ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠥᠪᠥᠷ ᠮᠣᠩᠭᠤᠯ ᠤᠨ ᠮᠠᠨᠵᠤᠤᠷ ᠬᠤᠲᠠ ᠶᠢᠨ ᠬᠢᠵᠢᠭ ᠲᠠᠢ ᠲᠡᠮᠡᠴᠡᠬᠦ ᠳᠤ ᠲᠤᠰᠠᠯᠠᠭᠰᠠᠨ ᠡᠮᠴᠢᠯᠡᠭᠡᠨ ᠤ ᠡᠳ᠋ ᠪᠣᠳᠠᠰ ᠤᠷᠤᠭᠰᠢᠲᠠᠶ ᠬᠥᠷᠴᠦ ᠢᠷᠡᠪᠡ
ᠨᠡᠶᠢᠲᠡᠯᠡᠭᠰᠡᠨ ᠴᠠᠭ᠄
2020/4/20
    4 ᠳ᠋ᠦ᠋ᠭᠡᠷ ᠰᠠᠷ᠎ᠠ ᠶᠢᠨ 17᠎ ᠤ ᠡᠳᠦᠷ᠂ ᠬᠢᠵᠢᠭ ᠲᠠᠢ ᠲᠡᠮᠡᠴᠡᠬᠦ ᠡᠮᠴᠢᠯᠡᠭᠡᠨ ᠤ ᠡᠳ᠋ ᠪᠣᠳᠠᠰ ᠮᠠᠨᠵᠤᠤᠷ ᠤᠨ ᠨᠢᠰᠬᠡᠯ ᠤᠨ ᠪᠠᠭᠤᠳᠠᠯ ᠳᠤ ᠬᠦᠷᠴᠦ ᠢᠷᠡᠪᠡ᠃      17᠎ ᠤ ᠡᠳᠦᠷ ᠤᠨ 17 ᠴᠠᠭ 42 ᠮᠢᠨᠦ᠋ᠲ ᠲᠤ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠮᠠᠨᠵᠤᠤᠷ ᠲᠤ ᠪᠠᠴᠢᠮ ᠲᠣᠬᠢᠷᠠᠭᠤᠯᠤᠯᠲᠠ ᠬᠢᠵᠦ᠂ ᠮᠠᠨᠵᠤᠤᠷ ᠢ ᠲᠤᠰᠠᠯᠠᠬᠤ ᠡᠯ᠎ᠡ ᠲᠥᠷᠥᠯ ᠤᠨ ᠡᠮᠴᠢᠯᠡᠭᠡᠨ ᠤ ᠡᠳ᠋ ᠪᠣᠳᠠᠰ ᠢᠶᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠨᠵᠤᠤᠷ ᠬᠤᠲᠠ ᠳᠤ ᠵᠢᠩᠬᠢᠨᠢ ᠪᠠᠷ ᠲᠤᠰᠢᠶᠠᠨ ᠥᠭᠴᠡᠶ᠃
    4 ᠳ᠋ᠦ᠋ᠭᠡᠷ ᠰᠠᠷ᠎ᠠ ᠶᠢᠨ 17᠎ ᠤ ᠡᠳᠦᠷ᠂ ᠬᠢᠵᠢᠭ ᠲᠠᠢ ᠲᠡᠮᠡᠴᠡᠬᠦ ᠡᠮᠴᠢᠯᠡᠭᠡᠨ ᠤ ᠡᠳ᠋ ᠪᠣᠳᠠᠰ ᠮᠠᠨᠵᠤᠤᠷ ᠤᠨ ᠨᠢᠰᠬᠡᠯ ᠤᠨ ᠪᠠᠭᠤᠳᠠᠯ ᠳᠤ ᠬᠦᠷᠴᠦ ᠢᠷᠡᠪᠡ᠃      ᠣᠶᠢᠯᠠᠭᠠᠭᠰᠠᠨ ᠢᠶᠠᠷ᠂ ᠲᠥᠪ ᠤᠨ ᠵᠢᠯᠣᠭᠤᠳᠬᠤ ᠳᠤᠭᠤᠶᠢᠯᠠᠩ ᠪᠠ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠢᠭᠡᠳᠦᠯᠲᠡᠶ ᠵᠢᠯᠣᠭᠤᠳᠣᠯᠭ᠎ᠠ ᠳᠣᠤᠷ᠎ᠠ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤᠮᠳᠠᠳᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠲᠦᠩ ᠵᠢᠶ ᠡᠮᠨᠡᠯᠭᠡ ᠶᠢᠨ ᠳᠡᠭᠡᠳᠦ ᠰᠤᠷᠭᠠᠭᠤᠯᠢ ᠶᠢᠨ ᠬᠠᠷᠢᠶᠠᠲᠤ ᠰᠢᠶᠧ ᠾᠧ ᠡᠮᠨᠡᠯᠭᠡ ᠶᠢᠨ ᠬᠤᠷᠢᠶ᠎ᠠ ᠪᠠ ᠲᠦᠩ ᠵᠢᠶ ᠡᠮᠨᠡᠯᠭᠡ ᠶᠢᠨ ᠬᠤᠷᠢᠶ᠎ᠡ ᠠᠴᠠ ᠡᠮᠴᠢᠯᠡᠭᠡᠨ ᠤ ᠡᠳ᠋ ᠪᠣᠳᠠᠰ ᠰᠢᠯᠵᠢᠭᠦᠯᠦᠨ ᠮᠠᠨᠵᠤᠤᠷ ᠬᠤᠲᠠ ᠶᠢ ᠲᠤᠰᠠᠯᠠᠪᠠ᠃ ᠲᠤᠰᠬᠠᠶ ᠨᠢᠰᠬᠡᠯ ᠢᠶᠠᠷ ᠵᠥᠭᠡᠭᠡᠪᠦᠷᠢᠯᠡᠭᠰᠡᠨ ᠡᠳᠡᠭᠡᠷ ᠡᠳ᠋ ᠪᠣᠳᠠᠰ ᠲᠤ ᠬᠢᠵᠢᠭ ᠲᠠᠢ ᠲᠡᠮᠡᠴᠡᠬᠦ ᠡᠮᠦᠨ᠎ᠡ ᠹᠷᠣᠨᠲ ᠤᠨ ᠬᠠᠮᠤᠭ ᠤᠨ ᠬᠡᠷᠡᠭᠴᠡᠭᠡ ᠲᠠᠢ ᠪᠡᠶ᠎ᠡ ᠶᠢᠨ ᠭᠠᠳᠠᠨᠠᠬᠢ ᠪᠦᠷᠬᠦᠭᠦᠯᠲᠦ ᠠᠭᠤᠰᠬᠢᠨ ᠤ ᠬᠦᠴᠢᠯᠲᠥ᠋ᠷᠥᠭᠴᠢ ᠶᠢᠨ ᠨᠡᠶᠢᠯᠡᠮᠡᠯ ᠮᠠᠰᠢᠨ ︵ECMO︶᠂ ᠠᠮᠢᠰᠬᠤᠯ ᠤᠨ ᠮᠠᠰᠢᠨ᠂ ᠬᠦᠴᠢᠯᠲᠥ᠋ᠷᠥᠭᠴᠢ ᠦᠢᠯᠡᠳᠬᠦ ᠮᠠᠰᠢᠨ ᠵᠡᠷᠭᠡ ᠠᠷᠪᠠᠨ ᠬᠡᠳᠦᠨ ᠵᠦᠢᠯ ᠤᠨ ᠠᠪᠤᠷᠠᠨ ᠵᠠᠰᠠᠬᠤ ᠲᠥᠬᠦᠭᠡᠷᠦᠮᠵᠢ ᠪᠠᠶᠢᠨ᠎ᠠ᠃ ᠲᠣᠰ ᠤᠳᠠᠭ᠎ᠠ ᠪᠠᠰᠠ ᠲᠡᠮᠦᠷ ᠵᠠᠮ ᠢᠶᠠᠷ ᠳᠠᠮᠵᠢᠭᠤᠯᠤᠨ ᠰᠥᠭᠡᠷᠭᠦ ᠳᠠᠷᠤᠯᠲᠠᠲᠤ ᠠᠪᠤᠷᠠᠨ ᠲᠤᠰᠠᠯᠠᠬᠤ ᠲᠡᠷᠭᠡ ᠪᠠ ᠰᠢᠯᠵᠢᠮᠡᠯ DR᠎ ᠢ ᠮᠠᠨᠵᠤᠤᠷ ᠲᠤ ᠬᠦᠷᠭᠡᠬᠦ ᠪᠣᠯᠤᠨ᠎ᠠ᠃
     4 ᠳ᠋ᠦ᠋ᠭᠡᠷ ᠰᠠᠷ᠎ᠠ ᠶᠢᠨ 17᠎ ᠤ ᠡᠳᠦᠷ᠂ ᠬᠢᠵᠢᠭ ᠲᠠᠢ ᠲᠡᠮᠡᠴᠡᠬᠦ ᠡᠮᠴᠢᠯᠡᠭᠡᠨ ᠤ ᠡᠳ᠋ ᠪᠣᠳᠠᠰ ᠮᠠᠨᠵᠤᠤᠷ ᠤᠨ ᠨᠢᠰᠬᠡᠯ ᠤᠨ ᠪᠠᠭᠤᠳᠠᠯ ᠳᠤ ᠬᠦᠷᠴᠦ ᠢᠷᠡᠪᠡ᠃      ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠮᠠᠨᠵᠤᠤᠷ ᠬᠤᠲᠠ ᠳᠤ ᠡᠮᠴᠢᠯᠡᠭᠡᠨ ᠤ ᠴᠤᠬᠠᠭ ᠡᠳ᠋ ᠪᠤᠳᠠᠰ ᠲᠣᠬᠢᠷᠠᠭᠤᠯᠤᠨ ᠲᠤᠰᠠᠯᠠᠭᠰᠠᠨ ᠶᠠᠪᠤᠳᠠᠯ ᠨᠢ᠂ ᠮᠠᠨᠵᠤᠤᠷ ᠬᠤᠲᠠ ᠶᠢᠨ ᠬᠢᠯᠢ ᠶᠢᠨ ᠭᠠᠳᠠᠨ᠎ᠠ ᠠᠴᠠ ᠬᠢᠵᠢᠭ ᠤᠨ ᠪᠠᠶᠢᠳᠠᠯ ᠣᠷᠣᠵᠤ ᠢᠷᠡᠬᠦ ᠶᠢ ᠡᠰᠡᠷᠭᠦᠴᠡᠬᠦ ᠡᠮ ᠡᠮᠨᠡᠯᠭᠡ ᠶᠢᠨ ᠠᠪᠤᠷᠠᠨ ᠵᠠᠰᠠᠬᠤ ᠳᠠᠷᠤᠯᠲᠠ ᠶᠢ ᠨᠠᠮᠳᠠᠭᠤᠯᠵᠤ᠂ ᠤᠯᠤᠰ ᠠᠴᠠ ᠬᠢᠯᠢ ᠬᠢᠵᠠᠭᠠᠷ ᠣᠷᠣᠨ ᠳᠤ ᠬᠢᠯᠢ ᠶᠢᠨ ᠭᠠᠳᠠᠨ᠎ᠠ ᠠᠴᠠ ᠬᠢᠵᠢᠭ ᠤᠨ ᠪᠠᠶᠢᠳᠠᠯ ᠣᠷᠤᠵᠤ ᠢᠷᠡᠬᠦ ᠶᠢ ᠰᠡᠷᠭᠡᠶᠢᠯᠡᠨ ᠡᠵᠡᠮᠳᠡᠬᠦ ᠠᠵᠢᠯ ᠢ ᠴᠢᠬᠤᠯᠠᠴᠢᠯᠠᠵᠤ ᠪᠠᠶᠢᠬᠤ ᠪᠠ ᠳᠡᠮᠵᠢᠵᠦ ᠪᠠᠶᠢᠬᠤ ᠶᠢ ᠬᠠᠷᠠᠭᠤᠯᠵᠤ᠂ ᠮᠠᠨᠵᠤᠤᠷ ᠬᠤᠲᠠ ᠬᠢᠯᠢ ᠶᠢᠨ ᠭᠠᠳᠠᠨ᠎ᠠ ᠠᠴᠠ ᠬᠢᠵᠢᠭ ᠤᠨ ᠪᠠᠶᠢᠳᠠᠯ ᠣᠷᠤᠵᠤ ᠢᠷᠡᠬᠦ ᠶᠢ ᠰᠡᠷᠭᠡᠶᠢᠯᠡᠬᠦ ᠳᠤ ᠨᠢ ᠡᠳ᠋ ᠪᠣᠳᠠᠰ ᠤᠨ ᠪᠠᠲᠤᠯᠠᠭ᠎ᠠ ᠬᠠᠩᠭᠠᠵᠠᠶ᠃      ᠮᠠᠨᠵᠤᠤᠷ ᠲᠤ ᠣᠲᠣ ᠣᠷᠣᠰ ᠠᠴᠠ ᠣᠷᠤᠵᠤ ᠢᠷᠡᠵᠦ ᠲᠣᠳᠣᠯᠠᠭᠰᠠᠨ ᠡᠪᠡᠳᠴᠢᠨ ᠤ ᠵᠢᠱᠢᠶ᠎ᠡ 74᠂ ᠰᠡᠵᠢᠭᠯᠡᠯᠲᠡᠶ ᠡᠪᠡᠳᠴᠢᠨ ᠤ ᠵᠢᠱᠢᠶ᠎ᠡ 10 ᠪᠣᠢ᠂ ᠤᠯᠤᠰ ᠠᠴᠠ ᠮᠠᠨᠵᠤᠤᠷ ᠲᠤ ᠨᠢᠭᠡᠨᠲᠡ ᠲᠤᠰᠬᠠᠶ ᠮᠡᠷᠭᠡᠵᠢᠯᠲᠡᠨ ᠤ ᠳᠤᠭᠤᠶᠢᠯᠠᠩ ᠲᠣᠮᠢᠯᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠶ ᠮᠡᠷᠭᠡᠵᠢᠯᠲᠡᠨ ᠲᠠᠢ ᠬᠠᠮᠲᠤ ᠡᠮᠨᠡᠨ ᠵᠠᠰᠠᠬᠤ ᠠᠵᠢᠯ ᠥᠷᠨᠢᠭᠦᠯᠵᠦ ᠪᠠᠶᠢᠨ᠎ᠠ᠂ ᠣᠳᠣᠬᠠᠨ ᠳᠤ ᠡᠪᠡᠳᠴᠢᠲᠡᠨ ᠤ ᠡᠪᠡᠳᠴᠢᠨ ᠤ ᠪᠠᠶᠢᠳᠠᠯ ᠲᠣᠭᠲᠠᠭᠤᠨ ᠪᠠᠶᠢᠵᠤ᠂ ᠴᠥᠮ ᠮᠠᠨᠵᠤᠤᠷ ᠬᠤᠲᠠ ᠶᠢᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠲᠤᠰᠠᠭᠠᠷᠯᠠᠨ ᠡᠮᠨᠡᠭᠦᠯᠵᠦ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号