ᠎ᠠ ᠶᠢᠨ ᠬᠤᠭᠤᠴᠠᠭᠠᠨ ᠳᠤ᠂ ᠪᠠᠰᠠ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢᠨ ᠲᠠᠶᠢᠯᠤᠮᠵᠢ ᠬᠢᠵᠦ᠂ ᠡᠯ᠎ᠡ ᠭᠠᠵᠠᠷ ᠲᠤ ᠤᠬᠠᠭᠤᠯᠭ᠎ᠠ ᠶᠢᠨ ᠴᠡᠭ ᠭᠠᠷᠭᠠᠵᠤ ᠨᠡᠶᠢᠭᠡᠮ ᠤᠨ ᠤᠬᠠᠭᠤᠯᠭ᠎ᠠ ᠬᠢᠵᠦ᠂ ᠤᠯᠤᠰ ᠤᠨ ᠠᠮᠤᠷ ᠲᠦᠪᠰᠢᠨ ᠤ ᠮᠡᠳᠡᠯᠭᠡ ᠶᠢ ᠪᠠᠶᠢᠭᠤᠯᠭ᠎ᠠ᠂ ᠨᠡᠶᠢᠭᠡᠮ ᠲᠣᠭᠤᠷᠢᠭ᠂ ᠰᠤᠷᠭᠠᠭᠤᠯᠢ ᠶᠢᠨ ᠬᠦᠷᠢᠶᠡᠨ ᠳᠤ ᠲᠥᠭᠡᠮᠡᠯᠵᠢᠭᠦᠯᠵᠦ᠂ ᠤᠬᠠᠭᠤᠯᠭ᠎ᠠ ᠬᠥᠮᠦᠵᠢᠯ ᠤᠨ ᠬᠦᠷᠢᠶ᠎ᠡ ᠬᠡᠪᠴᠢᠶ᠎ᠡ ᠶᠢ ᠥᠷᠭᠡᠨ ᠳᠡᠯᠭᠡᠷᠡᠩᠭᠦᠢ ᠪᠠᠶᠢᠯᠭᠠᠬᠤ ᠶᠢ ᠳᠣᠪᠤᠶᠢᠯᠭᠠᠬᠤ ᠪᠣᠯᠤᠨ᠎ᠠ᠃ ᠤᠬᠠᠭᠤᠯᠭ᠎ᠠ ᠬᠥᠮᠦᠵᠢᠯ ᠤᠨ ᠬᠡᠯᠪᠡᠷᠢ ᠶᠢᠨ ᠲᠠᠯ᠎ᠠ ᠪᠠᠷ᠂ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠵᠢᠭᠰᠠᠭᠠᠯ ᠢ ᠪᠦᠬᠦ ᠲᠠᠯ᠎ᠠ ᠪᠠᠷ᠂ ᠤᠯᠠᠨ ᠬᠠᠷᠠᠭᠠᠰᠤ ᠠᠴᠠ ᠪᠠᠶᠢᠭᠤᠯᠵᠤ᠂ ᠠᠮᠢᠳᠤᠯᠢᠭ ᠠᠷᠭ᠎ᠠ ᠮᠠᠶ᠋ᠢᠭ ᠢᠶᠠᠷ ᠤᠯᠤᠰ ᠤᠨ ᠠᠮᠤᠷ ᠲᠦᠪᠰᠢᠨ ᠤ ᠤᠬᠠᠮᠰᠠᠷ ᠢ ᠬᠦᠮᠦᠰ ᠤᠨ ᠴᠢᠬᠢ᠂ ᠲᠠᠷᠢᠬᠢ᠂ ᠰᠡᠳᠬᠢᠯ ᠳᠤ ᠨᠢ ᠬᠠᠳᠠᠩᠰᠢᠭᠤᠯᠤᠨ᠎ᠠ᠃ ᠡᠭᠦᠨ ᠤ ᠬᠠᠮᠲᠤ ᠸᠢᠴᠠᠲ᠂ ᠪᠢᠴᠢᠯ ᠪᠦᠷᠭᠡ᠂ ᠲᠢᠭ ᠲᠤᠭ ᠵᠡᠷᠭᠡ ᠰᠢᠨ᠎ᠡ ᠵᠠᠭᠤᠴᠢᠯᠠᠭᠤᠷ ᠢᠶᠠᠷ ᠳᠠᠮᠵᠢᠭᠤᠯᠤᠨ᠂ ᠣᠯᠠᠨ ᠲᠦᠮᠡᠨ ᠤ ᠠᠮᠢᠳᠤᠷᠠᠯ ᠳᠤ ᠣᠶᠢᠷᠠᠲᠤᠭᠰᠠᠨ ᠤᠯᠤᠰ ᠤᠨ ᠠᠮᠤᠷ ᠲᠦᠪᠰᠢᠨ ᠤ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠳᠠᠯᠤᠨ ᠰᠢᠨᠵᠢᠯᠡᠵᠦ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠠᠷᠭᠠᠴᠠᠭᠠᠬᠤ ᠰᠡᠷᠭᠡᠶᠢᠯᠡᠯᠲᠡ ᠶᠢᠨ ᠶᠡᠷᠦ ᠶᠢᠨ ᠮᠡᠳᠡᠯᠭᠡ ᠶᠢ ᠲᠠᠶᠢᠯᠪᠤᠷᠢᠯᠠᠨ᠂ ᠬᠢᠯᠪᠠᠷ ᠣᠶᠢᠯᠠᠭᠠᠮᠵᠢᠲᠠᠶ ᠢᠯᠡᠳᠬᠡᠬᠦ ᠬᠡᠯᠪᠡᠷᠢ ᠪᠠ ᠰᠣᠨᠣᠰᠬᠤ ᠳᠤᠷᠠᠲᠠᠶ ᠤᠬᠠᠭᠤᠯᠭ᠎ᠠ ᠶᠢᠨ ᠠᠭᠤᠯᠭ᠎ᠠ ᠶᠢ ᠳᠠᠮᠵᠢᠭᠤᠯᠵᠤ᠂ ᠠᠷᠠᠳ ᠣᠯᠠᠨ ᠳᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠤ ᠬᠥᠮᠦᠨ ᠪᠦᠬᠦᠨ ᠬᠠᠷᠢᠭᠤᠴᠠᠯᠭ᠎ᠠ ᠲᠠᠢ ᠪᠠᠶᠢᠬᠤ ᠶᠢ ᠭᠦᠨᠵᠡᠭᠡᠶ ᠲᠠᠨᠢᠭᠤᠯᠤᠨ᠂ ᠡᠭᠦᠨ ᠤ ᠤᠯᠠᠮ ᠢᠶᠠᠷ ᠪᠥᠬᠦ ᠨᠡᠶᠢᠭᠡᠮ ᠢᠶᠠᠷ ᠢᠶᠠᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号