ᠮᠠᠨ ᠤ ᠣᠷᠣᠨ ᠰᠤᠷᠭᠠᠭᠤᠯᠢ ᠶᠢᠨ ᠰᠤᠷᠤᠯᠭ᠎ᠠ ᠡᠬᠢᠯᠡᠵᠦ ᠬᠢᠴᠢᠶᠡᠯ ᠰᠡᠷᠭᠦᠭᠡᠬᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠮᠲᠤᠷᠠᠭᠰᠠᠨ ᠬᠤᠷᠠᠯ ᠤᠨ ᠲᠣᠭᠲᠠᠴᠠ ᠶᠢ ᠪᠠᠶᠢᠭᠤᠯᠪᠠ
ᠨᠡᠶᠢᠲᠡᠯᠡᠭᠰᠡᠨ ᠴᠠᠭ᠄
2020/4/2
     3 ᠳ᠋ᠤᠭᠠᠷ ᠰᠠᠷ᠎ᠠ ᠶᠢᠨ 30᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠨᠢ ᠰᠤᠷᠭᠠᠭᠤᠯᠢ ᠶᠢᠨ ᠰᠤᠷᠤᠯᠭ᠎ᠠ ᠡᠬᠢᠯᠡᠵᠦ ᠬᠢᠴᠢᠶᠡᠯ ᠰᠡᠷᠭᠦᠭᠡᠬᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠮᠲᠤᠷᠠᠭᠰᠠᠨ ᠬᠤᠷᠠᠯ ᠤᠨ ᠲᠣᠭᠲᠠᠴᠠ ᠶᠢ ᠪᠠᠶᠢᠭᠤᠯᠵᠤ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠤᠬᠠᠭᠤᠯᠬᠤ᠂ ᠰᠦᠯᠵᠢᠶᠡᠨ ᠤ ᠮᠡᠳᠡᠭᠡ ᠵᠠᠩᠭᠢ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ᠂ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠰᠠᠯᠠᠭ᠎ᠠ ᠮᠥᠴᠢᠷ ᠢ ᠪᠦᠷᠢᠯᠳᠦᠬᠦᠨ ᠨᠢᠭᠡᠴᠢ ᠳᠤ ᠣᠷᠣᠭᠤᠯᠵᠤ᠂ ᠬᠠᠮᠲᠤᠷᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠤᠨ᠂ ᠰᠤᠷᠤᠯᠭ᠎ᠠ ᠡᠬᠢᠯᠡᠵᠦ ᠬᠢᠴᠢᠶᠡᠯ ᠰᠡᠷᠭᠦᠭᠡᠬᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠶ ᠲᠥᠯᠥᠪᠯᠡᠨ ᠳᠣᠭᠢᠷᠠᠭᠤᠯᠪᠠ᠃      ᠬᠠᠮᠲᠤᠷᠠᠭᠰᠠᠨ ᠬᠤᠷᠠᠯ ᠤᠨ ᠲᠣᠭᠲᠠᠴᠠ ᠳᠤ 4 ᠲᠠᠯ᠎ᠠ ᠶᠢᠨ ᠠᠭᠤᠯᠭ᠎ᠠ ᠪᠠᠭᠲᠠᠨ᠎ᠠ᠃ ᠨᠢᠭᠡ ᠳᠤ ᠡᠯ᠎ᠡ ᠰᠠᠯᠠᠭ᠎ᠠ ᠮᠥᠴᠢᠷ ᠤᠨ ᠭᠤᠤᠯ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠡᠯ᠎ᠡ ᠱᠠᠲᠤᠨ ᠤ ᠵᠠᠰᠠᠭ ᠤᠨ ᠣᠷᠳᠣᠨ ᠤ ᠰᠤᠷᠭᠠᠨ ᠬᠥᠮᠦᠵᠢᠯ ᠢ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠠᠴᠠ ᠰᠡᠷᠭᠡᠶᠢᠯᠡᠨ ᠡᠵᠡᠮᠳᠡᠬᠦ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠬᠦ᠂ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠭᠤᠤᠯᠴᠢᠯᠠᠨ ᠬᠠᠮᠢᠶᠠᠷᠬᠤ ᠬᠠᠷᠢᠭᠤᠴᠠᠯᠭ᠎ᠠ ᠶᠢ ᠡᠭᠦᠷᠭᠡᠯᠡᠬᠦ᠂ ᠰᠤᠷᠭᠠᠭᠤᠯᠢ ᠶᠢᠨ ᠵᠠᠬᠢᠷᠤᠯ ᠨᠢᠭᠡᠳᠦᠭᠡᠷ ᠬᠠᠷᠢᠭᠤᠴᠠᠯᠭ᠎ᠠ ᠡᠭᠦᠷᠭᠡᠯᠡᠭᠴᠢ ᠪᠣᠯᠬᠤ᠂ ᠠᠩᠭᠢ ᠶᠢᠨ ᠡᠷᠬᠢᠯᠡᠭᠴᠢ ᠪᠣᠯᠤᠨ ᠰᠤᠷᠭᠠᠭᠤᠯᠢ ᠶᠢᠨ ᠡᠮᠴᠢ ᠶᠢᠨ ᠪᠣᠳᠠᠲᠠᠶ ᠬᠠᠷᠢᠭᠤᠴᠠᠯᠭ᠎ᠠ ᠶᠢ ᠡᠭᠦᠷᠭᠡᠯᠡᠬᠦ ᠱᠠᠲᠤ ᠬᠤᠪᠢᠶᠠᠨ ᠬᠠᠮᠢᠶᠠᠷᠬᠤ ᠪᠠ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠲᠣᠭᠲᠠᠭᠠᠪᠠ᠃ ᠬᠤᠶᠠᠷ ᠲᠤ ᠡᠯ᠎ᠡ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠤᠳᠤᠷᠢᠳᠬᠤ ᠪᠠᠭ ᠪᠣᠯᠣᠨ ᠴᠢᠬᠤᠯᠠ ᠭᠤᠭᠴᠤᠭ᠎ᠠ ᠶᠢᠨ ᠺᠠᠳ᠋ᠷ ᠨᠢ ᠰᠤᠷᠭᠠᠭᠤᠯᠢ ᠶᠢ ᠳᠠᠭᠠᠭᠠᠴᠢᠯᠠᠨ ᠬᠤᠯᠪᠣᠬᠤ᠂ ᠰᠤᠷᠭᠠᠭᠤᠯᠢ ᠶᠢᠨ ᠤᠳᠤᠷᠢᠳᠤᠯᠭ᠎ᠠ ᠪᠣᠯᠣᠨ ᠺᠠᠳ᠋ᠷ ᠨᠢ ᠰᠤᠷᠤᠯᠭ᠎ᠠ ᠶᠢᠨ ᠣᠨ᠂ ᠠᠩᠭᠢ ᠶᠢ ᠳᠠᠭᠠᠭᠠᠴᠢᠯᠠᠨ ᠬᠤᠯᠪᠣᠵᠤ ᠤᠳᠤᠷᠢᠳᠬᠤ ᠰᠢᠰᠲ᠋ᠧᠮᠵᠢ ᠪᠠ ᠲᠦᠷᠭᠡᠨ ᠲᠤᠰᠬᠠᠬᠤ ᠲᠣᠭᠲᠠᠴᠠ ᠪᠠᠶᠢᠭᠤᠯᠬᠤ ᠶᠢ ᠲᠣᠳᠣᠷᠬᠠᠶᠢᠯᠠᠪᠠ᠃ ᠭᠤᠷᠪᠠ ᠳᠤ ᠲᠤᠬᠠᠶ ᠶᠢᠨ ᠭᠠᠵᠠᠷ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠ ᠰᠤᠷᠭᠠᠭᠤᠯᠢ ᠶᠢᠨ ︽ᠴᠡᠭ ᠠᠴᠠ ᠴᠡᠭ ᠲᠤ ᠬᠦᠷᠬᠦ︾ ᠬᠠᠮᠵᠢᠯᠴᠠᠭᠠᠨ ᠤ ᠲᠣᠭᠲᠠᠴᠠ ᠶᠢ ᠪᠠᠶᠢᠭᠤᠯᠤᠨ᠎ᠠ᠃ ᠲᠦᠷᠪᠡ ᠳᠤ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠨ ᠬᠠᠮᠲᠤᠷᠠᠨ ᠰᠢᠮᠳᠠᠭᠤᠯᠵᠤ ᠪᠠᠶᠢᠴᠠᠭᠠᠬᠤ ᠲᠣᠭᠲᠠᠴᠠ ᠪᠣᠯᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠲᠣᠭᠲᠠᠭᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号