4 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ | ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ | ᠬᠥᠬᠡᠬᠤᠲᠠ ᠳᠤ ᠲᠦᠩ ᠴᠧᠩ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠦ᠋ ᡁᠢ ᠰᠢᠶᠠᠩ ᠨᠠᠷ ᠲᠠᠢ | ᠠᠭᠤᠯᠵᠠᠪᠠ᠃ | ᠱᠢ ᠲᠠᠢ ᠹᠧᠩ ᠦ᠋ ᡁᠢ ᠰᠢᠶᠠᠩ ᠨᠠᠷ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠪᠠᠷ ᠢᠷᠡᠭᠰᠡᠨ ᠢ | ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠬᠤᠶᠠᠷ ᠲᠠᠯ᠎ᠠ ᠪᠠᠷ ᠢᠶᠠᠨ ᠲᠣᠰ ᠲᠣᠰ ᠤᠨ ᠬᠤᠯᠪᠣᠭᠳᠠᠯ ᠪᠥᠬᠦᠶ | ᠪᠠᠶᠢᠳᠠᠯ ᠢᠶᠠᠨ ᠲᠠᠨᠢᠯᠴᠠᠭᠤᠯᠵᠤ᠂ ︽ᠢᠨᠲ᠋ᠧᠷ ᠰᠦᠯᠵᠢᠶ᠎ᠡ + ᠰᠣᠶᠣᠯ ᠵᠢᠭᠤᠯᠴᠢᠯᠠᠯ ᠤᠨ ᠠᠵᠤ ᠦᠢᠯᠡᠰ︾ ᠤᠨ | ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠬᠤ ᠳᠠᠯ᠎ᠠ ᠪᠠᠷ ᠭᠤᠤᠯᠳᠠᠯᠭ᠎ᠠ ᠪᠣᠯᠭᠠᠨ ᠰᠠᠨᠠᠯ ᠢᠶᠠᠨ ᠭᠦᠨᠵᠡᠭᠡᠶ | ᠰᠣᠯᠢᠯᠴᠠᠵᠦ᠂ ᠵᠣᠯᠭᠠᠭᠤᠯᠬᠤ ᠠᠵᠢᠯ ᠢ ᠭᠦᠨᠵᠡᠭᠡᠶᠢᠷᠡᠭᠦᠯᠤᠨ᠂ ᠬᠠᠮᠲᠤᠷᠠᠯᠴᠠᠭᠠᠨ ᠤ ᠵᠦᠢᠯᠡᠰ ᠢ ᠲᠡᠭᠦᠯᠳᠡᠷᠵᠢᠭᠦᠯᠦᠨ | ᠨᠠᠷᠢᠯᠢᠬᠵᠢᠭᠤᠯᠵᠤ᠂ ᠣᠯᠠᠨ ᠬᠦᠷᠢᠶᠡᠨ ᠳᠠᠬᠢ ᠪᠣᠳᠠᠲᠠᠶ ᠶᠢ ᠡᠷᠬᠢᠮᠯᠡᠬᠦ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ | ᠬᠤᠯᠪᠣᠭᠳᠠᠯ ᠪᠥᠬᠦᠶ ᠵᠦᠢᠯᠡᠰ ᠢ ᠪᠤᠳᠠᠳᠠᠢ ᠳᠤ ᠨᠠᠶᠢᠳᠡᠪᠦᠷᠢᠵᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠲᠣᠮᠣ | ᠳ᠋ᠠᠶᠢᠲ᠋ᠠ ᠶᠢ ᠠᠰᠢᠬᠯᠠᠨ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠨᠠᠩ ᠣᠨᠣᠴᠠᠲᠠᠶ ᠠᠬᠢᠭᠤᠯᠵᠤ᠂ ᠬᠠᠷᠢᠯᠴᠠᠨ ᠠᠰᠢᠭᠳᠠᠢ ᠪᠠᠶᠢᠵᠥ ᠬᠠᠮᠲᠤ ᠪᠠᠷ ᠠᠰᠢᠭ ᠭᠥᠷᠳᠡᠬᠦ ᠶᠢ | ᠪᠡᠶᠡᠯᠡᠭᠦᠯᠦᠨ᠎ᠡ ᠭᠡᠵᠦ ᠰᠠᠨᠠᠯ ᠨᠢᠭᠡᠲᠡᠶ ᠢᠯᠡᠳᠬᠡᠵᠡᠬᠡᠪᠡ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠵᠠᠩ ᠱᠤᠤ ᠴᠦᠨ᠂ ᠵᠧᠩ ᠬᠤᠩ ᠹᠠᠨ ᠵᠢᠴᠢ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠦᠬᠦᠳ ᠠᠭᠤᠯᠵᠠᠯᠲᠠ ᠳᠤ ᠣᠷᠣᠯᠴᠠᠵᠡᠢ᠃ |