ᠪᠦ᠋ ᠰᠢᠶᠤᠤ ᠯᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠰᠤᠷᠭᠠᠭᠤᠯᠢ ᠡᠬᠢᠯᠡᠵᠦ ᠬᠢᠴᠢᠶᠡᠯ ᠰᠡᠷᠭᠦᠭᠡᠬᠦ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠵᠠᠢ
ᠨᠡᠶᠢᠲᠡᠯᠡᠭᠰᠡᠨ ᠴᠠᠭ᠄
2020/4/16
     4 ᠰᠠᠷ᠎ᠠ ᠶᠢᠨ 15᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠶᠡᠷᠦᠩᠬᠡᠢ ᠵᠢᠯᠤᠭᠤᠳᠤᠬᠴᠢ ᠪᠦ᠋ ᠰᠢᠶᠤᠤ ᠯᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠲᠤᠬᠢᠷᠠᠭᠤᠯᠤᠯᠳᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠮᠠᠨᠵᠤᠤᠷ ᠬᠢᠯᠢ ᠶᠢᠨ ᠪᠣᠭᠤᠮᠲᠠ᠂ ᠰᠤᠷᠭᠠᠨ ᠬᠥᠮᠦᠵᠢᠯ ᠤᠨ ᠰᠢᠰᠲ᠋ᠧᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠰᠤᠷᠭᠠᠭᠤᠯᠢ ᠡᠬᠢᠯᠡᠬᠦ ᠬᠢᠴᠢᠶᠡᠯ ᠰᠡᠷᠭᠦᠭᠡᠬᠦ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ᠂ ᠣᠳᠣᠬᠠᠨ ᠳᠤ ᠮᠠᠨ ᠤ ᠣᠷᠣᠨ ᠤ ᠬᠢᠯᠢ ᠶᠢᠨ ᠭᠠᠳᠠᠨ᠎ᠡ ᠠᠴᠠ ᠬᠢᠵᠢᠭ ᠬᠠᠯᠳᠠᠪᠤᠷᠢᠯᠡᠨ ᠤᠷᠤᠵᠤ ᠢᠷᠠᠬᠦ ᠠᠶᠤᠯ ᠲᠦᠭᠰᠢᠭᠦᠷᠢ ᠦᠷᠭᠦᠯᠵᠢᠯᠡᠨ ᠨᠡᠮᠡᠭᠳᠡᠵᠦ ᠪᠠᠶᠢᠭ᠎ᠠ ᠪᠣᠯᠬᠤᠷ ᠡᠷᠬᠡᠪᠰᠢ ᠳᠡᠭᠡᠳᠤ ᠬᠡᠮᠵᠢᠶ᠎ᠡ ᠪᠠᠷ ᠰᠡᠷᠡᠮᠵᠢᠯᠡᠵᠦ᠂ ᠭᠦᠢᠴᠡᠳ ᠪᠡᠯᠡᠳᠬᠡᠯ ᠬᠢᠬᠦ ᠬᠡᠷᠡᠭᠲᠡᠶ᠃ ᠲᠦᠪ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠠᠷᠭᠠᠴᠠᠭᠠᠬᠤ ᠪᠡᠯᠡᠳᠬᠡᠯ ᠲᠥᠰᠦᠯ ᠢᠶᠠᠨ ᠤᠯᠠᠮ ᠴᠢᠨᠠᠬᠰᠢᠳᠠ ᠲᠡᠭᠦᠯᠳᠡᠷᠵᠢᠭᠦᠯᠵᠦ᠂ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠪᠠᠨ ᠨᠠᠶᠢᠳᠠᠪᠤᠷᠢᠵᠢᠭᠤᠯᠤᠨ ᠨᠠᠷᠢᠯᠢᠭᠵᠢᠭᠤᠯᠵᠤ᠂ ᠰᠡᠷᠭᠡᠶᠢᠯᠡᠨ ᠡᠵᠡᠮᠳᠡᠬᠦ ᠠᠵᠢᠯ ᠤᠨ ᠴᠢᠭᠯᠡᠬᠦᠯᠤᠯᠳᠤ ᠴᠢᠨᠠᠷ ᠪᠤᠯᠤᠨ ᠪᠦᠳᠦᠮᠵᠢᠳᠦ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ ᠬᠦᠴᠦᠨ ᠢᠶᠠᠨ ᠲᠥᠪᠯᠡᠷᠡᠭᠦᠯᠦᠨ ᠣᠨᠣᠰᠢᠯᠠᠭᠰᠠᠨ ᠡᠪᠡᠳᠴᠢᠲᠡᠨ ᠢ ᠠᠪᠤᠷᠠᠨ ᠵᠠᠰᠠᠬᠤ ᠠᠵᠢᠯ ᠢ ᠰᠠᠶᠢᠲᠤᠷ ᠬᠢᠵᠦ᠂ ᠡᠮᠨᠡᠯᠭᠡ ᠠᠴᠠ ᠭᠠᠷᠤᠭᠰᠠᠨ ᠡᠪᠡᠳᠴᠢᠲᠡᠨ ᠢ ᠮᠦᠷᠳᠡᠨ ᠪᠠᠶᠢᠴᠠᠭᠠᠬᠤ ᠪᠠ ᠳᠠᠬᠢᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠰᠠᠳ ᠢ ᠣᠨᠣᠴᠠᠳᠠᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠰᠡᠷᠭᠦᠵᠦ ᠮᠡᠳᠡᠬᠦ ᠪᠣᠶ ᠪᠥᠬᠦᠶ ᠳᠤᠳᠠᠭᠤᠳᠠᠯ ᠢ ᠡᠷᠡᠰ ᠨᠦᠬᠦᠪᠦᠷᠢᠯᠡᠬᠦ ᠬᠡᠷᠡᠭᠲᠡᠶ᠃      ᠬᠥᠯᠥᠨ ᠪᠤᠶᠢᠷ ᠬᠤᠲᠠ ᠪᠣᠯᠤᠨ ᠮᠠᠨᠵᠤᠤᠷ ᠬᠤᠲᠠ ᠶᠢᠨ ᠬᠢᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠨᠢᠭᠲᠠ ᠬᠠᠮᠵᠢᠯᠴᠠᠨ᠂ ᠬᠢᠯᠢ ᠶᠢᠨ ᠪᠣᠭᠤᠮᠲᠠ ᠶᠢᠨ ᠬᠠᠮᠢᠶᠠᠷᠤᠯᠲᠠ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ᠂ ᠪᠢᠲᠡᠭᠦᠮᠵᠢᠯᠡᠵᠤ ᠰᠢᠯᠵᠢᠬᠦᠯᠤᠨ ᠵᠦᠭᠡᠭᠡᠪᠦᠷᠢᠯᠡᠬᠦ᠂ ᠲᠤᠰᠠᠭᠠᠷᠯᠠᠨ ᠣᠨᠣᠰᠢᠯᠠᠨ ᠵᠠᠰᠠᠬᠤ ᠵᠡᠷᠭᠡ ᠠᠵᠢᠯ ᠢ ᠨᠢᠭᠡᠳᠦᠯᠲᠡᠶ ᠲᠥᠯᠥᠪᠵᠢᠬᠦᠯᠤᠨ ᠰᠠᠶᠢᠲᠤᠷ ᠬᠢᠬᠦ ᠬᠡᠷᠡᠭᠲᠡᠶ ᠭᠡᠵᠤ ᠵᠢᠭᠠᠵᠤ ᠭᠠᠷᠭᠠᠪᠠ᠃      ᠬᠤᠷᠠᠯ ᠠᠴᠠ᠂ ᠣᠳᠣᠬᠠᠨ ᠳᠤ ᠪᠥᠬᠦ ᠣᠷᠣᠨ ᠤ ᠠᠩᠬ᠎ᠠ ᠳᠤᠮᠳᠠᠳᠤ ᠶᠢᠨ ᠭᠤᠷᠪᠠᠳᠤᠭᠠᠷ ᠤᠨ᠂ ᠦᠨᠳᠤᠷ ᠲᠤᠮᠳᠠᠳᠤ ᠶᠢᠨ ᠭᠤᠷᠪᠠᠳᠤᠭᠠᠷ ᠤᠨ ᠨᠢᠭᠡᠨᠲᠡ ᠰᠤᠷᠭᠠᠭᠤᠯᠢ ᠡᠬᠢᠯᠡᠪᠡ᠂ ᠠᠰᠠᠭᠤᠳᠠᠯ ᠢ ᠨᠠᠷᠢᠨ ᠬᠢᠨᠠᠮᠠᠭᠠᠶ ᠪᠠᠶᠢᠴᠠᠭᠠᠨ ᠡᠷᠢᠵᠦ᠂ ᠳᠤᠲᠠᠬᠳᠠᠯ ᠪᠠ ᠳᠤᠲᠠᠭᠤᠳᠠᠯ ᠢᠶᠠᠨ ᠨᠥᠬᠦᠪᠥᠷᠢᠯᠡᠵᠦ᠂ ᠪᠠᠶᠢᠡᠭᠭᠤᠵᠢᠬᠰᠡᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠷᠤᠭᠴᠢᠳ ᠤᠨ ᠰᠤᠷᠭᠠᠭᠤᠯᠢ ᠳᠠᠭᠠᠨ ᠤᠴᠢᠵᠤ ᠰᠤᠷᠭᠠᠭᠤᠯᠢ ᠠᠴᠠ ᠪᠠᠨ ᠬᠠᠷᠢᠬᠤ᠂ ᠵᠢᠭᠠᠨ ᠰᠤᠷᠭᠠᠬᠤ᠂ ᠬᠦᠳᠡᠯᠭᠡᠭᠡᠨ ᠬᠢᠬᠦ᠂ ᠬᠤᠭᠤᠯᠠᠯᠠᠬᠤ ᠵᠡᠷᠭᠡ ᠡᠯ᠎ᠡ ᠭᠤᠭᠴᠣᠭᠠᠨ ᠳᠠᠬᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠰᠠᠶᠢᠲᠤᠷ ᠠᠳᠬᠤᠵᠤ᠂ ᠡᠯ᠎ᠡ ᠵᠦᠢᠯ ᠤᠨ ᠠᠵᠢᠯ ᠳᠤ ᠥᠴᠦᠬᠡᠨ ᠴᠦ ᠠᠯᠳᠠᠰᠢ ᠭᠠᠷᠭᠠᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠪᠠᠶᠢᠳᠠᠯ ᠢ ᠵᠠᠳᠠᠯᠵᠤ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ᠂ ᠪᠤᠰᠤᠳ ᠣᠨ ᠤ ᠰᠤᠷᠤᠭᠴᠢᠳ ᠤᠨ ᠬᠢᠴᠢᠶᠡᠯ ᠰᠡᠷᠭᠦᠭᠡᠬᠦ ᠪᠡᠯᠡᠳᠬᠡᠯ ᠠᠵᠢᠯ ᠢ ᠴᠠᠭ ᠲᠤᠬᠠᠶ ᠳᠤᠨᠢ ᠰᠠᠶᠢᠲᠤᠷ ᠬᠢᠵᠦ᠂ ᠳᠤᠮᠳᠠ ᠲᠡᠭᠡᠳᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠶᠡᠭᠡ ᠳᠡᠭᠡᠳᠦ ᠰᠤᠷᠭᠠᠭᠤᠯᠢ ᠶᠢᠨ ᠬᠢᠴᠢᠶᠡᠯ ᠰᠡᠷᠭᠦᠭᠡᠬᠦ ᠪᠠ ᠲᠡᠭᠦᠰᠬᠦ ᠰᠤᠷᠤᠭᠴᠢᠳ ᠲᠤ ᠠᠵᠢᠯ ᠣᠯᠭᠤᠬᠤ ᠠᠵᠢᠯ ᠢ ᠨᠢᠭᠡᠳᠦᠯᠲᠡᠶ ᠲᠥᠯᠥᠪᠵᠢᠬᠦᠯᠤᠨ ᠰᠠᠶᠢᠲᠤᠷ ᠠᠳᠬᠤᠬᠤ ᠬᠡᠷᠡᠭᠲᠡᠶ ᠭᠡᠵᠤ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号