︽13 · 5︾ ᠶᠢᠨ ᠬᠤᠭᠤᠴᠠᠭᠠᠨ ᠳᠤ᠂ ᠮᠠᠨ ᠤ ᠣᠷᠣᠨ ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ | ᠠᠵᠢᠯ ᠥᠷᠨᠢᠨ ᠬᠥᠭᠵᠢᠵᠦ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠬᠥᠮᠦᠨ ᠠᠮᠠ ᠶᠢᠨ ᠬᠠᠷᠢᠴᠠᠯ 62. | 6% ᠳᠤ ᠬᠦᠷᠴᠦ᠂ ︽12 · 5︾ ᠶᠢᠨ ᠬᠤᠭᠤᠴᠠᠭᠠᠨ ᠤ ᠬᠢ ᠠᠴᠠ 20.4% ᠪᠠᠷ ᠳᠡᠭᠡᠭᠰᠢᠯᠡᠪᠡ᠃ | ᠠᠵᠢᠯ ᠤᠨ ᠵᠣᠬᠢᠶᠠᠨ ᠪᠠᠶᠢᠭᠤᠯᠤᠯᠲᠠ ᠨᠠᠩ ᠲᠡᠭᠦᠯᠳᠡᠷᠵᠢᠪᠡ᠃ 100% ᠶᠢᠨ ᠠᠶᠢᠮᠠᠭ ᠬᠤᠲᠠ᠂ ᠬᠤᠰᠢᠭᠤ | ᠰᠢᠶᠠᠨ ᠪᠣᠯᠤᠨ ᠰᠤᠮᠤ ᠰᠢᠶᠠᠩ ᠪᠠᠯᠭᠠᠰᠤ ᠳᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠵᠣᠬᠢᠶᠠᠨ | ᠪᠠᠶᠢᠭᠤᠯᠤᠯᠲᠠ ᠶᠢ ᠪᠠᠶᠢᠭᠤᠯᠵᠤ᠂ 94.7% ᠶᠢᠨ ᠵᠡᠭᠡᠯᠢ ᠭᠤᠳᠤᠮᠵᠢ ᠳᠤ ᠨᠠᠰᠤᠲᠠᠶᠢᠴᠤᠳ ᠤᠨ ᠪᠡᠶ᠎ᠡ ᠶᠢᠨ | ᠲᠠᠮᠢᠷ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ᠂ 88% ᠶᠢᠨ ᠨᠡᠶᠢᠭᠡᠮ ᠲᠣᠭᠤᠷᠢᠭ ᠲᠤ | ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ᠂ 85. | 6% ᠶᠢᠨ ᠭᠠᠴᠠᠭ᠎ᠠ ᠲᠣᠰᠬᠤᠨ ᠳᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠵᠣᠬᠢᠶᠠᠨ | ᠪᠠᠶᠢᠭᠤᠯᠤᠯᠲᠠ ᠶᠢ ᠪᠠᠶᠢᠭᠤᠯᠪᠠ᠃ | ᠭᠤᠤᠯᠯᠠᠭᠴᠢ ᠡᠩᠨᠡᠭᠡ ᠨᠠᠩ ᠪᠤᠵᠠᠭᠠᠶᠢᠷᠠᠪᠠ᠃ ᠡᠯ᠎ᠡ ᠲᠥᠷᠥᠯ ᠤᠨ ᠲᠤᠰᠬᠠᠶ ᠠᠵᠢᠯ ᠤᠨ ᠵᠥᠪᠯᠡᠯ 8316᠂ | ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠲᠤᠰᠬᠠᠶ ᠪᠠ ᠲᠤᠰᠢᠶᠠᠯ ᠬᠠᠪᠰᠤᠷᠭᠠᠭᠰᠠᠨ ᠬᠥᠮᠦᠨ ᠤ | ᠲᠤᠭ᠎ᠠ 32304᠂ ᠡᠯ᠎ᠡ ᠲᠥᠷᠥᠯ ᠤᠨ ᠨᠠᠰᠤᠲᠠᠶᠢᠴᠤᠳ ᠤᠨ ᠰᠣᠶᠣᠯ ᠪᠡᠶ᠎ᠡ ᠶᠢᠨ ᠲᠠᠮᠢᠷ ᠤᠨ ᠪᠦᠯᠬᠦᠮ ᠤᠨ | ᠥᠷᠲᠡᠭᠡ 16078᠂ ᠨᠠᠰᠤᠲᠠᠶᠢᠴᠤᠳ ᠤᠨ ᠰᠣᠶᠣᠯ ᠪᠡᠶ᠎ᠡ ᠶᠢᠨ ᠲᠠᠮᠢᠷ ᠤᠨ ᠬᠠᠪᠰᠤᠷᠤᠨ ᠵᠢᠯᠣᠭᠤᠳᠣᠭᠴᠢ᠂ | ᠰᠤᠷᠭᠠᠭᠴᠢ᠂ ᠬᠢᠨᠠᠭᠴᠢ ᠵᠢᠴᠢ ᠳᠠᠭᠠᠭᠤᠯᠤᠭᠴᠢ 59020 ᠬᠥᠮᠦᠨ ᠪᠠᠶᠢᠨ᠎ᠠ᠃ | ᠰᠠᠭᠤᠷᠢ ᠪᠡᠯᠡᠳᠬᠡᠮᠵᠢ ᠨᠠᠩ ᠪᠦᠷᠢᠨ ᠪᠣᠯᠪᠠ᠃ ᠡᠯ᠎ᠡ ᠲᠥᠷᠥᠯ ᠤᠨ ᠨᠠᠰᠤᠲᠠᠶᠢᠴᠤᠳ ᠲᠤ ᠲᠣᠬᠢᠷᠠᠬᠤ ᠪᠡᠶ᠎ᠡ | ᠴᠢᠭᠢᠷᠠᠭᠵᠢᠭᠤᠯᠬᠤ ᠲᠠᠯᠠᠪᠠᠶ ᠣᠷᠳᠣᠨ 3201 ᠪᠠᠶᠢᠵᠤ᠂ ᠲᠠᠯᠠᠪᠠᠶ ᠨᠢ ᠪᠠᠷᠤᠭ 265.1 ᠲᠦᠮᠡᠨ ᠲᠡᠭᠰᠢ | ᠳᠥᠷᠪᠡᠯᠵᠢᠨ ᠮᠧᠲᠷ ᠲᠤ ᠬᠦᠷᠴᠦ᠂ ᠬᠡᠷ ᠤᠨ ᠭᠠᠳᠠᠨᠠᠬᠢ ᠪᠡᠶ᠎ᠡ ᠴᠢᠭᠢᠷᠠᠭᠵᠢᠭᠤᠯᠬᠤ ᠲᠠᠯᠠᠪᠠᠢ 14767 ᠪᠠᠶᠢᠵᠤ᠂ | ᠲᠠᠯᠠᠪᠠᠶ ᠨᠢ ᠪᠠᠷᠤᠭ 2033.6 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠡᠯ᠎ᠡ ᠲᠥᠷᠥᠯ ᠤᠨ | ᠨᠠᠰᠤᠲᠠᠶᠢᠴᠤᠳ ᠤᠨ ᠬᠥᠳᠡᠯᠭᠡᠭᠡᠨ ᠤ ᠲᠥᠪ ᠤᠨ ᠢᠯᠡᠷᠬᠡᠶᠢᠯᠡᠯ ᠢ ᠨᠡᠮᠡᠵᠦ ᠡᠯᠭᠦᠭᠰᠡᠨ ᠣᠯᠠᠨ ᠨᠡᠶᠢᠲᠡ ᠶᠢᠨ ᠪᠡᠶ᠎ᠡ ᠶᠢᠨ | ᠲᠠᠮᠢᠷ ᠤᠨ ᠲᠠᠯᠠᠪᠠᠶ ᠣᠷᠳᠣᠨ 11453 ᠪᠠᠶᠢᠵᠤ᠂ 85.6% ᠶᠢᠨ ᠭᠠᠴᠠᠭ᠎ᠠ ᠲᠣᠰᠬᠤᠨ ᠳᠤ ︽123︾ | ᠢᠨᠵᠧᠨᠧᠷᠢᠩ ᠢ ᠬᠡᠷᠡᠭᠵᠢᠭᠦᠯᠵᠦ᠂ 22.85 ᠲᠦᠮᠡᠨ ᠢᠵᠢ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ | ᠳᠣᠭᠢᠷᠠᠭᠤᠯᠪᠠ᠃ | ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠪᠠᠶᠠᠯᠢᠭᠵᠢᠪᠠ᠃ ᠪᠥᠬᠦ ᠣᠷᠣᠨ ᠤ ᠨᠠᠰᠤᠲᠠᠶᠢᠴᠤᠳ ᠤᠨ ᠪᠡᠶ᠎ᠡ ᠶᠢᠨ | ᠲᠠᠮᠢᠷ ᠤᠨ ᠴᠤᠭᠯᠠᠭᠠᠨ ᠢ ᠭᠤᠷᠪᠠᠨ ᠬᠤᠭᠤᠴᠠᠭ᠎ᠠ ᠡᠷᠭᠢᠯᠡᠵᠦ᠂ ᠨᠡᠶᠢᠲᠡ 2000 ᠭᠠᠷᠤᠶ ᠬᠥᠮᠦᠨ ᠤᠳᠠᠭ᠎ᠠ | ᠣᠷᠣᠯᠴᠠᠪᠠ᠃ ᠳᠠᠩ ᠵᠦᠢᠯ ᠤᠨ ᠤᠷᠤᠯᠳᠤᠭᠠᠨ ᠢ 54 ᠤᠳᠠᠭ᠎ᠠ ᠡᠷᠬᠢᠯᠡᠵᠦ᠂ ᠨᠡᠶᠢᠲᠡ 7343 ᠬᠥᠮᠦᠨ ᠤᠳᠠᠭ᠎ᠠ | ᠣᠷᠣᠯᠴᠠᠪᠠ᠃ ᠭᠤᠷᠪᠠᠳᠤᠭᠠᠷ ᠬᠤᠭᠤᠴᠠᠭᠠᠨ ᠤ ᠳᠤᠮᠳᠠᠳᠤ ᠣᠷᠣᠰ ᠮᠣᠩᠭᠤᠯ ᠭᠤᠷᠪᠠᠨ ᠤᠯᠤᠰ ᠤᠨ | ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠳᠠᠭᠠᠭᠠᠨ ᠡᠷᠭᠢᠯᠡᠵᠦ᠂ ᠪᠥᠬᠦ ᠤᠯᠤᠰ ᠪᠠ ᠣᠯᠠᠨ ᠮᠤᠵᠢ | ᠬᠤᠲᠠ ᠣᠷᠣᠨ ᠤ ᠬᠠᠮᠲᠤᠷᠠᠨ ᠡᠷᠭᠢᠯᠡᠭᠰᠡᠨ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠢ 8 | ᠤᠳᠠᠭ᠎ᠠ ᠳᠠᠭᠠᠭᠠᠴᠢᠯᠠᠨ ᠡᠷᠭᠢᠯᠡᠵᠦ᠂ ᠳᠤᠮᠳᠠᠳᠤ ᠣᠷᠣᠰ ᠮᠣᠩᠭᠤᠯ ᠭᠤᠷᠪᠠᠨ ᠤᠯᠤᠰ ᠤᠨ ᠨᠠᠰᠤᠲᠠᠶᠢᠴᠤᠳ ᠤᠨ | ᠪᠡᠶ᠎ᠡ ᠶᠢᠨ ᠲᠠᠮᠢᠷ ᠤᠨ ᠴᠤᠭᠯᠠᠭᠠᠨ᠂ ᠪᠥᠬᠦ ᠤᠯᠤᠰ ᠤᠨ ᠠᠷᠠᠯᠵᠢᠶ᠎ᠠ ᠰᠣᠯᠢᠯᠴᠠᠭᠠᠨ ᠤ ᠤᠷᠤᠯᠳᠤᠭᠠᠨ ᠳᠤ 49 | ᠤᠳᠠᠭ᠎ᠠ ᠣᠷᠣᠯᠴᠠᠵᠤ᠂ ᠨᠡᠶᠢᠲᠡ 1260 ᠭᠠᠷᠤᠶ ᠬᠥᠮᠦᠨ ᠤᠳᠠᠭ᠎ᠠ ᠣᠷᠣᠯᠴᠠᠪᠠ᠃ | ᠠᠰᠢᠭ ᠬᠦᠷᠲᠡᠭᠰᠡᠳ ᠶᠡᠭᠡ ᠬᠡᠮᠵᠢᠶ᠎ᠡ ᠪᠠᠷ ᠨᠡᠮᠡᠭᠳᠡᠪᠡ᠃ ᠪᠦᠬᠦ ᠣᠷᠣᠨ ᠤ ᠡᠯ᠎ᠡ ᠱᠠᠲᠤᠨ ᠤ ᠬᠢᠨ | ᠪᠣᠯᠪᠠᠰᠤᠷᠠᠯ ᠤᠨ ᠠᠩᠭᠢ 6221 ᠬᠤᠭᠤᠴᠠᠭ᠎ᠠ ᠡᠷᠬᠢᠯᠡᠵᠦ᠂ 308816 ᠬᠦᠮᠦᠨ ᠤᠳᠠᠭ᠎ᠠ ᠪᠣᠯᠪᠠᠰᠤᠷᠠᠭᠤᠯᠵᠤ᠂ | ᠮᠠᠯᠵᠢᠬᠤ ᠲᠠᠷᠢᠶᠠᠯᠠᠬᠤ ᠣᠷᠣᠨ ᠤ ᠦᠷᠭᠦᠯᠵᠢ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠣᠷᠣᠯᠴᠠᠬᠤ ᠨᠠᠰᠤᠲᠠᠳ | ᠪᠠᠷᠤᠭ 232 ᠲᠦᠮᠨ ᠪᠣᠯᠵᠤ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠬᠥᠮᠦᠨ ᠠᠮᠠ ᠶᠢᠨ ᠬᠠᠷᠢᠴᠠᠯ 62. | 6% ᠳᠤ ᠬᠦᠷᠴᠦ᠂ ︽12 · 5︾ ᠶᠢᠨ ᠬᠤᠭᠤᠴᠠᠭᠠᠨ ᠤ ᠬᠢ ᠠᠴᠠ 20.4% ᠪᠠᠷ ᠳᠡᠭᠡᠭᠰᠢᠯᠡᠵᠦ᠂ ︽ᠨᠠᠩ | ᠣᠯᠠᠨ ᠨᠠᠰᠤᠲᠠᠶᠢᠴᠤᠳ ᠢ ᠬᠦᠳᠡᠯᠭᠡᠭᠡᠨ ᠳᠤ ᠣᠷᠤᠯᠴᠠᠭᠤᠯᠬᠤ︾ ᠬᠠᠷᠠᠯᠲᠠ ᠶᠢ ᠪᠡᠶᠡᠯᠡᠭᠦᠯᠪᠡ᠃ |