ᠳ᠋ᠤᠸᠠᠨ ᡁᠢ ᠴᠢᠶᠠᠩ ᠬᠢᠩᠭᠠᠨ ᠠᠶᠢᠮᠠᠭ ᠲᠤ ᠪᠠᠶᠢᠴᠠᠭᠠᠨ ᠰᠤᠳᠤᠯᠤᠯᠳᠡ ᠬᠢᠬᠦ ᠳᠡᠭᠡᠨ ᠴᠢᠬᠤᠯᠠᠴᠢᠯᠠᠬᠰᠠᠠ ᠨᠢ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠶᠢ ᠭᠤᠶᠢᠪᠢᠰᠢ ᠦᠬᠡᠢ ᠴᠢᠩᠭ᠎ᠠ ᠠᠳᠬᠤᠵᠥ ᠠᠵᠢᠯ ᠢᠶᠠᠨ ᠰᠡᠷᠬᠦᠬᠡᠵᠥ ᠦᠢᠯᠡᠳᠪᠤᠷᠢᠯᠡᠯ ᠢᠶᠠᠨ ᠰᠡᠷᠬᠦᠬᠡᠬᠦ ᠶᠢ ᠪᠦᠬᠦ ᠲᠡᠯ᠎ᠡ ᠪᠠᠷ ᠠᠬᠢᠭᠤᠯᠵᠥ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠡᠷᠡᠰ ᠤᠯᠬᠤ ᠬᠡᠷᠡᠭᠳᠡᠢ
ᠨᠡᠶᠢᠲᠡᠯᠡᠭᠰᠡᠨ ᠴᠠᠭ᠄
2020/4/17
     4 ᠰᠠᠷ᠎ᠠ ᠶᠢᠨ 13᠎ ᠠᠴᠠ 15᠎ ᠤ ᠡᠳᠤᠷ ᠪᠤᠯᠳᠠᠯ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠎ ᠤ ᠪᠠᠶᠢᠩᠭᠤ ᠶᠢᠨ ᠬᠡᠰᠢᠬᠦᠨ᠂ ᠨᠢᠬᠡᠳᠤᠮᠡᠯ ᠹᠷᠤᠨᠲ ᠤᠨ ᠬᠡᠯᠳᠡᠰ ᠤᠨ ᠲᠠᠷᠤᠭ᠎ᠠ ᠳ᠋ᠤᠸᠠᠨ ᡁᠢ ᠴᠢᠶᠠᠩ ᠬᠢᠩᠭᠠᠨ ᠠᠶᠢᠮᠠᠭ ᠲᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ᠂ ᠠᠵᠥ ᠠᠬᠤᠢᠢᠯᠠᠯ ᠤᠨ ᠠᠵᠢᠯ ᠢᠶᠠᠨ ᠰᠡᠷᠬᠦᠬᠡᠵᠥ ᠦᠢᠯᠡᠳᠪᠤᠷᠢᠯᠡᠯ ᠢᠶᠠᠨ ᠰᠡᠷᠬᠦᠬᠡᠬᠦ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ᠂ ᠦᠨᠳᠦᠰᠦᠳᠡᠨ ᠤ ᠰᠤᠷᠭᠠᠨ ᠬᠦᠮᠥᠵᠢᠯ ᠵᠡᠷᠬᠡ ᠠᠵᠢᠯ ᠳᠤ ᠪᠠᠶᠢᠴᠠᠭᠠᠨ ᠰᠤᠳᠤᠯᠤᠯᠳᠡ ᠬᠢᠪᠡ᠃      ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤᠨ ᠤ ᠲᠡᠪᠰᠡᠭ ᠪᠠᠯᠭᠠᠰᠤᠨ ᠤ ᠲᠠᠢ ᠫᠢᠩ ᠱᠠᠨ ᠭᠠᠴᠠᠭ᠎ᠠ ᠪᠤᠯᠤᠨ ᠵᠠᠯᠠᠶᠢᠳ ᠬᠤᠰᠢᠭᠤᠨ ᠤ ᠢᠨᠳᠡᠷ ᠪᠠᠯᠭᠠᠰᠤᠨ ᠤ ᠰᠢᠶᠠᠨ ᠭᠤᠸᠠᠩ ᠭᠠᠴᠠᠭ᠎ᠠ ᠳᠤ᠂ ᠳ᠋ᠤᠸᠠᠨ ᡁᠢ ᠴᠢᠶᠠᠩ ᠬᠠᠪᠰᠤᠷᠤᠨ ᠲᠡᠳᠬᠦᠬᠦ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠥ᠂ ᠶᠠᠳᠠᠭᠤ ᠬᠦᠴᠢᠷᠳᠡᠯᠳᠡᠢ ᠡᠷᠦᠬᠡ ᠳᠤ ᠬᠦᠨᠵᠡᠬᠡᠶᠢᠷᠡᠨ ᠲᠤᠬᠤᠨᠢᠭᠤᠯᠵᠥ ᠪᠠᠶᠢᠴᠠᠭᠠᠨ ᠰᠤᠳᠤᠯᠪᠠ᠃ ᠲᠡᠷᠡ᠂ ᠡᠯ᠎ᠡ ᠱᠠᠳᠤ ᠡᠯ᠎ᠡ ᠰᠠᠯᠠᠭ᠎ᠠ ᠮᠦᠴᠢᠷ ᠤᠨ ᠬᠢᠨ ᠤᠯᠤᠰ ᠲᠦᠷᠦ ᠶᠢᠨ ᠵᠤᠭᠰᠤᠴᠠ ᠪᠠᠨ ᠲᠡᠭᠡᠭᠰᠢᠯᠡᠬᠦᠯᠵᠥ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠡᠶᠢᠯᠭ᠎ᠠ ᠭᠠᠷᠭᠠᠵᠥ᠂ ᠠᠵᠢᠯ ᠤᠨ ᠠᠷᠭ᠎ᠠ ᠬᠡᠯᠪᠡᠷᠢ ᠪᠠᠨ ᠬᠤᠪᠢᠷᠠᠭᠤᠯᠬᠤ ᠬᠡᠷᠡᠭᠳᠡᠢ᠃ ᠠᠵᠥ ᠦᠢᠯᠡᠰ ᠢᠶᠠᠷ ᠶᠠᠳᠠᠭᠤ ᠶᠢ ᠲᠡᠳᠬᠦᠬᠦ ᠶᠢ ᠲᠡᠬᠡᠳᠤ ᠬᠡᠮᠵᠢᠶ᠎ᠡ ᠪᠠᠷ ᠴᠢᠬᠤᠯᠠᠴᠢᠯᠠᠨ ᠦᠵᠡᠵᠥ᠂ ᠭᠠᠵᠠᠷ ᠤᠷᠤᠨ ᠤ ᠪᠠᠶᠢᠳᠠᠯ ᠳᠤᠨᠢ ᠲᠤᠬᠢᠷᠠᠭᠤᠯᠵᠥ᠂ ᠭᠠᠴᠠᠭ᠎ᠠ ᠲᠤᠰᠬᠤᠨ ᠤ ᠬᠠᠮᠳᠤ ᠶᠢᠨ ᠠᠵᠥ ᠠᠬᠤᠢ ᠎ ᠶᠢ ᠲᠠᠰᠤᠷᠠᠯᠳᠡ ᠦᠭᠡᠢ ᠪᠤᠵᠠᠭᠠᠢᠢᠷᠠᠭᠤᠯᠬᠤ ᠬᠡᠷᠡᠭᠳᠡᠢ᠃ ᠤᠶᠤᠨ ᠤᠬᠠᠭᠠᠨ ᠤᠷᠮ᠎ᠠ ᠵᠤᠷᠢᠭ ᠢᠶᠠᠷ ᠲᠡᠳᠬᠦᠬᠦ ᠠᠵᠢᠯ ᠎ ᠢ ᠶᠡᠭᠡ ᠪᠠᠷ ᠦᠷᠨᠢᠬᠦᠯᠵᠥ᠂ ᠶᠠᠳᠠᠭᠤ ᠬᠦᠴᠢᠷᠳᠡᠯᠳᠡᠢ ᠡᠷᠦᠬᠡ ᠶᠢᠨ ︽ᠴᠢᠰᠤ ᠪᠦᠳᠦᠬᠡᠬᠦ︾ ᠴᠢᠳᠠᠪᠤᠷᠢ ᠶᠢ ᠲᠡᠭᠡᠭᠰᠢᠯᠡᠬᠦᠯᠬᠦ ᠶᠢ ᠲᠠᠰᠤᠷᠠᠯᠳᠡ ᠦᠭᠡᠢ ᠠᠬᠢᠭᠤᠯᠵᠥ᠂ ᠶᠠᠳᠠᠭᠤ ᠬᠦᠴᠢᠷᠳᠡᠯᠳᠡᠢ ᠡᠷᠦᠬᠡ ᠶᠢᠨ ᠲᠤᠳᠤᠭᠠᠳᠤ ᠶᠢᠨ ᠬᠦᠳᠡᠯᠬᠡᠬᠦ ᠬᠦᠴᠦᠨ ᠢ ᠬᠦᠭᠵᠢᠬᠡᠬᠦ ᠬᠡᠷᠡᠭᠳᠡᠢ ᠬᠡᠵᠥ ᠴᠢᠬᠤᠯᠠᠴᠢᠯᠠᠪᠠ᠃      ᠵᠠᠯᠠᠶᠢᠳ ᠬᠤᠰᠢᠭᠤᠨ ᠤ ᠢᠨᠳᠡᠷ ᠬᠤᠶᠠᠳᠤᠭᠠᠷ ᠲᠤᠮᠳᠠᠳᠤ ᠰᠤᠷᠭᠠᠭᠤᠯᠢ ᠳᠤ᠂ ᠳ᠋ᠤᠸᠠᠨ ᡁᠢ ᠴᠢᠶᠠᠩ᠂ ᠪᠠᠭᠰᠢ ᠰᠤᠷᠤᠭᠴᠢ ᠶᠢᠨ ᠡᠷᠡᠬᠦᠯ ᠮᠡᠨᠳᠤ ᠶᠢᠨ ᠠᠮᠤᠷ ᠲᠦᠪᠰᠢᠨ ᠢ ᠴᠢᠬᠤᠯᠠ ᠪᠠᠶᠢᠷᠢᠨ ᠳᠤ ᠲᠠᠯᠪᠢᠬᠤ ᠶᠢ ᠪᠠᠷᠢᠮᠳᠠᠯᠠᠵᠥ᠂ ᠰᠤᠷᠤᠯᠭ᠎ᠠ ᠡᠬᠢᠯᠡᠬᠦ ᠬᠢᠴᠢᠶᠡᠯ ᠢᠶᠠᠨ ᠰᠡᠷᠬᠦᠬᠡᠬᠦ ᠪᠡᠯᠡᠳᠬᠡᠯ ᠠᠵᠢᠯ ᠢ ᠰᠠᠶᠢᠳᠤᠷ ᠬᠢᠬᠦ ᠬᠡᠷᠡᠭᠳᠡᠢ᠃ ᠦᠨᠳᠦᠰᠦᠳᠡᠨ ᠤ ᠰᠤᠷᠭᠠᠨ ᠬᠦᠮᠥᠵᠢᠯ ᠤᠨ ᠴᠢᠨᠠᠷ ᠰᠠᠶᠢᠳᠠᠢ ᠬᠦᠭᠵᠢᠯᠳᠡ ᠶᠢ ᠪᠦᠬᠦ ᠲᠡᠯ᠎ᠡ ᠪᠠᠷ ᠠᠬᠢᠭᠤᠯᠵᠥ᠂ ᠦᠨᠳᠦᠰᠦᠳᠡᠨ ᠤ ᠰᠤᠳᠤᠨ ᠴᠢᠳᠠᠪᠤᠷᠢᠳᠡᠨ ᠢ ᠬᠦᠮᠥᠵᠢᠬᠦᠯᠬᠦ ᠳᠤ ᠦᠷᠬᠦᠯᠵᠢᠯᠡᠨ ᠪᠠᠳᠤ ᠰᠠᠭᠤᠷᠢ ᠲᠠᠯᠪᠢᠬᠤ ᠬᠡᠷᠡᠭᠳᠡᠢ ᠬᠡᠵᠥ ᠱᠠᠭᠠᠷᠳᠠᠪᠠ᠃      ᠦᠪᠤᠷ ᠮᠤᠩᠭᠤᠯ ᠤᠨ ᠰᠢᠨ ᠵᠢᠶᠠ ᠯᠢ ᠮᠢᠩ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠬᠢᠵᠠᠭᠠᠷᠳᠤ ᠺᠤᠮᠫᠠᠨᠢ ᠪᠤᠯᠤᠨ ᠦᠪᠤᠷ ᠮᠤᠩᠭᠤᠯ ᠤᠨ ᠢᠤᠢ ᠹᠧᠩ ᠠᠮᠤ ᠲᠤᠰᠤ ᠢᠳᠡᠬᠡᠨ ᠤ ᠬᠢᠵᠠᠭᠠᠷᠳᠤ ᠺᠤᠮᠫᠠᠨᠢ ᠳᠤ᠂ ᠳ᠋ᠤᠸᠠᠨ ᡁᠢ ᠴᠢᠶᠠᠩ᠂ ᠠᠵᠥ ᠠᠬᠤᠢᠢᠯᠠᠯ ᠤᠨ ᠬᠢᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠶᠢ ᠦᠢᠯᠡᠳᠪᠤᠷᠢᠯᠡᠯ ᠡᠵᠡᠩᠨᠡᠯᠳᠡ᠂ ᠠᠵᠢᠯᠳᠠᠳ ᠤᠨ ᠬᠠᠮᠢᠶᠠᠷᠤᠯᠳᠠ ᠶᠢᠨ ᠪᠦᠬᠦ ᠶᠠᠪᠤᠴᠠ ᠳᠤ ᠠᠭᠤᠰᠤᠯᠴᠠᠭᠤᠯᠵᠥ᠂ ᠬᠤᠶᠠᠷ ᠲᠡᠯ᠎ᠡ ᠪᠠᠷ ᠠᠳᠬᠤᠬᠤ᠂ ᠬᠤᠶᠠᠷ ᠲᠡᠯ᠎ᠡ ᠪᠠᠷ ᠴᠢᠩᠭ᠎ᠠ ᠠᠳᠬᠤᠬᠤ ᠶᠢ ᠦᠨᠡᠨ ᠬᠦ ᠪᠠᠳᠤᠯᠠᠬᠤ ᠬᠡᠷᠡᠭᠳᠡᠢ ᠬᠡᠵᠥ ᠴᠢᠬᠤᠯᠠᠴᠢᠯᠠᠪᠠ᠃      ᠳ᠋ᠤᠸᠠᠨ ᡁᠢ ᠴᠢᠶᠠᠩ ᠪᠠᠰᠠ ︽ᠲᠠᠪᠤᠨ ᠰᠠᠷ᠎ᠠ ᠶᠢᠨ ᠨᠢᠬᠡᠨ ᠤ ᠬᠤᠷᠡᠯ ᠤᠨ ᠭᠠᠵᠠᠷ︾ ᠪᠤᠯᠤᠨ ᠬᠡᠬᠡᠨ ᠰᠦᠮ᠎ᠡ ᠳᠤ ᠪᠠᠶᠢᠴᠠᠭᠠᠨ ᠰᠤᠳᠤᠯᠤᠯᠳᠡ ᠬᠢᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号