4 ᠳ᠋ᠦ᠋ᠭᠡᠷ ᠰᠠᠷ᠎ᠠ ᠶᠢᠨ 1 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ | ᠶᠠᠪᠤᠳᠠᠯ ᠤᠨ ᠲᠣᠪᠴᠢᠶ᠎ᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠮᠠᠨ ᠤ ᠣᠷᠣᠨ | ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠲᠡᠷᠡ | ᠶᠣᠰᠣᠭᠠᠷ ᠨᠢ ᠬᠡᠷᠡᠭᠵᠢᠭᠦᠯᠵᠦ᠂ ᠣᠲᠣ ᠪᠣᠯᠲᠠᠯ᠎ᠠ᠂ ᠰᠢᠨ᠎ᠡ ᠪᠠᠷ ᠨᠡᠶᠢᠲᠡᠯᠡᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠳᠡᠮᠵᠢᠬᠦ ᠭᠠᠶᠢᠯᠢ ᠰᠦᠢᠳᠬᠡᠯ ᠤᠨ ᠬᠠᠷᠠᠭᠠᠯᠵᠠᠯᠲᠤ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ᠂ ᠪᠥᠬᠦ ᠣᠷᠣᠨ ᠤ 4590 ᠭᠠᠶᠢᠯᠢ | ᠲᠤᠰᠢᠶᠠᠭᠴᠢ ᠳᠤ ᠥᠷᠲᠡᠭ ᠤᠨ ᠨᠡᠮᠡᠭᠳᠡᠯ ᠭᠠᠶᠢᠯᠢ ᠶᠢ 9152.4 ᠲᠦᠮᠡᠨ ᠲᠥᠭᠦᠷᠢᠭ ᠬᠡᠯᠲᠦᠷᠢᠭᠦᠯᠪᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠳᠡᠳ᠋ | ᠳᠠᠷᠤᠭ᠎ᠠ ᠯᠢᠦ ᠴᠠᠩ ᠽᠠᠢ ᠲᠠᠨᠢᠯᠴᠠᠭᠤᠯᠬᠤ ᠳᠠᠭᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ | ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠳᠡᠮᠵᠢᠬᠦ ᠳᠤ ᠴᠢᠭᠯᠡᠭᠦᠯᠦᠨ᠂ ᠮᠠᠨ ᠤ | ᠣᠷᠣᠨ ᠤᠷᠢᠳ ᠬᠤᠵᠢᠳ ᠰᠡᠷᠭᠡᠶᠢᠯᠡᠨ ᠬᠠᠮᠠᠭᠠᠯᠠᠵᠤ ᠠᠪᠤᠷᠠᠨ ᠵᠠᠰᠠᠬᠤ ᠶᠢ ᠳᠡᠮᠵᠢᠬᠦ᠂ ᠡᠳ᠋ ᠪᠣᠳᠠᠰ ᠤᠨ | ᠬᠠᠩᠭᠠᠯᠭ᠎ᠠ ᠶᠢ ᠳᠡᠮᠵᠢᠬᠦ᠂ ᠨᠡᠶᠢᠲᠡ ᠶᠢᠨ ᠠᠰᠠᠷᠠᠮᠵᠢ ᠶᠢᠨ ᠬᠠᠨᠳᠢᠪᠯᠠᠨ ᠬᠦᠷᠭᠡᠬᠦ ᠶᠢ ᠵᠣᠷᠢᠭᠵᠢᠭᠤᠯᠬᠤ᠂ ᠠᠵᠢᠯ ᠢᠶᠠᠨ | ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠳᠡᠮᠵᠢᠬᠦ 4 ᠲᠥᠷᠥᠯ ᠤᠨ 21 ᠵᠦᠢᠯ ᠤᠨ ᠭᠠᠶᠢᠯᠢ | ᠰᠦᠢᠳᠬᠡᠯ ᠤᠨ ᠬᠠᠷᠠᠭᠠᠯᠵᠠᠯᠲᠤ ᠲᠥᠷᠥ ᠶᠢᠨ ᠪᠣᠳᠣᠯᠭ᠎ᠠ ᠭᠠᠷᠭᠠᠪᠠ᠃ ᠡᠭᠦᠨ ᠳᠤ᠂ 4193 ᠭᠠᠶᠢᠯᠢ | ᠲᠤᠰᠢᠶᠠᠭᠴᠢ ᠶᠢᠨ ᠣᠯᠠᠨ ᠨᠡᠶᠢᠲᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠴᠢᠯᠡᠭᠡ᠂ ᠠᠮᠢᠳᠤᠷᠠᠯ ᠤᠨ | ᠦᠢᠯᠡᠴᠢᠯᠡᠭᠡ ᠵᠢᠴᠢ ᠰᠠᠭᠤᠭᠠᠯᠢ ᠠᠷᠠᠳ ᠤᠨ ᠵᠠᠪᠠᠯ ᠬᠡᠷᠡᠭᠰᠡᠬᠦ ᠠᠮᠢᠳᠤᠷᠠᠯ ᠤᠨ ᠡᠳ᠋ ᠪᠤᠳᠠᠰ ᠤᠨ ᠲᠦᠷᠭᠡᠨ | ᠬᠦᠷᠭᠡᠯᠲᠡ ᠶᠢᠨ ᠦᠢᠯᠡᠴᠢᠯᠡᠭᠡᠨ ᠤ ᠥᠷᠲᠡᠭ ᠤᠨ ᠨᠡᠮᠡᠭᠳᠡᠯ ᠭᠠᠶᠢᠯᠢ ᠶᠢ 4249.1 ᠲᠦᠮᠡᠨ ᠲᠥᠭᠦᠷᠢᠭ | ᠬᠡᠯᠲᠦᠷᠢᠭᠦᠯᠵᠦ᠂ 65 ᠭᠠᠶᠢᠯᠢ ᠲᠤᠰᠢᠶᠠᠭᠴᠢ ᠶᠢᠨ ᠬᠢᠵᠢᠭ ᠤᠨ ᠪᠠᠶᠢᠳᠠᠯ ᠢ ᠠᠷᠭᠠᠴᠠᠭᠠᠬᠤ ᠳᠤ ᠬᠠᠨᠳᠢᠪᠯᠠᠭᠰᠠᠨ ᠡᠳ᠋ | ᠪᠠᠷᠠᠭᠠᠨ ᠤ ᠥᠷᠲᠡᠭ ᠤᠨ ᠨᠡᠮᠡᠭᠳᠡᠯ ᠭᠠᠶᠢᠯᠢ ᠶᠢ 4894.7 ᠲᠦᠮᠡᠨ ᠲᠥᠭᠦᠷᠢᠭ ᠬᠡᠯᠲᠦᠷᠢᠭᠦᠯᠵᠦ᠂ 332 ᠭᠠᠶᠢᠯᠢ | ᠲᠤᠰᠢᠶᠠᠭᠴᠢ ᠶᠢᠨ ᠭᠤᠤᠯᠳᠠᠯᠭ᠎ᠠ ᠲᠠᠢ ᠪᠠᠲᠤᠯᠠᠬᠤ ᠡᠳ᠋ ᠪᠣᠳᠠᠰ ᠤᠨ ᠲᠡᠭᠡᠭᠡᠪᠦᠷᠢ ᠶᠢᠨ ᠥᠷᠲᠡᠭ ᠤᠨ ᠨᠡᠮᠡᠭᠳᠡᠯ | ᠭᠠᠶᠢᠯᠢ ᠶᠢ 8.6 ᠲᠦᠮᠡᠨ ᠲᠥᠭᠦᠷᠢᠭ ᠬᠡᠯᠲᠦᠷᠢᠭᠦᠯᠪᠠ᠃ | ᠮᠠᠨ ᠤ ᠣᠷᠣᠨ ᠪᠠᠰᠠ ᠬᠢᠵᠢᠭ ᠤᠨ ᠨᠥᠯᠥᠭᠡ ᠠᠴᠠ ᠪᠣᠯᠵᠣ ᠬᠦᠨᠳᠦ ᠶᠡᠭᠡ ᠬᠤᠬᠢᠷᠠᠯ ᠭᠠᠷᠤᠭᠰᠠᠨ᠂ ᠬᠡᠪ ᠤᠨ | ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠨᠢ ᠬᠦᠨᠳᠦ ᠶᠡᠭᠡ ᠨᠥᠯᠥᠭᠡᠯᠡᠭᠳᠡᠭᠰᠡᠨ ᠳᠤᠮᠳᠠ ᠵᠢᠵᠢᠭ ᠠᠵᠤ | ᠠᠬᠤᠶᠢᠯᠠᠯ ᠤᠨ ᠬᠡᠷ ᠬᠥᠷᠥᠩᠭᠡ ᠶᠢᠨ ᠭᠠᠶᠢᠯᠢ ᠪᠠ ᠬᠤᠲᠠ ᠪᠠᠯᠭᠠᠰᠤ ᠶᠢᠨ ᠭᠠᠵᠠᠷ ᠰᠢᠷᠣᠶ ᠬᠡᠷᠡᠭᠯᠡᠬᠦ ᠭᠠᠶᠢᠯᠢ ᠶᠢ | ᠬᠠᠰᠤᠵᠤ ᠭᠡᠯᠳᠦᠷᠢᠭᠦᠯᠪᠡ᠃ ᠲᠥᠰᠦᠭᠡᠯᠡᠨ ᠪᠤᠳᠤᠭᠰᠠᠨ ᠢᠶᠠᠷ᠂ ᠵᠢᠱᠢᠯᠲᠡ ᠪᠠᠷ ᠪᠥᠬᠦ ᠣᠷᠣᠨ ᠤ 2020 ᠣᠨ ᠤ | ᠪᠥᠬᠦ ᠵᠢᠯ ᠳᠤ ᠬᠡᠷ ᠬᠥᠷᠥᠩᠭᠡ ᠶᠢᠨ ᠭᠠᠶᠢᠯᠢ ᠪᠠ ᠬᠤᠲᠠ ᠪᠠᠯᠭᠠᠰᠤ ᠶᠢᠨ ᠭᠠᠵᠠᠷ ᠰᠢᠷᠣᠶ ᠬᠡᠷᠡᠭᠯᠡᠬᠦ ᠭᠠᠶᠢᠯᠢ ᠶᠢ 14 | ᠳ᠋ᠦᠩᠰᠢᠭᠤᠷ ᠲᠥᠭᠦᠷᠢᠭ ᠬᠠᠰᠤᠵᠤ ᠭᠡᠯᠳᠦᠷᠢᠭᠦᠯᠦᠨ᠎ᠡ᠃ | ᠬᠢᠵᠢᠭ ᠤᠨ ᠪᠠᠶᠢᠳᠠᠯ ᠤᠨ ᠭᠠᠳᠠᠭᠠᠳᠤ ᠪᠡᠯᠡ ᠪᠠ ᠭᠠᠳᠠᠭᠠᠳᠤ ᠠᠷᠠᠯᠵᠢᠶ᠎ᠠ ᠳᠤ ᠦᠵᠡᠭᠦᠯᠬᠦ ᠨᠥᠯᠥᠭᠡ ᠶᠢ | ᠪᠠᠭᠤᠷᠠᠭᠤᠯᠬᠤ ᠶᠢᠨ ᠲᠥᠯᠥᠭᠡ᠂ ᠮᠠᠨ ᠤ ᠣᠷᠣᠨ ᠡᠨᠧᠷᠭᠢ ᠶᠢᠨ ᠬᠤᠷᠣᠭᠳᠠᠯ ᠶᠡᠬᠡᠲᠡᠶ ᠪᠣᠬᠢᠷᠲᠤᠯ ᠶᠡᠬᠡᠲᠡᠶ ᠪᠠ ᠡᠬᠢ | ᠪᠠᠶᠠᠯᠢᠭ ᠤᠨ ᠴᠢᠨᠠᠷᠲᠠᠶ ᠠᠴᠠ ᠪᠣᠰᠤᠳ ᠭᠠᠳᠠᠭᠠᠳᠤ ᠳᠤ ᠭᠠᠷᠭᠠᠬᠤ ᠦᠢᠯᠡᠳᠬᠦᠨ ᠤ ᠭᠠᠳᠠᠭᠠᠳᠤ ᠭᠠᠷᠭᠠᠯᠲᠠ ᠶᠢᠨ | ᠭᠠᠶᠢᠯᠢ ᠶᠢᠨ ᠪᠤᠴᠠᠭᠠᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠭᠠᠳᠠᠭᠠᠳᠤ ᠶᠢᠨ ᠬᠤᠳᠠᠯᠳᠤᠭᠠᠴᠢᠨ ᠤ ᠪᠠᠯᠠ | ᠣᠷᠣᠭᠤᠯᠬᠤ ᠶᠢ ᠵᠣᠷᠢᠭᠵᠢᠭᠤᠯᠬᠤ ᠠᠵᠤ ᠦᠢᠯᠡᠰ ᠤᠨ ᠬᠡᠪᠴᠢᠶ᠎ᠡ ᠶᠢ ᠥᠷᠭᠡᠳᠬᠡᠬᠦ ᠶᠢᠨ ᠬᠠᠮᠲᠤ ᠳᠣᠲᠣᠭᠠᠳᠤ | ᠭᠠᠳᠠᠭᠠᠳᠤ ᠪᠡᠯᠡ ᠶᠢᠨ ᠠᠵᠤ ᠠᠬᠤᠶᠢᠯᠠᠯ ᠤᠳ ᠣᠶᠢᠷ᠎ᠠ ᠶᠢᠨ ᠬᠤᠭᠤᠴᠠᠭᠠᠨ ᠳᠤ ᠨᠡᠶᠢᠲᠡᠯᠡᠭᠰᠡᠨ ᠭᠠᠶᠢᠯᠢ ᠶᠢ | ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠠᠳᠠᠯᠢ ᠲᠡᠭᠰᠢ ᠪᠠᠷ ᠭᠥᠷᠳᠡᠬᠦ ᠶᠢ ᠦᠨᠡᠨ ᠬᠦ | ᠪᠠᠲᠤᠯᠠᠪᠠ᠃ 3 ᠳ᠋ᠤᠭᠠᠷ ᠰᠠᠷ᠎ᠠ ᠶᠢᠨ 20 ᠤ ᠡᠳᠦᠷ ᠠᠴᠠ ᠡᠬᠢᠯᠡᠨ᠂ ᠪᠥᠬᠦ ᠣᠷᠣᠨ ᠳᠤ ᠬᠤᠯᠪᠣᠭᠳᠠᠭᠰᠠᠨ | ᠭᠠᠳᠠᠭᠠᠳᠤ ᠳᠤ ᠭᠠᠷᠭᠠᠬᠤ 173 ᠵᠦᠢᠯ ᠤᠨ ᠲᠠᠸᠠᠷ ᠤᠨ ᠭᠠᠳᠠᠭᠠᠳᠤ ᠭᠠᠷᠭᠠᠯᠲᠠ ᠶᠢᠨ ᠭᠠᠶᠢᠯᠢ ᠶᠢᠨ | ᠪᠤᠴᠠᠭᠠᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠲᠥᠰᠦᠭᠡᠯᠡᠨ ᠪᠤᠳᠤᠪᠠᠯ ᠭᠠᠳᠠᠭᠠᠳᠤ ᠭᠠᠷᠭᠠᠯᠲᠠ ᠶᠢᠨ 65 ᠠᠵᠤ | ᠠᠬᠤᠶᠢᠯᠠᠯ ᠳᠤ ᠵᠢᠯ ᠪᠦᠷᠢ ᠳᠤᠮᠳᠠᠴᠢ ᠪᠠᠷ 9573 ᠲᠦᠮᠡᠨ ᠲᠥᠭᠦᠷᠢᠭ ᠤᠨ ᠭᠠᠳᠠᠭᠠᠳᠤ ᠭᠠᠷᠭᠠᠯᠲᠠ ᠶᠢᠨ | ᠭᠠᠶᠢᠯᠢ ᠶᠢᠨ ᠪᠤᠴᠠᠭᠠᠯᠲᠠ ᠶᠢ ᠨᠡᠮᠡᠭᠳᠡᠭᠦᠯᠬᠦ ᠪᠣᠯᠤᠨ᠎ᠠ᠃ | ᠡᠭᠦᠨ ᠤ ᠬᠠᠮᠲᠤ᠂ ᠥᠪᠥᠷ ᠮᠣᠩᠭᠤᠯ 2᠂ 3 ᠳ᠋ᠤᠭᠠᠷ ᠰᠠᠷ᠎ᠠ ᠶᠢᠨ ᠭᠠᠶᠢᠯᠢ ᠲᠤᠰᠢᠶᠠᠬᠤ ᠪᠠᠷ ᠮᠡᠳᠡᠭᠦᠯᠬᠦ | ᠬᠤᠭᠤᠴᠠᠭ᠎ᠠ ᠶᠢ ᠤᠷᠲᠤᠳᠬᠠᠨ᠂ ᠣᠳᠣᠬᠠᠨ ᠳᠤ ᠨᠢᠭᠡᠨᠲᠡ 132 ᠡᠷᠦᠬᠡ ᠶᠢᠨ ᠬᠤᠶᠢᠰᠢᠯᠠᠭᠤᠯᠬᠤ ᠭᠤᠶᠤᠴᠢᠯᠠᠯ ᠢ | ᠭᠦᠢᠴᠡᠳᠬᠡᠵᠦ᠂ 388 ᠡᠷᠦᠬᠡ ᠨᠢ ᠭᠠᠶᠢᠯᠢ ᠶᠢᠨ ᠰᠦᠢᠳᠬᠡᠯ ᠢᠶᠠᠨ ᠬᠤᠶᠢᠰᠢᠯᠠᠭᠤᠯᠤᠨ ᠲᠤᠰᠢᠶᠠᠵᠤ᠂ ᠭᠠᠶᠢᠯᠢ ᠶᠢᠨ | ᠦᠷᠲᠡᠭ ᠨᠢ 7.98 ᠳ᠋ᠦᠩᠰᠢᠭᠤᠷ ᠲᠥᠭᠦᠷᠢᠭ ᠲᠤ ᠬᠦᠷᠴᠡᠶ᠃ | |