ᠯᠢ ᠪᠢᠩ ᠷᠦᠩ ᠬᠠᠷᠬᠤᠰᠤ ᠨᠠᠭᠤᠷ ᠤᠨ ᠶᠡᠷᠦᠩᠬᠡᠶᠢᠯᠡᠭᠰᠡᠨ ᠵᠠᠰᠠᠯᠲᠠ ᠵᠢᠴᠢ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠰᠢᠰᠲ᠋ᠧᠮ ᠲᠠᠢ ᠵᠠᠰᠠᠬᠤ ᠰᠡᠳᠬᠢᠬᠦᠶ ᠶᠣᠰᠣ ᠪᠠᠷ ᠵᠠᠰᠠᠬᠤ ᠲᠥᠯᠥᠪᠵᠢᠭᠦᠯᠭᠡ ᠪᠠ ᠬᠡᠷᠡᠭᠵᠢᠭᠦᠯᠬᠦ ᠲᠥᠰᠦᠯ ᠢ ᠤᠯᠠᠮ ᠨᠢᠭᠡ ᠠᠯᠬᠤᠮ ᠨᠠᠷᠢᠯᠢᠬᠵᠢᠭᠤᠯᠤᠨ ᠪᠣᠳᠠᠲᠠᠶᠢᠵᠢᠭᠤᠯᠬᠤ ᠬᠡᠷᠡᠭᠲᠡᠶ
ᠨᠡᠶᠢᠲᠡᠯᠡᠭᠰᠡᠨ ᠴᠠᠭ᠄
2020/4/16
     4 ᠰᠠᠷ᠎ᠠ ᠶᠢᠨ 14᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ ᠲᠦᠮᠡᠳ ᠵᠡᠭᠦᠨ ᠬᠤᠰᠢᠭᠤᠨ ᠳᠤ ᠭᠦᠨᠵᠡᠭᠡᠶᠢᠷᠡᠨ ᠬᠠᠷᠬᠤᠰᠤ ᠨᠠᠭᠤᠷ ᠤᠨ ᠶᠡᠷᠦᠩᠬᠡᠶᠢᠯᠡᠭᠰᠡᠨ ᠵᠠᠰᠠᠯᠲᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠪᠣᠯᠤᠨ ᠬᠤᠵᠢᠷᠰᠢᠭᠰᠠᠨ ᠲᠠᠷᠢᠶᠠᠨ ᠭᠠᠵᠠᠷ ᠢ ᠰᠠᠶᠢᠵᠢᠷᠠᠭᠤᠯᠬᠤ ᠠᠵᠢᠯ ᠢ ᠪᠠᠶᠢᠴᠠᠭᠠᠨ ᠰᠤᠳᠤᠯᠪᠠ᠃      ᠣᠯᠠᠨ ᠵᠢᠯ ᠤᠨ ᠲᠤᠷᠰᠢ᠂ ᠬᠠᠷᠬᠤᠰᠤ ᠨᠠᠭᠤᠷ ᠲᠤ ᠳᠠᠯᠠᠨ ᠬᠠᠷ᠎ᠠ ᠠᠭᠤᠯᠠ ᠶᠢᠨ ᠠᠭᠤᠯᠠ ᠳᠠᠭᠠᠤ ᠶᠢᠨ ᠦᠶᠡᠷ ᠤᠨ ᠤᠰᠤ ᠪᠣᠯᠤᠨ ᠬᠠᠲᠤᠨ ᠭᠤᠤᠯ ᠤᠨ ᠰᠠᠯᠪᠤᠷᠢ ᠤᠷᠤᠰᠤᠨ ᠤᠷᠤᠭᠰᠠᠨ ᠠᠴᠠ ᠨᠠᠭᠤᠷ ᠲᠤ ᠡᠯᠡᠰᠦ ᠰᠢᠪᠠᠷ ᠬᠦᠨᠳᠦ ᠨᠣᠴᠢᠲᠠᠶ ᠬᠤᠷᠠᠵᠤ᠂ ᠤᠰᠤᠨ ᠤ ᠭᠠᠳᠠᠷᠭᠤ ᠵᠢᠯ ᠳᠠᠷᠠᠭᠠᠯᠠᠨ ᠪᠠᠭᠠᠰᠤᠭᠰᠠᠨ ᠪᠠᠶᠢᠨ᠎ᠠ᠃ ᠯᠢ ᠪᠢᠩ ᠷᠦᠩ ᠨᠠᠭᠤᠷ ᠲᠣᠭᠤᠷᠢᠭᠰᠠᠨ ᠵᠠᠰᠠᠮᠠᠯ ᠵᠠᠮ ᠤᠨ ᠳᠠᠭᠠᠤ ᠬᠠᠷᠬᠤᠰᠤ ᠨᠠᠭᠤᠷ ᠤᠨ ᠠᠮᠢ ᠠᠬᠤᠢ ᠶᠢᠨ ᠵᠠᠰᠠᠯᠲᠠ ᠶᠢᠨ ᠲᠦᠷᠦᠯ ᠵᠦᠢᠯ ᠤᠨ ᠬᠡᠷᠡᠭᠵᠢᠭᠦᠯᠦᠯᠲᠡ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠤ ᠪᠠᠶᠢᠳᠠᠯ ᠢ ᠨᠠᠷᠢᠨ ᠪᠠᠶᠢᠴᠠᠭᠠᠨ ᠦᠵᠡᠪᠡ᠃ ᠲᠡᠷᠡ᠂ ᠬᠠᠷᠬᠤᠰᠤ ᠨᠠᠭᠤᠷ ᠤᠨ ᠵᠠᠰᠠᠯᠲᠠ ᠪᠣᠯ ᠠᠮᠢ ᠠᠬᠤᠢ ᠶᠢᠨ ᠢᠨᠵᠧᠨᠧᠷᠢᠩ ᠪᠣᠯᠬᠤ ᠪᠠᠷ ᠪᠠᠷᠠᠬᠤ ᠦᠭᠡᠢ᠂ ᠨᠡᠩ ᠴᠤ ᠠᠷᠠᠳ ᠤᠨ ᠠᠮᠢᠳᠤᠷᠠᠯ ᠤᠨ ᠢᠨᠵᠧᠨᠧᠷᠢᠩ ᠮᠦᠨ᠃ ᠰᠢᠰᠲ᠋ᠧᠮ ᠲᠠᠢ ᠪᠠᠷ ᠵᠠᠰᠠᠬᠤ ᠰᠡᠳᠬᠢᠬᠦᠶ ᠶᠣᠰᠣ ᠪᠠᠷ᠂ ᠵᠠᠰᠠᠬᠤ ᠲᠥᠯᠥᠪᠵᠢᠭᠦᠯᠭᠡ ᠪᠠ ᠬᠡᠷᠡᠭᠵᠢᠭᠦᠯᠬᠦ ᠲᠥᠰᠦᠯ ᠢ ᠤᠯᠠᠮ ᠨᠢᠭᠡ ᠠᠯᠬᠤᠮ ᠨᠠᠷᠢᠯᠢᠬᠵᠢᠭᠤᠯᠤᠨ ᠪᠣᠳᠠᠲᠠᠶᠢᠵᠢᠭᠤᠯᠬᠤ ᠬᠡᠷᠡᠭᠲᠡᠶ᠃ ᠵᠠᠰᠠᠯᠲᠠ ᠶᠢᠨ ᠲᠥᠷᠥᠯ ᠵᠦᠢᠯ ᠨᠢᠭᠡᠪᠦᠷᠢ ᠶᠢᠨ ᠬᠡᠷᠡᠭᠵᠢᠭᠦᠯᠦᠯᠲᠡ ᠳᠤ ᠭᠦᠢᠴᠡᠳ ᠨᠤᠲᠠᠯᠠᠯᠲᠠ ᠬᠢᠵᠦ᠂ ᠨᠠᠭᠤᠷ ᠲᠤ ᠣᠷᠣᠬᠤ ᠤᠰᠤᠨ ᠤ ᠡᠬᠢ ᠪᠠᠶᠠᠯᠢᠭ ᠤᠨ ᠬᠡᠮᠵᠢᠶ᠎ᠡ ᠶᠢ ᠣᠨᠣᠪᠴᠢᠲᠠᠶ ᠲᠥᠰᠦᠭᠡᠯᠡᠵᠦ᠂ ᠡᠯᠡᠰᠦ ᠰᠢᠪᠠᠷ ᠬᠤᠷᠠᠮᠳᠤᠭᠰᠠᠨ ᠪᠠᠶᠢᠳᠠᠯ ᠢ ᠨᠠᠷᠢᠨ ᠨᠢᠮᠪᠠᠶ ᠦᠨᠡᠯᠡᠨ ᠵᠢᠱᠢᠵᠦ᠂ ᠵᠠᠰᠠᠯᠲᠠ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃      ᠯᠢ ᠪᠢᠩ ᠷᠦᠩ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠪᠠ ᠬᠤᠵᠢᠷᠰᠢᠭᠰᠠᠨ ᠲᠠᠷᠢᠶᠠᠨ ᠭᠠᠵᠠᠷ ᠤᠨ ᠰᠠᠶᠢᠵᠢᠷᠠᠭᠤᠯᠤᠯᠲᠠ ᠨᠢ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠥᠨᠳᠥᠷ ᠪᠦᠲᠦᠮᠵᠢᠲᠦ ᠤᠰᠤ ᠠᠷᠪᠢᠯᠠᠬᠤ ᠶᠢ ᠠᠬᠢᠭᠤᠯᠬᠤ ᠯᠤᠭ᠎ᠠ ᠣᠷᠭᠠᠨᠢᠭ ᠢᠶᠠᠷ ᠤᠶᠠᠯᠳᠤᠭᠤᠯᠵᠤ᠂ ᠤᠯᠤᠰ ᠠᠴᠠ ᠲᠣᠭᠲᠠᠭᠠᠭᠰᠠᠨ ᠪᠠᠷᠢᠮᠵᠢᠶ᠎ᠠ ᠪᠤᠯᠤᠨ ᠳᠦᠷᠢᠮᠵᠢᠯ ᠢᠶᠠᠷ ᠢᠨᠵᠧᠨᠧᠷᠢᠩ ᠤᠨ ᠲᠥᠷᠥᠯ ᠵᠦᠢᠯ ᠢ ᠴᠢᠩᠭ᠎ᠠ ᠬᠡᠷᠡᠭᠵᠢᠭᠦᠯᠵᠦ᠂ ᠲᠠᠷᠢᠮᠠᠯ ᠤᠨ ᠪᠦᠲᠦᠴᠡ ᠶᠢ ᠰᠢᠯᠢᠳᠡᠭᠵᠢᠭᠦᠯᠦᠨ ᠳᠣᠭᠢᠷᠠᠭᠤᠯᠵᠤ᠂ ᠠᠮᠢ ᠠᠬᠤᠶ ᠶᠢᠨ ᠲᠠᠷᠢᠶᠠᠯᠠᠩ ᠮᠠᠯ ᠠᠵᠤ ᠠᠬᠤᠶ ᠪᠠ ᠮᠠᠯ ᠪᠡᠯᠴᠢᠭᠡᠷ ᠤᠨ ᠨᠢᠭᠡ ᠴᠤᠭᠴᠠᠵᠢᠯᠳᠠ ᠶᠢ ᠢᠳᠡᠪᠬᠢᠲᠡᠶ ᠬᠥᠭᠵᠢᠭᠦᠯᠵᠦ᠂ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠮᠠᠯᠲᠠᠬᠤ ᠪᠠ ᠤᠰᠤᠨ ᠤ ᠡᠬᠢ ᠪᠠᠶᠠᠯᠢᠭ ᠢ ᠪᠦᠷᠢᠯᠭᠡᠨ ᠰᠦᠢᠳᠬᠡᠬᠦ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠶ᠃ ᠲᠤᠬᠠᠶ ᠎ ᠶᠢᠨ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ᠂ ᠢᠨᠵᠧᠨᠧᠷᠢᠩ ᠪᠣᠯᠤᠨ ᠠᠮᠢᠳᠤ ᠪᠣᠳᠠᠰ ᠤᠨ ᠠᠷᠭ᠎ᠠ ᠬᠡᠮᠵᠢᠶ᠎ᠡ ᠶᠢ ᠣᠷᠭᠠᠨᠢᠭ ᠢᠶᠠᠷ ᠤᠶᠠᠯᠳᠤᠭᠤᠯᠵᠤ᠂ ᠬᠤᠵᠢᠷᠯᠢᠭ ᠭᠠᠵᠠᠷ ᠢ ᠵᠠᠰᠠᠬᠤ ᠶᠠᠰᠤ ᠴᠢᠨᠠᠷ ᠪᠣᠯᠤᠨ ᠰᠢᠨᠵᠢᠯᠡᠬᠦ ᠤᠬᠠᠭᠠᠨᠴᠢᠯᠠᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠮᠡᠷᠭᠡᠵᠢᠯ ᠤᠨ ᠵᠠᠭᠪᠤᠷ ᠪᠣᠯᠤᠨ ᠵᠠᠰᠠᠬᠤ ᠲᠤᠷᠰᠢᠯᠭ᠎ᠠ ᠶᠢ ᠳ᠋ᠦᠩᠨᠡᠨ ᠪᠤᠢ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃      ᠯᠢ ᠪᠢᠩ ᠷᠦᠩ ᠪᠠᠰᠠ ᠬᠠᠷᠬᠤᠰᠤ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠰᠢᠯᠢᠳᠡᠭᠵᠢᠭᠦᠯᠦᠨ ᠲᠣᠬᠢᠷᠠᠭᠤᠯᠤᠭᠰᠠᠨ ᠬᠤᠯᠪᠣᠭᠳᠠᠯ ᠪᠦᠬᠦᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠠᠮᠲᠤ ᠪᠠᠶᠢᠴᠠᠭᠠᠨ ᠰᠤᠳᠤᠯᠤᠯᠲᠠ ᠬᠢᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号