ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠬᠢᠩᠭᠠᠨ ᠠᠶᠢᠮᠠᠭ ᠤᠨ ᠵᠠᠬᠢᠷᠭ᠎ᠠ ᠪᠤᠯᠤᠨ ᠲᠦᠩ ᠴᠧᠩ ᠪᠦᠯᠦᠭᠯᠡᠯ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠵᠦᠪᠯᠡᠯᠴᠡᠭᠡᠷ ᠲᠤᠬᠢᠷᠠᠯᠴᠠᠵᠠᠢ        ᠵᠧᠩ ᠬᠤᠩ ᠹᠠᠨ ᠵᠦᠪᠯᠡᠯᠴᠡᠭᠡᠷ ᠲᠤᠬᠢᠷᠠᠯᠴᠠᠭᠰᠠᠨ ᠢ ᠭᠡᠷᠡᠴᠢᠯᠡᠪᠡ
ᠨᠡᠶᠢᠲᠡᠯᠡᠭᠰᠡᠨ ᠴᠠᠭ᠄
2020/4/20
     4 ᠰᠠᠷ᠎ᠠ ᠶᠢᠨ 17᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ᠂ ᠬᠢᠩᠭᠠᠨ ᠠᠶᠢᠮᠠᠭ ᠤᠨ ᠵᠠᠬᠢᠷᠭ᠎ᠠ ᠪᠤᠯᠤᠨ ᠲᠦᠩ ᠴᠧᠩ ᠪᠦᠯᠦᠭᠯᠡᠯ ᠬᠦᠬᠡᠬᠤᠳᠠ ᠳᠤ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠵᠦᠪᠯᠡᠯᠴᠡᠭᠡᠷ ᠲᠤᠬᠢᠷᠠᠯᠴᠠᠵᠠᠢ᠃      ᠦᠪᠡᠷᠳᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠵᠧᠩ ᠬᠤᠩ ᠹᠠᠨ ᠵᠦᠪᠯᠡᠯᠴᠡᠭᠡᠷ ᠲᠤᠬᠢᠷᠠᠯᠴᠠᠭᠰᠠᠨ ᠢ ᠭᠡᠷᠡᠴᠢᠯᠡᠪᠡ᠃      ᠵᠦᠪᠯᠡᠯᠴᠡᠭᠡᠷ ᠲᠤᠬᠢᠷᠠᠯᠴᠠᠬᠤ ᠶᠤᠰᠤᠯᠠᠯ ᠳᠡᠭᠡᠷ᠎ᠠ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠪᠤᠯᠤᠨ ᠲᠦᠩ ᠴᠧᠩ ᠰᠦᠯᠵᠢᠶᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠴᠠᠭᠠᠳᠤ ᠬᠢᠵᠠᠭᠠᠷᠳᠤ ᠺᠤᠮᠫᠠᠨᠢ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠲᠦᠩ ᠴᠧᠩ ᠰᠦᠯᠵᠢᠶᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠴᠠᠭᠠᠳᠤ ᠬᠢᠵᠠᠭᠠᠷᠳᠤ ᠺᠤᠮᠫᠠᠨᠢ ᠶᠢᠨ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠵᠦᠪᠯᠡᠯᠴᠡᠭᠡᠷ︾᠎ ᠲᠤ ᠭᠠᠷ ᠤᠨ ᠦᠰᠦᠭ ᠵᠢᠷᠤᠵᠤ᠂ ᠬᠢᠩᠭᠠᠨ ᠠᠶᠢᠮᠠᠭ ᠤᠨ ᠵᠠᠬᠢᠷᠭ᠎ᠠ ᠪᠤᠯᠤᠨ ᠲᠦᠩ ᠴᠧᠩ ᠪᠦᠯᠦᠭᠯᠡᠯ ︽ᠬᠢᠩᠭᠠᠨ ᠠᠶᠢᠮᠠᠭ ᠤᠨ ᠵᠠᠬᠢᠷᠭ᠎ᠠ ᠲᠦᠩ ᠴᠧᠩ ᠰᠦᠯᠵᠢᠶᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠴᠠᠭᠠᠳᠤ ᠬᠢᠵᠠᠭᠠᠷᠳᠤ ᠺᠤᠮᠫᠠᠨᠢ ᠶᠢᠨ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠵᠦᠪᠯᠡᠯᠴᠡᠭᠡᠷ︾᠎ ᠲᠤ ᠭᠠᠷ ᠤᠨ ᠦᠰᠦᠭ ᠵᠢᠷᠤᠵᠠᠢ᠃      ᠵᠦᠪᠯᠡᠯᠴᠡᠭᠡᠷ ᠲᠤᠬᠢᠷᠠᠯᠴᠠᠬᠤ ᠶᠤᠰᠤᠯᠠᠯ ᠶᠠᠪᠤᠭᠳᠠᠬᠤ ᠠᠴᠠ ᠡᠮᠦᠨ᠎ᠠ᠂ ᠲᠦᠩ ᠴᠧᠩ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠦ᠋ ᡁᠢ ᠰᠢᠶᠠᠩ ᠨᠠᠷ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠵᠤ᠂ ᠦᠪᠡᠷᠳᠡᠭᠡᠨ ᠵᠠᠰᠠᠬᠤ ᠤᠷᠤᠨ ᠤ ᠬᠦᠭᠵᠢᠭᠦᠯᠦᠯᠳᠡ ᠪᠠ ᠦᠭᠡᠷᠡᠴᠢᠯᠡᠯᠳᠡ ᠶᠢᠨ ᠵᠦᠪᠯᠡᠯ᠂ ᠰᠤᠶᠤᠯ ᠵᠢᠭᠤᠯᠴᠢᠯᠠᠯ ᠤᠨ ᠲᠢᠩᠭᠢᠮ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠲᠠᠢ ᠬᠠᠮᠳᠤᠷᠠᠯᠴᠠᠭ᠎ᠠ ᠪᠠᠨ ᠭᠦᠨᠵᠡᠭᠡᠶᠢᠷᠡᠭᠦᠯᠬᠦ᠂ ᠦᠪᠦᠷ ᠮᠤᠩᠭᠤᠯ ᠤᠨ ᠰᠤᠶᠤᠯ ᠵᠢᠭᠤᠯᠴᠢᠯᠠᠯ ᠤᠨ ᠠᠵᠤ ᠦᠢᠯᠡᠰ ᠤᠨ ᠳᠡᠰ ᠢ ᠳᠡᠪᠰᠢᠭᠦᠯᠬᠦ᠂ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠲᠤᠬᠠᠢ ᠰᠠᠨᠠᠯ ᠢᠶᠠᠨ ᠭᠦᠨᠵᠡᠭᠡᠢ ᠰᠤᠯᠢᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号