ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠴᠡᠷᠢᠭ ᠤᠨ ᠤᠳᠤᠷᠢᠳᠬᠤ ᠨᠥᠬᠦᠳ ᠣᠷᠣᠨ ᠤ ᠲᠥᠪ ᠎ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠵᠠᠢ
ᠨᠡᠶᠢᠲᠡᠯᠡᠭᠰᠡᠨ ᠴᠠᠭ᠄
2020/4/17
     ᠬᠠᠪᠤᠷ ᠤᠨ ᠡᠶᠡᠪᠡᠷᠬᠦᠦ ᠰᠠᠯᠬᠢᠨ ᠳᠤ ᠡᠪᠡᠰᠦ ᠮᠣᠳᠣ ᠨᠠᠬᠢᠶᠠᠯᠠᠨ ᠤᠷᠭᠤᠵᠥ᠂ ᠮᠣᠳᠣ ᠲᠡᠷᠢᠬᠤ ᠰᠠᠶᠢᠬᠠᠨ ᠴᠠᠭ ᠦᠶ᠎ᠡ ᠬᠦᠷᠴᠤ ᠢᠷᠡᠯ᠎ᠡ᠃ 4 ᠰᠠᠷ᠎ᠠ ᠶᠢᠨ 16᠎ ᠤ ᠡᠳᠦᠷ᠂ ᠱᠢ ᠲᠠᠢ ᠹᠧᠩ᠂ ᠪᠦ᠋ ᠰᠢᠶᠤᠤ ᠯᠢᠨ᠂ ᠯᠢ ᠰᠢᠤ ᠯᠢᠩ᠂ ᠯᠢᠨ ᠱᠣᠤ ᠴᠦᠨ᠂ ᠸᠠᠩ ᠯᠢ ᠰᠢᠶᠠ᠂ ᠮᠠ ᠰᠢᠤᠸᠠᠢ ᠵᠢᠶᠦ᠋ᠨ᠂ ᠯᠢᠦ ᠴᠢ ᠹᠠᠨ᠂ ᠪᠠᠶ ᠢᠦᠶ ᠭᠠᠩ᠂ ᠶᠠᠩ ᠸᠧᠶ ᠳ᠋ᠦᠩ᠂ ᠵᠠᠩ ᠱᠣᠤ ᠴᠦᠨ᠂ ᠳ᠋ᠤᠸᠠᠨ ᡁᠢ ᠴᠢᠶᠠᠩ᠂ ᠮᠠ ᠴᠢᠩ ᠯᠸᠢ᠂ ᠨᠠᠰᠤᠨᠮᠦ᠋ᠡᠭᠭᠡ ᠵᠡᠷᠭᠡ ᠥᠪᠡᠷᠲᠡᠭᠡᠨ ᠵᠠᠰᠠᠬᠤ ᠣᠷᠣᠨ ᠤ ᠮᠤᠵᠢ ᠠᠷᠮᠢ ᠶᠢᠨ ᠲᠠᠰ ᠤᠨ ᠤᠳᠤᠷᠢᠳᠬᠤ ᠨᠥᠬᠦᠳ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠴᠡᠷᠢᠭ ᠤᠨ ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠳᠤ ᠬᠦᠷᠴᠦ᠂ ᠣᠷᠣᠨ ᠤ ᠲᠥᠪ ᠤᠨ ᠺᠠᠳ᠋ᠷ ᠣᠯᠠᠨ ᠲᠦᠮᠡᠨ ᠲᠠᠢ ᠬᠠᠮᠲᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠪᠠ᠃
     ᠦᠳᠡ ᠶᠢᠨ ᠡᠮᠦᠨᠡᠬᠢ 9 ᠴᠠᠭ 30 ᠮᠢᠨᠦ᠋ᠲ ᠲᠤ᠂ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠴᠡᠷᠢᠭ ᠎ ᠤᠨ ᠤᠳᠤᠷᠢᠳᠬᠤ ᠨᠥᠬᠦᠳ ᠬᠠᠮᠲᠤ ᠪᠠᠷ ᠮᠠᠰᠢᠨ ᠲᠡᠷᠭᠡᠨ ᠳᠤ ᠰᠠᠭᠤᠵᠤ ᠬᠤᠷᠢᠨᠭᠡᠷ ᠰᠢᠨ᠎ᠡ ᠲᠣᠭᠤᠷᠢᠭ ᠲᠤ ᠪᠠᠶᠢᠭ᠎ᠠ ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠳᠤ ᠬᠥᠷᠪᠡ᠃ ᠱᠢ ᠲᠠᠢ ᠹᠧᠩ ᠲᠡᠷᠭᠡᠨ ᠠᠴᠠ ᠪᠠᠭᠤᠮᠠᠭᠴᠠ ᠬᠦᠷᠵᠡ ᠠᠠᠳᠬᠤᠨ ᠶᠠᠭᠠᠷᠠᠯᠲᠠᠢ ᠠᠵᠢᠯᠯᠠᠵᠥ᠂ ᠴᠢᠬᠢ ᠮᠤᠳᠤ ᠰᠠᠭᠤᠯᠭᠠᠬᠤ᠂ ᠰᠢᠷᠣᠢ ᠨᠡᠮᠡᠬᠦ᠂ ᠬᠠᠰᠢᠯᠭ᠎ᠠ ᠭᠠᠷᠭᠠᠬᠤ᠂ ᠮᠤᠳᠤ ᠤᠰᠤᠯᠠᠬᠤ ᠵᠡᠷᠬᠡ ᠠᠵᠢᠯ ᠨᠢᠭᠡᠪᠦᠷᠢ ᠶᠢ ᠨᠠᠷᠢᠨ ᠬᠢᠨᠠᠮᠠᠭᠠᠢ ᠰᠠᠶᠢᠳᠤᠷ ᠬᠢᠵᠤ ᠪᠠᠶᠢᠯ᠎ᠠ᠃ ᠲᠡᠷᠡ ᠵᠠᠯᠭᠠᠭᠠᠳ ᠬᠠᠶᠢᠯᠠᠷ ᠨᠠᠷᠠᠰᠤ᠂ ᠬᠡᠬᠡᠷ᠎ᠡ ᠶᠢᠨ ᠬᠦᠢᠯᠡᠰᠦ᠂ ᠲᠤᠯᠤᠭᠤᠨ᠎ᠠ᠂ ᠵᠡᠷᠯᠢᠭ ᠲᠤᠭᠤᠷ᠂ ᠬᠠᠶᠢᠳᠠᠩ᠂ ᠪᠠᠳᠤᠴᠠᠭᠠᠨ ᠵᠡᠷᠬᠡ ᠠᠳᠠᠯᠢ ᠪᠤᠰᠤ ᠲᠦᠷᠦᠯ ᠤᠨ 25 ᠴᠢᠬᠢ ᠮᠤᠳᠤ ᠲᠠᠷᠢᠪᠠ᠃ ᠢᠳᠡᠷᠡᠬᠦᠨ ᠴᠢᠬᠢ ᠮᠤᠳᠤ᠂ ᠪᠤᠯᠪᠠᠷᠠᠢ ᠵᠦᠬᠡᠯᠡᠨ ᠴᠡᠴᠡᠭᠡᠰ᠂ ᠰᠤᠶᠤᠭᠠᠯᠠᠭᠰᠠᠠ ᠮᠤᠳᠤᠨ ᠮᠦᠴᠢᠷ ᠰᠠᠯᠬᠢᠨ ᠤ ᠠᠶ᠎ᠠ ᠪᠠᠷ ᠨᠠᠶᠢᠭᠤᠨ᠎ᠠ᠃
     ᠮᠤᠳᠤ ᠲᠠᠷᠢᠬᠤ ᠵᠠᠪᠰᠠᠷ ᠢᠶᠠᠷ᠂ ᠱᠢ ᠲᠠᠢ ᠹᠧᠩ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠲᠠᠢ ᠰᠠᠨᠠᠯ ᠢᠶᠠᠨ ᠰᠤᠯᠢᠯᠴᠠᠵᠥ᠂ ᠮᠤᠳᠤᠨ ᠤ ᠲᠦᠷᠦᠯ ᠵᠦᠢᠯ᠂ ᠠᠯᠪᠠᠨ ᠵᠢᠷᠤᠮ ᠤᠨ ᠮᠤᠳᠤ ᠲᠠᠷᠢᠬᠤ ᠰᠠᠭᠤᠷᠢᠨ ᠤ ᠪᠦᠳᠦᠬᠡᠨ ᠪᠠᠶᠢᠭᠤᠯᠤᠯᠳᠠ ᠵᠡᠷᠬᠡ ᠪᠠᠶᠢᠳᠠᠯ ᠢ ᠯᠠᠪᠯᠠᠨ ᠠᠰᠠᠭᠤᠪᠠ᠃ ᠲᠡᠷᠡ᠂ ᠴᠢᠬᠢ ᠮᠤᠳᠤ ᠶᠢ ᠵᠠᠶᠢᠯᠠᠵᠥ᠂ ᠬᠦᠰᠡᠯ ᠡᠷᠡᠮᠡᠯᠵᠡᠯ ᠢ ᠪᠤᠶᠢᠵᠢᠭᠤᠯᠤᠨ᠎ᠠ᠃ ᠮᠤᠳᠤ ᠲᠠᠷᠢᠵᠥ ᠤᠢᠢᠵᠢᠭᠤᠯᠬᠤ ᠪᠤᠯ ᠤᠯᠤᠰ ᠤᠨ ᠨᠤᠳᠤᠭ ᠲᠡᠪᠢᠰᠬᠡᠷ ᠢ ᠨᠤᠭᠤᠭᠠᠷᠠᠭᠤᠯᠬᠤ ᠠᠵᠢᠯᠯᠠᠭ᠎ᠠ ᠪᠤᠯᠬᠤ ᠪᠦᠬᠡᠳ ᠪᠤᠯᠪᠠᠰᠤᠨ ᠤ ᠤᠢᠢᠯᠠᠭᠠᠬᠳᠠᠬᠤᠨ ᠢ ᠤᠯᠠᠮᠵᠢᠯᠠᠬᠤ ᠴᠢᠬᠤᠯᠠ ᠠᠴᠢᠶᠠᠯᠠᠪᠤᠷᠢ ᠪᠤᠯᠤᠨ᠎ᠠ᠂ ᠨᠡᠶᠢᠬᠡᠮ ᠲᠠᠶᠠᠭᠠᠷ ᠲᠤ ᠪᠠᠶᠢᠩᠭᠤ ᠶᠢᠨ ᠴᠢᠨᠠᠷᠳᠠᠢ ᠪᠠᠷ ᠮᠤᠳᠤ ᠲᠠᠷᠢᠬᠤ᠂ ︽ᠰᠦᠯᠵᠢᠶᠡᠨ ᠲᠡᠬᠡᠷ᠎ᠡ ᠮᠤᠳᠤ ᠲᠠᠷᠢᠬᠤ︾᠂ ᠤᠯᠤᠰ ᠤᠨ ᠨᠤᠳᠤᠭ ᠲᠡᠪᠢᠰᠬᠡᠷ ᠢ ᠦᠷᠬᠦᠯᠵᠢᠯᠡᠨ ᠨᠤᠭᠤᠭᠠᠷᠠᠭᠤᠯᠬᠤ ᠶᠢ ᠰᠠᠨᠠᠭᠠᠴᠢᠯᠠᠬᠤ ᠪᠠᠷ ᠪᠠᠷᠠᠬᠤ ᠦᠬᠡᠢ᠂ ᠦᠵᠡᠮᠵᠢ ᠶᠢᠨ ᠲᠦᠯᠥᠪᠵᠢᠬᠦᠯᠬᠡ ᠶᠢ ᠰᠠᠶᠢᠳᠤᠷ ᠬᠢᠵᠥ᠂ ᠭᠤᠶᠤ ᠦᠵᠡᠮᠵᠢ ᠲᠠᠢ ᠪᠤᠯᠭᠠᠬᠤ ᠬᠡᠷᠡᠭᠳᠡᠢ ᠬᠡᠵᠥ ᠬᠡᠯᠡᠪᠡ᠃ ᠲᠡᠷᠡ᠂ ᠮᠤᠳᠤ ᠲᠠᠷᠢᠬᠰᠠᠠ ᠦᠷ᠎ᠡ ᠪᠦᠳᠦᠮᠵᠢ ᠶᠠᠮᠠᠷ ᠵᠡᠷᠭᠡ ᠪᠠᠶᠢᠬᠤ ᠶᠢ ᠭᠤᠷᠪᠠᠨ ᠵᠢᠯ ᠤᠨ ᠲᠠᠷᠠᠭ᠎ᠠ ᠦᠵᠡᠨ᠎ᠡ᠂ ᠭᠠᠵᠠᠷ ᠤᠷᠤᠨ ᠤ ᠪᠠᠶᠢᠳᠠᠯ ᠳᠤᠨᠢ ᠲᠤᠬᠢᠷᠠᠭᠤᠯᠵᠥ᠂ ᠰᠢᠨᠵᠢᠯᠡᠬᠦ ᠤᠬᠠᠭᠠᠨᠴᠢ ᠪᠠᠷ ᠲᠦᠯᠥᠪᠵᠢᠬᠦᠯᠬᠦ ᠶᠢ ᠪᠠᠷᠢᠮᠳᠠᠯᠠᠵᠥ᠂ ᠮᠤᠳᠤ ᠲᠠᠷᠢᠬᠤ ᠰᠤᠩᠭᠤᠯᠳᠠ ᠶᠢᠨ ᠲᠡᠯ᠎ᠡ ᠪᠠᠷ ᠲᠤᠰ ᠭᠠᠵᠠᠷ ᠤᠨ ᠪᠠ ᠤᠯᠠᠨ ᠶᠠᠩᠵᠤᠳᠤ ᠴᠢᠨᠠᠷ ᠢ ᠠᠩᠬᠠᠷᠴᠦ᠂ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠳᠡ ᠬᠠᠮᠠᠭᠠᠯᠠᠯᠳᠠ ᠶᠢᠨ ᠠᠵᠢᠯ ᠢ ᠦᠨᠡᠨ ᠬᠦ ᠴᠢᠩᠭᠠᠳᠬᠠᠵᠥ᠂ ᠲᠠᠷᠢᠬᠰᠠᠠ ᠮᠤᠳᠤᠨ ᠤ ᠡᠳᠡᠬᠡᠷᠡᠯᠳᠡ ᠶᠢᠨ ᠨᠤᠷᠮ᠎ᠡ ᠶᠢ ᠲᠡᠭᠡᠭᠰᠢᠯᠡᠬᠦᠯᠬᠦ ᠬᠡᠷᠡᠭᠳᠡᠢ ᠬᠡᠵᠥ ᠴᠢᠬᠤᠯᠠᠴᠢᠯᠠᠪᠠ᠃
     ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠎ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠦᠪᠦᠷ ᠮᠤᠩᠭᠤᠯ ᠤᠨ ᠴᠡᠷᠢᠭ ᠤᠨ ᠲᠤᠭᠤᠷᠢᠭ᠂ ᠵᠡᠪᠰᠡᠭᠳᠤ ᠴᠠᠭᠳᠠᠭᠠᠨ ᠤ ᠦᠪᠦᠷ ᠮᠤᠩᠭᠤᠯ ᠤᠨ ᠶᠡᠷᠦᠩᠬᠡᠢ ᠠᠩᠭᠢ ᠶᠢᠨ ᠮᠤᠵᠢ ᠠᠷᠮᠢ ᠶᠢᠨ ᠳᠡᠰ ᠤᠨ ᠤᠳᠤᠷᠢᠳᠤᠯᠭ᠎ᠠ ᠵᠢᠴᠢ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠬ ᠪᠡᠯᠴᠢᠬᠡᠷ ᠤᠨ ᠲᠤᠪᠴᠢᠶ᠎ᠠ᠂ ᠬᠦᠬᠡᠬᠤᠳᠠ᠂ ᠬᠤᠷᠢᠨᠭᠡᠷ ᠰᠢᠨ᠎ᠠ ᠲᠤᠭᠤᠷᠢᠭ ᠎ ᠤᠨ ᠺᠠᠳ᠋ᠷ ᠤᠯᠠᠨ ᠲᠦᠮᠡᠨ ᠮᠤᠳᠤ ᠳᠠᠷᠢᠬᠤ ᠠᠵᠢᠯᠯᠠᠭ᠎ᠠ ᠳᠤ ᠤᠷᠤᠯᠴᠠᠵᠠᠢ᠃
     ᠦᠪᠡᠷᠳᠡᠭᠡᠨ ᠵᠠᠰᠠᠬᠤ ᠤᠷᠤᠨ ᠤ ᠨᠠᠮ ᠵᠠᠰᠠᠭ ᠴᠡᠷᠢᠭ ᠤᠨ ᠠᠯᠪᠠᠨ ᠵᠢᠷᠤᠮ ᠤᠨ ᠮᠤᠳᠤ ᠲᠠᠷᠢᠬᠤ ᠰᠠᠭᠤᠷᠢᠨ ᠎ ᠤ ᠶᠡᠷᠦᠩᠬᠡᠢ ᠲᠦᠯᠦᠪᠵᠢᠭᠦᠯᠦᠭᠰᠡᠨ ᠲᠠᠯᠠᠪᠠᠢ ᠨᠢ 648 ᠮᠦ ᠪᠤᠢ᠂ ᠬᠤᠷᠢᠨᠭᠡᠷ ᠰᠢᠨ᠎ᠠ ᠲᠤᠭᠤᠷᠢᠭ ᠤᠨ ︽ᠬᠤᠶᠠᠷ ᠭᠤᠤᠯ ᠨᠢᠭᠡ ᠬᠤᠩᠭᠢᠯ︾᠎ ᠤᠨ ᠰᠢᠷ᠎ᠠ ᠤᠰᠤ ᠭᠤᠤᠯ ᠤᠨ ᠵᠠᠰᠠᠯᠳᠠ ᠶᠢᠨ ᠳ᠋ᠦᠩ ᠱᠦᠢ ᠴᠢᠤᠸᠠᠨ ᠤ ᠬᠡᠰᠡᠭ ᠤᠨ ᠲᠦᠷᠦᠯ ᠵᠦᠢᠯ ᠤᠨ ᠲᠤᠭᠤᠷᠢᠭ ᠲᠤ ᠪᠠᠶᠢᠷᠢᠯᠠᠵᠤ ᠪᠠᠶᠢᠨ᠎ᠠ᠃ ᠠᠳᠡᠬᠢ ᠭᠠᠵᠠᠷ ᠤᠤᠯ ᠨᠢ ᠡᠵᠡᠭᠦ᠋ᠢᠷᠠᠨ ᠠᠳᠠᠷᠰᠢᠵᠤ᠂ ᠠᠮᠢ ᠠᠬᠤᠢ ᠤᠷᠭᠤᠮᠠᠯ ᠤᠨ ᠬᠤᠴᠢᠯᠭ᠎ᠠ ᠬᠦᠨᠳᠦ ᠨᠤᠴᠢᠳᠠᠢ ᠡᠪᠳᠡᠭᠳᠡᠭᠰᠡᠨ ᠪᠠᠶᠢᠵᠠᠢ᠃ ᠤᠢᠢᠷ᠎ᠠ ᠶᠢᠨ ᠵᠢᠯ ᠠᠴᠠ᠂ ᠬᠤᠷᠢᠨᠭᠡᠷ ᠰᠢᠨ᠎ᠠ ᠲᠤᠭᠤᠷᠢᠭ ᠤᠨ ᠠᠮᠢ ᠠᠬᠤᠢ ᠶᠢᠨ ᠬᠤᠩᠭᠢᠯ ᠤᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠬᠤ ᠎ ᠶᠢᠨ ᠤᠯᠠᠮ ᠢᠶᠠᠷ᠂ ᠠᠮᠢ ᠠᠬᠤᠢ ᠰᠡᠷᠭᠦᠨ ᠨᠤᠭᠤᠭᠠᠷᠠᠵᠤ᠂ ᠦᠵᠡᠮᠵᠢ ᠶᠢᠨ ᠤᠷᠤᠨ ᠤ ᠪᠦᠳᠦᠬᠡᠨ ᠪᠠᠶᠢᠭᠤᠯᠤᠯᠳᠠ ᠶᠢᠨ ᠭᠤᠤᠯᠳᠠᠯᠭ᠎ᠠ ᠲᠠᠢ ᠤᠷᠤᠨ ᠪᠦᠰᠡ ᠶᠢᠨ ᠨᠢᠭᠡ ᠪᠤᠯᠤᠭᠰᠠᠨ ᠪᠠᠶᠢᠨ᠎ᠠ᠃ 2018 ᠣᠨ ᠠᠴᠠ ᠡᠬᠢᠯᠡᠨ᠂ ᠦᠪᠡᠷᠳᠡᠭᠡᠨ ᠵᠠᠰᠠᠬᠤ ᠤᠷᠤᠨ ᠤ ᠨᠠᠮ ᠵᠠᠰᠠᠭ ᠴᠡᠷᠢᠭ ᠤᠨ ᠤᠳᠤᠷᠢᠳᠤᠯᠭ᠎ᠠ ᠭᠤᠷᠪᠠᠨ ᠵᠢᠯ ᠲᠠᠷᠠᠭᠠᠯᠠᠨ ᠠᠳᠡ ᠮᠤᠳᠤ ᠳᠠᠷᠢᠵᠥ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号