ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ | ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠪᠥᠬᠦ ᠲᠠᠯ᠎ᠠ ᠪᠠᠷ ᠠᠬᠢᠭᠤᠯᠬᠤ ᠲᠤᠬᠠᠶ ᠨᠠᠮ ᠤᠨ | ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠶᠠᠪᠤᠳᠠᠯ ᠤᠨ ᠲᠢᠩᠬᠢᠮ ᠠᠴᠠ ᠪᠥᠬᠦ ᠣᠷᠣᠨ ᠤ ᠪᠣᠶ ᠪᠥᠬᠦᠶ ᠬᠤᠰᠢᠭᠤ ᠰᠢᠶᠠᠨ ︵ᠬᠤᠲᠠ ᠲᠣᠭᠤᠷᠢᠭ︶ ᠤ | ᠬᠢᠵᠢᠭ ᠤᠨ ᠵᠡᠷᠭᠡ ᠲᠠᠰ ᠢ ᠴᠥᠮ ᠳᠣᠤᠷ᠎ᠠ ᠲᠦᠭᠰᠢᠭᠦᠷᠢ ᠶᠢᠨ ᠲᠠᠰ ᠪᠣᠯᠭᠠᠨ ᠪᠠᠭᠤᠷᠠᠭᠤᠯᠤᠭᠰᠠᠨ ᠪᠣᠳᠠᠲᠤ | ᠪᠠᠶᠢᠳᠠᠯ ᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠵᠢᠯᠣᠭᠤᠳᠬᠤ ᠭᠠᠵᠠᠷ ᠢᠶᠠᠷ ᠵᠥᠪᠰᠢᠶᠡᠷᠡᠭᠦᠯᠦᠭᠡᠳ᠂ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠡᠪ ᠤᠨ | ᠦᠢᠯᠡᠴᠢᠯᠡᠭᠡᠨ ᠤ ᠡᠮᠬᠢ ᠳᠢᠭᠯᠢᠮ ᠢ ᠪᠥᠬᠦ ᠲᠠᠯ᠎ᠠ ᠪᠠᠷ ᠰᠡᠷᠭᠦᠭᠡᠪᠡ᠃ 4 ᠳ᠋ᠦ᠋ᠭᠡᠷ ᠰᠠᠷ᠎ᠠ ᠶᠢᠨ 13 ᠤ ᠡᠳᠦᠷ ᠪᠣᠯᠲᠠᠯ᠎ᠠ᠂ | ᠪᠥᠬᠦ ᠣᠷᠣᠨ ᠤ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠴᠠᠭᠠᠨ ᠰᠠᠷ᠎ᠠ ᠠᠴᠠ ᠡᠮᠦᠨ᠎ᠡ ᠭᠡᠷ ᠲᠤ ᠪᠠᠨ | ᠬᠠᠷᠢᠭᠰᠠᠨ ᠨᠠᠰᠤᠲᠠᠳ ᠤᠨ ᠪᠤᠴᠠᠯᠲᠠ ᠶᠢᠨ ᠲᠤᠭ᠎ᠠ ᠨᠡᠶᠢᠲᠡ 7395 ᠬᠥᠮᠦᠨ ᠳᠤ ᠬᠦᠷᠴᠦ᠂ ᠭᠡᠷ ᠲᠤ ᠪᠠᠨ | ᠬᠠᠷᠢᠭᠰᠠᠨ ᠨᠠᠰᠤᠲᠠᠳ ᠤᠨ ᠶᠡᠷᠦᠩᠬᠡᠶ ᠲᠣᠭᠠᠨ ᠤ 61.59% ᠶᠢ ᠡᠵᠡᠯᠡᠵᠦ᠂ ᠠᠰᠠᠷᠠᠮᠵᠢ ᠶᠢᠨ | ᠬᠦᠷᠢᠶᠡᠯᠡᠩ ᠳᠤ ᠪᠠᠨ ᠪᠤᠴᠠᠬᠤ ᠬᠦᠰᠡᠯ ᠲᠠᠢ ᠨᠠᠰᠤᠲᠠᠳ ᠢ ᠪᠦᠬᠦᠨ ᠢ ᠲᠣᠰᠴᠤ ᠠᠪᠤᠪᠠ᠃ | ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠡᠪ ᠤᠨ ᠦᠢᠯᠡᠴᠢᠯᠡᠭᠡᠨ ᠤ ᠡᠮᠬᠢ ᠳᠢᠭᠯᠢᠮ ᠢ ᠪᠥᠬᠦ | ᠲᠠᠯ᠎ᠠ ᠪᠠᠷ ᠰᠡᠷᠭᠦᠭᠡᠬᠦ ᠶᠢᠨ ᠬᠠᠮᠲᠤ᠂ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠰᠡᠷᠡᠮᠵᠢ | ᠠᠯᠳᠠᠬᠤ ᠥᠬᠡᠶ᠂ ᠳᠠᠶᠢᠨ ᠠᠴᠠ ᠬᠠᠯᠠᠰᠢᠷᠠᠬᠤ ᠥᠬᠡᠶ᠂ ᠭᠤᠷᠢᠳᠠᠯᠭ᠎ᠠ ᠲᠠᠯᠪᠢᠬᠤ ᠥᠬᠡᠶ᠂ ᠡᠷᠴᠢᠮ ᠰᠤᠯᠠᠷᠠᠭᠤᠯᠬᠤ | ᠥᠬᠡᠶ ᠳᠡᠭᠡᠳᠦ ᠬᠡᠮᠵᠢᠶᠡᠨ ᠤ ᠰᠡᠷᠡᠮᠵᠢ ᠶᠢᠨ ᠪᠠᠶᠢᠳᠠᠯ ᠢ ᠢᠮᠠᠭᠲᠠ ᠪᠠᠲᠤᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ︽ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠦᠢᠯᠡᠴᠢᠯᠡᠭᠡᠨ ᠤ ᠡᠮᠬᠢ ᠳᠢᠭᠯᠢᠮ ᠢ ᠰᠡᠷᠭᠦᠭᠡᠬᠦ ᠠᠵᠢᠯ ᠢ ᠪᠥᠬᠦ | ᠲᠠᠯ᠎ᠠ ᠪᠠᠷ ᠰᠠᠶᠢᠲᠤᠷ ᠬᠢᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠣᠳᠠᠲᠠᠶ ᠠᠷᠭ᠎ᠠ ᠬᠡᠮᠵᠢᠶ᠎ᠡ ᠵᠢᠴᠢ ᠴᠤᠪᠤᠷᠠᠯ ᠢ ᠲᠣᠳᠣᠷᠬᠠᠶᠢᠯᠠᠨ᠂ ᠲᠥᠷᠥᠯ ᠰᠠᠳᠤᠨ ᠤ ᠬᠡᠪ ᠤᠨ ᠡᠷᠭᠢᠵᠦ | ᠦᠵᠡᠬᠦ ᠶᠢ ᠰᠡᠷᠭᠦᠭᠡᠬᠦ᠂ ᠬᠤᠭᠤᠯᠠᠨ ᠭᠡᠷ ᠤᠨ ᠲᠠᠩᠬᠢᠮ ᠳᠤ ᠬᠤᠭᠤᠯᠠ ᠢᠳᠡᠬᠦ ᠶᠢ ᠰᠡᠷᠭᠦᠭᠡᠬᠦ ᠵᠡᠷᠭᠡ ᠲᠠᠯ᠎ᠠ ᠪᠠᠷ | ᠪᠣᠳᠠᠲᠠᠶ ᠱᠠᠭᠠᠷᠳᠠᠯᠭ᠎ᠠ ᠭᠠᠷᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ | ᠲᠥᠷᠥᠯ ᠬᠤᠪᠢᠶᠠᠨ ᠲᠦᠢᠯ ᠤᠨ ᠣᠨᠣᠪᠴᠢᠲᠠᠶ ᠰᠠᠶᠢᠲᠤᠷ ᠬᠢᠵᠦ ᠪᠠᠶᠢᠨ᠎ᠠ᠃ | ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠪᠠᠰᠠ ᠨᠠᠰᠤᠵᠢᠯ ᠤᠨ ᠦᠢᠯᠡᠴᠢᠯᠡᠭᠡᠨ ᠤ | ᠪᠠᠶᠢᠭᠤᠯᠤᠮᠵᠢ ᠶᠢᠨ ᠰᠤᠭᠤᠴᠢᠨ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠶᠢ ᠦᠷᠭᠦᠯᠵᠢᠯᠡᠨ ᠥᠷᠨᠢᠭᠦᠯᠵᠦ᠂ ᠪᠥᠬᠦ | ᠣᠷᠣᠨ ᠤ ᠡᠯ ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ ᠲᠣᠭᠤᠷᠢᠭ︶ ᠤ ᠠᠷᠠᠳ ᠤᠨ ᠶᠠᠪᠤᠳᠠᠯ ᠤᠨ | ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠬᠠᠷᠢᠶ᠎ᠠ ᠣᠷᠣᠨ ᠳᠠᠬᠢ ᠨᠠᠰᠤᠵᠢᠯ ᠤᠨ ᠠᠰᠠᠷᠠᠮᠵᠢ ᠶᠢᠨ | ᠪᠠᠶᠢᠭᠤᠯᠤᠮᠵᠢ ᠶᠢ ᠨᠡᠶᠢᠲᠡ 5901 ᠤᠳᠠᠭ᠎ᠠ ᠰᠤᠭᠤᠴᠢᠨ ᠪᠠᠶᠢᠴᠠᠭᠠᠵᠤ᠂ ᠡᠭᠦᠨ ᠳᠤ᠂ ᠮᠠᠯᠵᠢᠬᠤ ᠲᠠᠷᠢᠶᠠᠯᠠᠬᠤ | ᠣᠷᠣᠨ ᠤ ᠨᠠᠰᠤᠵᠢᠯ ᠤᠨ ᠠᠰᠠᠷᠠᠮᠵᠢ ᠶᠢᠨ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠢ 1212 ᠢ | ᠭᠤᠤᠯᠳᠠᠯᠭ᠎ᠠ ᠲᠠᠢ ᠰᠤᠭᠤᠴᠢᠨ ᠪᠠᠶᠢᠴᠠᠭᠠᠪᠠ᠃ ᠬᠢᠵᠢᠭ ᠤᠨ ᠪᠠᠶᠢᠳᠠᠯ ᠤᠨ ᠨᠥᠯᠥᠭᠡ ᠪᠠᠷ ᠭᠡᠷ ᠲᠤ ᠪᠠᠨ | ᠲᠤᠰᠠᠭᠠᠷᠯᠠᠭᠳᠠᠭᠰᠠᠨ ᠥᠨᠥᠴᠢᠨ ᠪᠡᠯᠪᠡᠰᠦᠨ ᠨᠠᠰᠤᠲᠠᠨ᠂ ᠭᠡᠷ ᠤᠨ ᠬᠥᠮᠦᠰ ᠨᠢ ᠲᠤᠰᠠᠭᠠᠷᠯᠠᠭᠳᠠᠵᠤ | ᠡᠮᠨᠡᠭᠦᠯᠦᠭᠳᠡᠭᠰᠡᠨ ᠠᠴᠠ ᠠᠰᠠᠷᠠᠨ ᠬᠠᠷᠠᠭᠠᠯᠵᠠᠬᠤ ᠬᠥᠮᠦᠨ ᠥᠬᠡᠶ ᠪᠠᠶᠢᠬᠤ ᠨᠠᠰᠤᠲᠠᠨ ᠪᠠ ᠮᠠᠯᠵᠢᠬᠤ ᠲᠠᠷᠢᠶᠠᠯᠠᠬᠤ | ᠣᠷᠣᠨ ᠤ ᠭᠡᠷ ᠲᠤ ᠪᠠᠨ ᠬᠤᠴᠣᠷᠤᠭᠰᠠᠨ ᠨᠠᠰᠤᠲᠠᠶᠢᠴᠤᠳ ᠤᠨ ᠪᠠᠶᠢᠳᠠᠯ ᠢ ᠨᠢᠭᠡᠳ ᠨᠢᠭᠡ ᠪᠠᠷ ᠣᠶᠢᠯᠠᠭᠠᠵᠤ᠂ | ᠠᠵᠢᠯᠲᠠᠨ ᠢ ᠵᠣᠬᠢᠶᠠᠨ ᠪᠠᠶᠢᠭᠤᠯᠤᠨ ᠰᠤᠷᠪᠤᠯᠵᠢᠯᠠᠨ ᠡᠷᠭᠢᠵᠦ ᠦᠵᠡᠬᠦ ᠠᠵᠢᠯᠯᠠᠭ᠎ᠠ ᠥᠷᠨᠢᠭᠦᠯᠪᠡ᠃ | ᠣᠳᠣᠬᠠᠨ ᠪᠣᠯᠲᠠᠯ᠎ᠠ᠂ ᠪᠥᠬᠦ ᠣᠷᠣᠨ ᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠣᠷᠣᠵᠤ | ᠰᠠᠭᠤᠭᠰᠠᠨ ᠨᠠᠰᠤᠲᠠᠶᠢᠴᠤᠳ ᠬᠢᠵᠢᠭ ᠲᠤ ᠨᠡᠷᠪᠡᠭᠳᠡᠭᠰᠡᠨ ᠦᠭᠡᠢ ᠪᠦᠭᠡᠳ ᠣᠨᠴᠠᠭᠠᠢ ᠬᠦᠴᠢᠷᠳᠡᠯᠲᠡᠶ | ᠨᠠᠰᠤᠲᠠᠶᠢᠴᠤᠳ ᠤᠨ ᠦᠨᠳᠦᠰᠦᠨ ᠠᠮᠢᠳᠤᠷᠠᠯ ᠢ ᠪᠦᠲᠦᠮᠵᠢᠲᠡᠶ ᠪᠠᠲᠤᠯᠠᠵᠤ ᠪᠠᠶᠢᠨ᠎ᠠ᠃ |