ᠥᠪᠥᠷ ᠮᠣᠩᠭᠤᠯ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠶᠯᠡᠰ ᠤᠨ ᠬᠥᠭᠵᠢᠯᠲᠡ ᠎ ᠶᠢᠨ ᠲᠤᠰᠬᠠᠶ ᠠᠵᠢᠯᠯᠠᠭ᠎ᠠ ᠶᠢ 3 ᠵᠢᠯ ᠪᠥᠬᠦ ᠬᠦᠴᠦᠨ ᠢᠶᠠᠷ ᠢᠶᠠᠨ ᠬᠡᠷᠡᠭᠵᠢᠭᠦᠯᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2020/4/15
      ᠰᠦ ᠴᠠᠭᠠᠨ ᠢᠳᠡᠭᠡᠨ ᠤ ᠦᠶᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠴᠠᠭᠠᠨ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠱᠠᠭᠠᠷᠳᠠᠯᠭ᠎ᠠ ᠶᠢ ᠪᠠᠲᠤᠯᠠᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠶᠢᠷ᠎ᠠ ᠳᠤ ︽ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠶᠯᠡᠰ ᠤᠨ ᠬᠥᠭᠵᠢᠯᠲᠡ ᠶᠢ ᠠᠬᠢᠭᠤᠯᠬᠤ ᠲᠤᠰᠬᠠᠶ ᠠᠵᠢᠯᠯᠠᠭ᠎ᠠ ᠶᠢᠨ ᠲᠥᠰᠦᠯ︾᠎ ᠢ ᠲᠣᠭᠲᠠᠭᠠᠨ ᠲᠠᠷᠬᠠᠭᠠᠪᠠ᠃      ︽ᠲᠥᠰᠦᠯ︾᠎ ᠳᠤ ᠳᠤᠷᠠᠳᠤᠭᠰᠠᠨ ᠨᠢ᠂ 3 ᠵᠢᠯ ᠤᠨ ᠬᠤᠭᠤᠴᠠᠭ᠎ᠠ ︵2020 ᠣᠨ ᠤ ᠡᠬᠢ —2022 ᠣᠨ ᠤ ᠡᠴᠦᠰ︶ ᠬᠡᠷᠡᠭᠯᠡᠨ᠂ ᠳᠠᠩᠰᠠᠯᠠᠨ ᠲᠡᠮᠳᠡᠭᠯᠡᠬᠦ ᠵᠥᠪᠰᠢᠶᠡᠷᠡᠯ ᠤᠨ ᠦᠶᠯᠡᠴᠢᠯᠡᠭᠡ ᠶᠢ ᠵᠢᠷᠤᠮᠵᠢᠭᠤᠯᠬᠤ᠂ ᠣᠷᠣᠨ ᠨᠤᠲᠤᠭ ᠤᠨ  ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠬᠦ᠂ ᠦᠶᠯᠡᠳᠪᠦᠷᠢᠯᠡᠵᠦ ᠡᠳ᠋ᠰᠢᠭᠦᠯᠬᠦ ᠶᠠᠪᠤᠴᠠ ᠶᠢ ᠵᠢᠷᠤᠮᠵᠢᠭᠤᠯᠬᠤ᠂ ᠦᠢᠯᠡᠳᠬᠦᠨ ᠢ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠶᠢ ᠴᠢᠩᠭᠠᠳᠬᠠᠬᠤ᠂ ᠶᠠᠰᠤ ᠴᠢᠨᠠᠷ ᠢ ᠪᠠᠲᠤᠯᠠᠬᠤ ᠬᠤᠭᠤᠴᠠᠭ᠎ᠠ ᠶᠢ ᠪᠦᠲᠦᠮᠵᠢᠲᠡᠶ ᠤᠷᠲᠤᠳᠬᠠᠬᠤ᠂ ᠦᠶᠯᠡᠳᠬᠦᠨ ᠤ ᠪᠣᠭᠤᠳᠠᠯ ᠤᠨ ᠵᠢᠷᠤᠭ ᠲᠥᠯᠥᠪᠯᠡᠭᠡ ᠎ ᠶᠢᠨ ᠰᠢᠨ᠎ᠡ ᠶᠢ ᠡᠭᠦᠳᠬᠦ᠂ ᠨᠡᠷᠡᠲᠦ ᠲᠥᠷᠥᠯ ᠲᠡᠮᠳᠡᠭᠲᠦ ᠶᠢ ᠪᠣᠶᠢᠵᠢᠭᠤᠯᠬᠤ ᠡᠷᠴᠢᠮ ᠢ ᠴᠢᠩᠭᠠᠷᠠᠭᠤᠯᠬᠤ᠂ ᠬᠠᠭᠤᠷᠮᠠᠭ ᠮᠠᠭᠤ ᠲᠠᠸᠠᠷ ᠦᠶᠯᠡᠳᠴᠦ ᠪᠣᠷᠣᠯᠠᠭᠤᠯᠬᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠬᠦ᠂ ᠦᠶᠯᠡᠳᠬᠦᠨ ᠤ ᠪᠣᠷᠣᠯᠠᠭᠤᠯᠤᠯᠲᠠ ᠶᠢ ᠢᠳᠡᠪᠬᠢᠲᠡᠢ ᠠᠬᠢᠭᠤᠯᠬᠤ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠶᠯᠡᠳᠦᠯ ᠢ ᠪᠠᠳᠠᠷᠠᠭᠤᠯᠬᠤ 10 ᠵᠦᠶᠯ ᠤᠨ ᠠᠵᠢᠯ ᠤᠨ ᠡᠭᠦᠷᠭᠡ ᠪᠠᠷ ᠳᠠᠮᠵᠢᠭᠤᠯᠤᠨ᠂ ᠦᠨᠳᠦᠰᠦᠲᠡᠨ ᠤ ᠤᠯᠠᠮᠵᠢᠯᠠᠯᠲᠤ ︵ᠤᠯᠠᠮᠵᠢᠯᠠᠯᠲᠤ ᠲᠦᠭᠦᠬᠡᠶ ᠮᠠᠲ᠋ᠧᠷᠢᠶᠠᠯ᠂ ᠤᠯᠠᠮᠵᠢᠯᠠᠯᠲᠤ ᠤᠷ᠎ᠠ ᠮᠡᠷᠭᠡᠰᠢᠯ᠂ ᠤᠯᠠᠮᠵᠢᠯᠠᠯᠲᠤ ᠦᠶᠯᠡᠳᠪᠦᠷᠢᠯᠡᠯ ᠤᠨ ᠠᠷᠭ᠎ᠠ ᠮᠠᠶ᠋ᠢᠭ︶ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢᠨ ᠲᠤᠰᠬᠠᠶ ᠠᠵᠢᠯᠯᠠᠭ᠎ᠠ ᠶᠢ ᠪᠦᠬᠦ ᠬᠦᠴᠦᠨ ᠢᠶᠠᠷ ᠬᠡᠷᠡᠭᠵᠢᠭᠦᠯᠵᠦ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠪᠣᠯᠪᠠᠰᠤᠷᠠᠭᠤᠯᠬᠤ ᠦᠶᠯᠡᠰ ᠢ ᠲᠡᠳᠬᠦᠬᠦ ᠡᠷᠴᠢᠮ ᠢᠶᠠᠨ ᠨᠡᠮᠡᠭᠳᠡᠭᠦᠯᠵᠦ᠂ ᠠᠵᠤ ᠦᠶᠯᠡᠰ ᠲᠥᠪᠯᠡᠷᠡᠭᠰᠡᠨ ᠲᠣᠭᠤᠷᠢᠭ ᠎ ᠲᠤ ᠵᠢᠵᠢᠭ ᠦᠶᠯᠡᠳᠬᠡᠯ ᠤᠨ ᠬᠦᠷᠢᠶᠡᠯᠡᠩ ᠲᠣᠭᠤᠷᠢᠭ ᠪᠠᠶᠢᠭᠤᠯᠬᠤ ᠶᠢ ᠳᠡᠮᠵᠢᠵᠦ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠵᠢᠵᠢᠭ ᠦᠶᠯᠡᠳᠬᠡᠯ ᠢ ᠬᠦᠷᠢᠶᠡᠯᠡᠩ ᠳᠤ ᠣᠷᠣᠭᠤᠯᠬᠤ᠂ ᠦᠢᠯᠡᠳᠬᠦᠨ ᠢ ᠳᠡᠯᠭᠡᠭᠦᠷ ᠲᠤ ᠤᠷᠤᠭᠤᠯᠬᠤ ᠶᠢ ᠠᠬᠢᠭᠤᠯᠵᠤ᠂ ᠨᠢᠭᠡ ᠪᠦᠯᠦᠭ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠵᠢᠵᠢᠭ ᠦᠶᠯᠡᠳᠬᠡᠯ ᠤᠨ ᠭᠠᠵᠠᠷ ︵ᠬᠤᠷᠰᠢᠶ᠎ᠠ︶᠎ ᠢ ᠬᠠᠪᠰᠤᠷᠤᠨ ᠳᠡᠰ ᠳᠡᠪᠰᠢᠭᠦᠯᠵᠦ᠂ ᠥᠪᠥᠷ ᠮᠣᠩᠭᠤᠯ ᠤᠨ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠠᠬᠢᠭᠤᠯᠵᠤ᠂ ᠰᠦ ᠴᠠᠭᠠᠨ ᠢᠳᠡᠭᠡᠨ ᠤ ᠦᠶᠯᠡᠰ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠮᠠᠯᠴᠢᠳ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠦᠨ᠎ᠡ ᠭᠡᠵᠡᠢ᠃      ︽ᠲᠥᠰᠦᠯ︾᠎ ᠳᠤ ᠴᠢᠬᠤᠯᠠᠴᠢᠯᠠᠭᠰᠠᠨ ᠨᠢ᠂ ᠡᠯ᠎ᠡ ᠠᠶᠢᠮᠠᠭ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠭᠠᠵᠠᠷ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠵᠤ᠂ ᠲᠥᠷᠥᠯ ᠬᠤᠪᠢᠶᠠᠨ ᠠᠬᠢᠭᠤᠯᠵᠤ᠂ ᠠᠵᠤ ᠦᠶᠯᠡᠰ ᠲᠥᠪᠯᠡᠷᠡᠭᠰᠡᠨ ᠣᠷᠣᠨ ᠳᠤ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠦᠶᠯᠡᠳᠪᠦᠷᠢᠯᠡᠵᠦ ᠡᠳ᠋ᠰᠢᠭᠦᠯᠬᠦ ᠬᠦᠷᠢᠶᠡᠯᠡᠩ ᠲᠣᠭᠤᠷᠢᠭ ᠪᠠᠶᠢᠭᠤᠯᠬᠤ ᠶᠢ ᠳᠡᠮᠵᠢᠵᠦ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠵᠢᠵᠢᠭ ᠦᠶᠯᠡᠳᠬᠡᠯ ᠤᠨ ᠡᠷᠴᠢᠮᠵᠢᠭᠦᠯᠦᠨ ᠦᠶᠯᠡᠳᠪᠦᠷᠢᠯᠡᠵᠦ ᠡᠳ᠋ᠰᠢᠭᠦᠯᠬᠦ ᠶᠢ ᠪᠡᠶᠡᠯᠡᠭᠦᠯᠬᠦ ᠬᠡᠷᠡᠭᠲᠡᠶ︔ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠢ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ᠂ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠵᠡᠷᠭᠡ ᠲᠠᠯ᠎ᠠ ᠶᠢᠨ ᠵᠠᠷᠤᠳᠠᠯ ᠢ ᠪᠠᠲᠤᠯᠠᠬᠤ ᠬᠡᠷᠡᠭᠲᠡᠢ︔ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠮᠤᠷ ᠲᠦᠪᠰᠢᠨ ᠤ ᠠᠵᠢᠯ ᠡᠷᠬᠢᠯᠡᠭᠰᠡᠳ ᠢ ᠲᠥᠪᠯᠡᠷᠡᠩᠭᠦᠶ ︵ᠪᠤᠶᠤ ᠣᠷᠣᠨ ᠪᠦᠰᠡ︶ ᠪᠣᠯᠪᠠᠰᠤᠷᠠᠭᠤᠯᠵᠦ᠂ ᠪᠣᠯᠪᠠᠰᠤᠷᠠᠭᠤᠯᠤᠯ ᠢ ᠪᠦᠷᠢᠨ ᠪᠦᠷᠬᠦᠭᠦᠯᠬᠦ ᠬᠡᠷᠡᠭᠲᠡᠢ︔ ᠬᠥᠲᠥᠴᠢ ᠠᠵᠤ ᠠᠬᠤᠶᠢᠯᠠᠯ ᠤᠨ ᠳᠠᠶᠢᠴᠢᠯᠠᠬᠤ ᠦᠶᠯᠡᠳᠦᠯ ᠪᠣᠯᠤᠨ ᠠᠵᠢᠯ ᠲᠥᠷᠥᠯ ᠤᠨ ᠨᠡᠶᠢᠭᠡᠮᠯᠢᠭ ᠤᠨ ᠵᠣᠬᠢᠴᠠᠭᠤᠯᠬᠤ ᠥᠪᠡᠷ ᠢ ᠪᠠᠨ ᠱᠠᠭᠠᠷᠳᠠᠬᠤ ᠦᠶᠯᠡᠳᠦᠯ ᠢ ᠢᠳᠡᠪᠬᠢᠲᠡᠢ ᠪᠠᠳᠠᠷᠠᠭᠤᠯᠵᠤ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠢᠯ ᠲᠥᠷᠥᠯ ᠤᠨ ᠡᠷᠡᠭᠦᠯ ᠎ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ ᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号