ᠥᠪᠥᠷ ᠵᠠᠰᠠᠭ ᠲᠠᠷᠬᠠᠭᠠᠭᠰᠠᠨ ﹇2019﹈ 17 ᠳ᠋ᠤᠭᠠᠷ ᠲᠤᠭᠠᠳᠤ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠳᠤ᠄ | ︽ᠨᠠᠩ ᠶᠡᠭᠡ ᠬᠡᠪᠴᠢᠶᠠᠨ ᠳᠤ ᠭᠠᠶᠢᠯᠢ ᠬᠠᠰᠤᠵᠦ ᠰᠦᠢᠳᠬᠡᠯ ᠪᠠᠭᠤᠷᠠᠭᠤᠯᠬᠤ ᠶᠢ ᠬᠡᠷᠡᠭᠵᠢᠭᠦᠯᠦᠭᠰᠡᠨ ᠤ | ᠳᠠᠷᠠᠭ᠎ᠠ ᠲᠥᠪ ᠤᠨ ᠪᠠ ᠣᠷᠣᠨ ᠨᠤᠲᠤᠭ ᠤᠨ ᠣᠷᠣᠯᠭ᠎ᠠ ᠶᠢᠨ ᠬᠤᠪᠢᠶᠠᠷᠢᠯᠠᠯᠳᠠ ᠳᠤ ᠲᠣᠬᠢᠷᠠᠭᠤᠯᠣᠯᠳᠠ ᠬᠢᠭᠦ | ᠠᠵᠢᠯ ᠤᠨ ᠥᠭᠡᠷᠡᠴᠢᠯᠡᠯᠲᠡ ᠶᠢ ᠠᠬᠢᠭᠤᠯᠬᠤ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ | ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠳᠠᠷᠬᠠᠭᠠᠭᠰᠠᠨ ﹇2019﹈ 21 ᠳ᠋ᠤᠭᠡᠷ ᠲᠣᠭᠠᠲᠤ︶ ᠤᠨ | ᠵᠣᠷᠢᠭ ᠰᠠᠨᠠᠭ᠎ᠠ ᠶᠢ ᠲᠣᠭᠤᠰᠢᠯᠠᠭᠤᠯᠣᠨ ᠨᠠᠶᠢᠳᠠᠪᠣᠷᠢᠵᠢᠭᠤᠯᠬᠤ ᠶᠢᠨ ᠲᠤᠰᠠᠳᠠ᠂ ᠡᠳᠦᠭᠡ ᠥᠪᠡᠷᠲᠡᠭᠡᠨ ᠵᠠᠰᠠᠬᠤ | ᠣᠷᠣᠨ ᠬᠢᠭᠡᠣᠨ ᠠᠶᠢᠮᠠᠭ ᠬᠤᠲᠠ ᠶᠢᠨ ᠣᠷᠣᠯᠭ᠎ᠠ ᠶᠢᠨ ᠬᠤᠪᠢᠶᠠᠷᠢᠯᠠᠯᠳᠠ ᠶᠢᠨ ᠬᠤᠯᠪᠣᠭᠳᠠᠯ ᠪᠥᠬᠦᠶ ᠣᠴᠢᠷ ᠢ | ᠲᠣᠳᠣᠷᠬᠠᠶᠢᠯᠠᠬᠤ ᠪᠠᠷ ᠳᠣᠤᠷᠠᠬᠢ ᠮᠡᠲᠦ ᠮᠡᠳᠡᠭᠳᠡᠶ᠎ᠡ᠃ | ᠨᠢᠭᠡ᠂ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠤᠪᠢᠳᠠᠬᠤ ᠥᠷᠲᠡᠭ ᠨᠡᠮᠡᠭᠳᠡᠯ ᠤᠨ | ᠭᠠᠶᠢᠯᠢ ᠶᠢᠨ ᠬᠠᠷᠢᠴᠠᠯ ᠤᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠩᠳᠠᠢ | ︽ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ᠲᠤᠷᠰᠢᠯᠲᠠ ᠶᠢᠨ | ᠴᠡᠭ ᠢ ᠪᠥᠬᠦ ᠲᠠᠯ᠎ᠠ ᠪᠠᠷ ᠶᠠᠪᠤᠨᠨᠳᠠᠭᠤᠯᠤᠨᠨᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ | ᠬᠤᠲᠠ ᠶᠢᠨ ᠥᠷᠲᠡᠭ ᠨᠡᠮᠡᠭᠳᠠᠯ ᠤᠨ ᠭᠠᠶᠢᠯᠢ ᠶᠢᠨ ᠣᠷᠣᠯᠭ᠎ᠠ ᠶᠢᠨ ᠬᠤᠪᠢᠶᠠᠷᠢᠯᠠᠯᠳᠠ ᠳᠤ ᠲᠣᠬᠢᠷᠠᠭᠤᠯᠣᠯᠳᠠ ᠬᠢᠭᠦ | ᠰᠢᠯᠵᠢᠯᠲᠡ ᠶᠢᠨ ᠲᠥᠰᠦᠯ ᠢ ᠳᠠᠷᠤᠮᠠᠯᠯᠠᠨ ᠶᠠᠪᠣᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2017﹈ 34 | ᠳ᠋ᠤᠭᠡᠷ ᠲᠣᠭᠠᠲᠤ︶ ᠳᠤ ᠲᠣᠭᠲᠠᠭᠠᠭᠰᠠᠨ 2 ᠠᠴᠠ 3 ᠵᠢᠯ ᠤᠨ ᠰᠢᠯᠵᠢᠯᠲᠡ ᠶᠢᠨ ᠬᠤᠭᠤᠴᠠᠭ᠎ᠠ ᠨᠢ 2019 ᠣᠨ ᠤ | ᠰᠡᠭᠦᠯᠴᠢ ᠪᠤᠯᠬᠤ ᠳᠤ ᠬᠤᠭᠤᠴᠠᠭ᠎ᠠ ᠨᠢ ᠲᠤᠯᠬᠤ ᠪᠣᠯᠤᠨ᠎ᠠ᠃ ᠲᠥᠷᠥ ᠲᠠᠷᠬᠠᠭᠠᠭᠰᠠᠨ ﹇2019﹈ 21 ᠳ᠋ᠤᠭᠡᠷ | ᠲᠣᠭᠠᠲᠤ ᠪᠢᠴᠢᠭ ᠮᠠᠲ᠋ᠧᠷᠢᠶᠠᠯ ᠳᠠᠬᠢ ︽ᠣᠳᠣ ᠶᠢᠨ ᠪᠠᠶᠢᠭ᠎ᠠ ᠡᠳ᠋ ᠤᠨ ᠬᠦᠴᠦᠨ ᠤ ᠪᠠᠶᠢᠷᠢᠰᠢᠯ ᠤᠨ | ᠶᠡᠷᠦᠩᠬᠡᠶ ᠳᠤ ᠪᠠᠨ ᠲᠣᠭᠲᠠᠭᠤᠨ ᠪᠠᠶᠢᠬᠤ ᠶᠢ ᠪᠠᠲᠤᠯᠠᠬᠤ︾ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ | ᠣᠷᠣᠨ ᠤ ᠬᠤᠪᠢᠳᠠᠨ ᠦᠯᠡᠳᠡᠭᠡᠭᠰᠡᠨ ᠥᠷᠲᠡᠭ ᠨᠡᠮᠡᠭᠳᠡᠯ ᠤᠨ ᠭᠠᠶᠢᠯᠢ ᠶᠢᠨ 50% ᠶᠢᠨ ᠬᠡᠰᠡᠭ ᠲᠤ᠂ ᠥᠪᠡᠷᠲᠡᠭᠡᠨ | ᠵᠠᠰᠠᠬᠤ ᠣᠷᠣᠨ ᠤ ᠲᠣᠰ ᠱᠠᠲᠤ ᠬᠢᠭᠡᠳ ᠠᠶᠢᠮᠠᠭ ᠬᠤᠲᠠ ᠶᠢᠨ ᠤᠤᠯ ᠤᠨ ᠬᠤᠪᠢᠶᠠᠷᠢᠯᠠᠭᠰᠠᠨ ᠬᠠᠷᠢᠴᠠᠯ ᠶᠣᠰᠣᠭᠠᠷ | ᠦᠷᠭᠦᠯᠵᠢᠯᠡᠨ ᠬᠡᠷᠡᠭᠵᠢᠭᠦᠯᠦᠨ᠎ᠡ᠂ ᠲᠤᠬᠠᠶᠢᠯᠠᠪᠠᠯ ᠥᠪᠡᠷᠲᠡᠭᠡᠨ ᠵᠠᠰᠠᠬᠤ ᠣᠷᠣᠨ ᠤ ᠲᠣᠰ ᠱᠠᠳᠤᠨ ᠳᠤ 30% | ᠬᠤᠪᠢᠳᠠᠵᠦ᠂ ᠠᠶᠢᠮᠠᠭ ᠬᠤᠲᠠ ᠨᠢ ᠭᠠᠶᠢᠯᠢ ᠲᠤᠰᠢᠶᠠᠬᠤ ᠭᠠᠵᠠᠷ ᠢᠶᠠᠷ 70% ᠬᠤᠪᠢᠳᠠᠬᠤ ᠬᠡᠷᠡᠭᠳᠡᠢ᠃ | ᠬᠤᠶᠠᠷ᠂ ᠦᠷᠳᠡᠭ ᠨᠡᠮᠡᠭᠳᠡᠯ ᠤᠨ ᠭᠠᠶᠢᠯᠢ ᠳᠤ ᠦᠯᠡᠳᠡᠬᠡᠵᠦ ᠲᠤᠯᠭᠠᠨ ᠰᠠᠭᠤᠯᠭᠠᠬᠤ ᠪᠠᠷ ᠪᠤᠴᠠᠭᠠᠬᠤ | ᠭᠠᠶᠢᠯᠢ ᠶᠢ ᠬᠤᠪᠢᠶᠠᠨ ᠡᠭᠦᠷᠭᠡᠯᠡᠬᠦ ᠲᠣᠭᠲᠠᠴᠠ ᠶᠢ ᠲᠣᠬᠢᠷᠠᠭᠤᠯᠤᠨ ᠲᠡᠭᠦᠯᠳᠡᠷᠵᠢᠭᠦᠯᠭᠦ ᠬᠡᠷᠡᠭᠳᠠᠢ | ᠥᠷᠲᠡᠭ ᠨᠡᠮᠡᠭᠳᠡᠯ ᠤᠨ ᠭᠠᠶᠢᠯᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠦᠯᠡᠳᠡᠬᠡᠵᠦ ᠲᠤᠯᠭᠠᠨ | ᠰᠠᠭᠤᠯᠭᠠᠬᠤ ᠪᠠᠷ ᠪᠤᠴᠠᠭᠠᠬᠤ ᠭᠠᠶᠢᠯᠢ ᠶᠢᠨ ᠤᠷᠲᠤ ᠬᠤᠭᠤᠴᠠᠭᠠᠨ ᠤ ᠪᠦᠲᠦᠮᠵᠢᠳᠠᠢ ᠲᠣᠭᠲᠠᠴᠠ ᠶᠢ ᠪᠠᠶᠢᠭᠤᠯᠬᠤ | ᠳᠠᠯ᠎ᠠ ᠪᠠᠷ ᠬᠢ ᠲᠦᠪ ᠤᠨ ᠱᠠᠭᠠᠷᠳᠠᠯᠭ᠎ᠠ ᠶᠣᠰᠣᠭᠠᠷ᠂ ᠥᠷᠲᠡᠭ ᠨᠡᠮᠡᠭᠳᠡᠯ ᠤᠨ ᠭᠠᠶᠢᠯᠢ ᠳᠤ ᠦᠯᠡᠳᠡᠬᠡᠵᠦ ᠲᠤᠯᠭᠠᠨ | ᠰᠠᠭᠤᠯᠭᠠᠬᠤ ᠪᠠᠷ ᠪᠣᠴᠠᠭᠠᠬᠤ ᠭᠠᠶᠢᠯᠢ ᠶᠢᠨ ᠥᠪᠡᠷᠲᠡᠭᠡᠨ ᠵᠠᠰᠠᠬᠤ ᠣᠷᠣᠨ ᠤ ᠬᠤᠪᠢᠶᠠᠨ ᠡᠭᠦᠷᠭᠡᠯᠡᠭᠦ 50% ᠶᠢᠨ | ᠬᠡᠰᠡᠭ ᠲᠤ ᠪᠤᠯ᠂ ᠦᠯᠡᠳᠡᠬᠡᠵᠦ ᠲᠤᠯᠭᠠᠨ ᠰᠠᠭᠤᠯᠭᠠᠬᠤ ᠪᠠᠷ ᠪᠤᠴᠠᠭᠠᠬᠤ ᠭᠠᠶᠢᠯᠢ ᠶᠢᠨ ᠦᠪᠡᠷᠳᠡᠭᠡᠨ ᠵᠠᠰᠠᠬᠤ ᠣᠷᠣᠨ | ᠬᠢᠭᠡᠳ ᠠᠶᠢᠮᠠᠭ ᠬᠤᠲᠠ ᠶᠢᠨ ︽ᠭᠤᠷᠪᠠ ᠳᠣᠯᠤᠭ᠎ᠠ︾ ᠶᠢᠨ ᠬᠤᠪᠢᠶᠠᠨ ᠡᠭᠦᠷᠭᠡᠯᠡᠬᠦ ᠬᠠᠷᠢᠴᠠᠯ ᠢ ᠦᠯᠦ | ᠬᠤᠪᠢᠷᠠᠭᠤᠯᠬᠤ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠡᠯ᠎ᠡ ᠠᠶᠢᠮᠠᠭ ᠬᠤᠲᠠ ᠶᠢᠨ ᠳᠡᠭᠡᠷ᠎ᠡ ᠵᠢᠯ ᠤᠨ ᠥᠷᠲᠡᠭ | ᠨᠡᠮᠡᠭᠳᠡᠯ ᠤᠨ ᠭᠠᠶᠢᠯᠢ ᠶᠢ ᠬᠤᠪᠢᠳ᠋ᠬᠠᠰᠠᠨ ᠲᠤᠭᠠᠨ ᠤ ᠪᠠᠶᠢᠳᠠᠯ ᠢ ᠶᠡᠷᠦᠩᠬᠡᠶᠢᠯᠡᠨ ᠪᠣᠳᠣᠯᠬᠢᠯᠠᠵᠤ᠂ ᠠᠶᠢᠮᠠᠭ | ᠬᠤᠲᠠ ᠶᠢᠨ ᠬᠤᠭᠤᠷᠣᠨᠳᠣᠬᠢ ᠬᠤᠪᠢᠶᠠᠨ ᠡᠭᠦᠷᠭᠡᠯᠡᠬᠦ ᠠᠷᠭ᠎ᠠ ᠶᠢ ᠵᠦᠶ ᠵᠣᠬᠢᠰᠲᠠᠶ ᠲᠣᠬᠢᠷᠠᠭᠤᠯᠤᠨ ᠰᠢᠯᠢᠳᠡᠭᠵᠢᠭᠦᠯᠬᠦ | ᠬᠡᠷᠡᠭᠲᠡᠶ᠃ ᠪᠣᠳᠠᠳᠠᠢ ᠠᠷᠭ᠎ᠠ ᠶᠢ ᠦᠪᠡᠷᠳᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠦᠷᠣᠭᠦᠯᠡᠨ | ᠭᠠᠷᠭᠠᠵᠦ᠂ ᠡᠳ᠋ ᠤᠨ ᠵᠠᠰᠠᠭ ᠤᠨ ᠶᠠᠮᠣᠨ᠂ ᠣᠯᠣᠰ ᠤᠨ ᠭᠠᠶᠢᠯᠢ ᠶᠢᠨ ᠶᠠᠪᠣᠳᠠᠯ ᠤᠨ ᠶᠡᠷᠣᠩᠬᠡᠢ ᠲᠣᠪᠴᠢᠶ᠎ᠠ᠂ | ᠲᠣᠮᠳᠠᠳᠣ ᠣᠯᠣᠰ ᠤᠨ ᠠᠷᠠᠣᠨ ᠤᠨ ᠪᠠᠩᠬᠢ ᠶᠢᠨ ᠬᠠᠮᠳᠣᠷᠠᠨ ᠲᠠᠷᠤᠮᠠᠯᠯᠠᠵᠦ ᠳᠠᠷᠬᠠᠭᠠᠭᠰᠠᠨ ︽ᠦᠷᠳᠡᠭ | ᠨᠡᠮᠡᠭᠳᠡᠯ ᠤᠨ ᠭᠠᠶᠢᠯᠢ ᠳᠤ ᠦᠯᠡᠳᠡᠬᠡᠵᠦ ᠲᠤᠯᠭᠠᠨ ᠰᠠᠭᠤᠯᠭᠠᠬᠤ ᠪᠠᠷ ᠪᠤᠴᠠᠭᠠᠬᠤ ᠭᠠᠶᠢᠯᠢ ᠶᠢ ᠣᠷᠣᠨ ᠨᠣᠳᠤᠭ ᠤᠨ | ᠬᠤᠪᠢᠶᠠᠨ ᠡᠭᠦᠷᠭᠡᠯᠡᠬᠦ ᠲᠣᠭᠳᠠᠴᠨ ᠵᠢᠴᠢ ᠲᠦᠰᠣᠪ ᠤᠨ ᠬᠠᠮᠢᠶᠠᠷᠣᠯᠳᠠ ᠶᠢᠨ ᠬᠤᠯᠪᠣᠭᠳᠠᠯ ᠪᠦᠭᠦᠢ ᠵᠦᠢᠯᠡᠰ ᠢ | ᠲᠣᠬᠢᠷᠠᠭᠤᠯᠣᠨ ᠳᠡᠭᠦᠯᠳᠡᠷᠵᠢᠭᠦᠯᠭᠦ ᠲᠣᠬᠠᠢ ᠮᠡᠳᠡᠭᠳᠠᠯ︾ ︵ᠡᠳ᠋ ᠲᠦᠰᠣᠪ ﹇2019﹈ 205 ᠳ᠋ᠣᠭᠠᠷ ᠲᠣᠭᠠᠲᠤ︶ | ᠤᠨ ᠱᠠᠭᠠᠷᠳᠠᠯᠭ᠎ᠠ ᠶᠢ ᠦᠨᠳᠣᠰᠣᠯᠡᠵᠣ᠂ ᠬᠠᠮᠢᠶ᠎ᠠ ᠪᠦᠭᠦᠢ ᠰᠠᠯᠠᠭ᠎ᠠ ᠮᠦᠴᠢᠷ ᠲᠠᠢ ᠬᠠᠮᠳᠣᠷᠠᠵᠣ ᠦᠪᠡᠷᠳᠡᠭᠡᠨ | ᠵᠠᠰᠠᠬᠤ ᠣᠷᠣᠨ ᠤ ᠪᠣᠳᠠᠳᠠᠢ ᠲᠠᠢ ᠪᠠᠨ ᠣᠶᠠᠯᠳᠣᠭᠤᠯᠣᠨ ᠲᠣᠭᠳᠠᠭᠠᠬᠤ ᠬᠡᠷᠩᠳᠠᠢ᠃ | ᠭᠤᠷᠪᠠ᠂ ᠲᠥᠪ ᠤᠨ ᠬᠡᠷᠡᠭᠯᠡᠭᠡ ᠶᠢᠨ ᠭᠠᠶᠢᠯᠢ ᠶᠢᠨ ᠬᠠᠮᠢᠶ᠎ᠠ ᠪᠥᠬᠦᠶ ᠥᠭᠡᠷᠡᠴᠢᠯᠡᠯᠲᠡ ᠶᠢ | ᠨᠠᠶᠢᠳᠠᠪᠣᠷᠢᠵᠢᠭᠤᠯᠬᠤ ᠬᠡᠷᠡᠭᠳᠠᠢ | ᠣᠷᠣᠨ ᠨᠤᠲᠤᠭ ᠤᠨ ᠭᠠᠶᠢᠯᠢ ᠶᠢᠨ ᠰᠢᠰᠲ᠋ᠧᠮᠵᠢ ᠶᠢ ᠪᠦᠷᠢᠨᠰᠢᠬᠦᠯᠬᠦ ᠥᠭᠡᠷᠡᠴᠢᠯᠡᠯᠲᠡ ᠶᠢ ᠠᠬᠢᠭᠤᠯᠬᠤ | ᠲᠥᠪ ᠤᠨ ᠠᠵᠢᠯ ᠤᠨ ᠠᠬᠢᠴᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠠᠴᠠ ᠲᠥᠷᠥ ᠲᠠᠷᠬᠠᠭᠠᠭᠰᠠᠨ | ﹇2019﹈ 21 ᠳ᠋ᠤᠭᠡᠷ ᠲᠣᠭᠠᠲᠤ ᠪᠢᠴᠢᠭ ᠮᠠᠲ᠋ᠧᠷᠢᠶᠠᠯ ᠳᠠᠬᠢ ᠬᠡᠷᠡᠭᠯᠡᠭᠡ ᠶᠢᠨ ᠭᠠᠶᠢᠯᠢ ᠲᠠᠲᠠᠪᠤᠷᠢᠯᠠᠬᠤ | ᠭᠤᠨᠨᠴᠤᠭ᠎ᠠ ᠶᠢ ᠬᠤᠶᠢᠰᠢᠯᠠᠭᠤᠯᠬᠤ ᠶᠢᠨ ᠲᠠᠭᠠᠤ ᠣᠷᠣᠨ ᠨᠤᠲᠤᠭ ᠲᠤ ᠲᠣᠭᠳᠠᠭᠤᠨ ᠢᠶᠠᠷ ᠬᠤᠪᠢᠶᠠᠷᠢᠯᠬᠠᠰᠠᠨ ᠬᠠᠮᠢᠶ᠎ᠠ | ᠪᠦᠭᠦᠢ ᠦᠭᠡᠷᠡᠴᠢᠯᠡᠯᠳᠠ ᠶᠢᠨ ᠠᠵᠢᠯ ᠢ ᠢᠳᠡᠪᠬᠢᠲᠡᠶ ᠪᠠᠷ ᠳᠠᠭᠠᠵᠤ ᠨᠠᠶᠢᠳᠠᠪᠤᠷᠢᠵᠢᠭᠤᠯᠤᠨ᠎ᠠ᠃ ᠡᠳ᠋ ᠤᠨ ᠵᠠᠰᠠᠭ ᠤᠨ | ᠶᠠᠮᠣᠨ ᠠᠴᠠ ᠣᠯᠣᠰ ᠤᠨ ᠭᠠᠶᠢᠯᠢ ᠶᠢᠨ ᠶᠠᠪᠣᠳᠠᠯ ᠤᠨ ᠶᠡᠷᠣᠩᠬᠡᠢ ᠲᠣᠪᠴᠢᠶ᠎ᠠ ᠵᠡᠷᠭᠡ ᠰᠠᠯᠠᠭ᠎ᠠ ᠮᠦᠴᠢᠷ ᠤᠳ ᠲᠠᠢ | ᠬᠠᠮᠳᠣᠷᠠᠵᠣ ᠪᠣᠳᠠᠳᠠᠢ ᠠᠷᠭ᠎ᠠ ᠶᠢ ᠰᠤᠳᠤᠯᠤᠨ ᠲᠣᠭᠳᠠᠭᠠᠭᠰᠠᠨ ᠤ ᠳᠠᠷᠠᠭ᠎ᠠ᠂ ᠦᠪᠡᠷᠳᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ ᠠᠴᠠ ᠦᠪᠦᠷ ᠮᠤᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ | ᠮᠦᠴᠢᠷ ᠤᠳ ᠲᠠᠢ ᠬᠠᠮᠳᠣᠷᠠᠵᠣ ᠦᠪᠡᠷᠳᠡᠭᠡᠨ ᠵᠠᠰᠠᠬᠤ ᠣᠷᠣᠨ ᠤ ᠱᠠᠳᠤᠨ ᠠᠴᠠ ᠲᠣᠷᠣᠭᠰᠢᠬᠢ ᠬᠡᠷᠡᠭᠯᠡᠭᠡ ᠶᠢᠨ | ᠭᠠᠶᠢᠯᠢ ᠶᠢᠨ ᠦᠭᠡᠷᠡᠴᠢᠯᠡᠯᠳᠠ ᠶᠢᠨ ᠠᠷᠭ᠎ᠠ ᠶᠢ ᠰᠣᠳᠣᠯᠣᠨ ᠲᠣᠭᠳᠠᠭᠠᠵᠣ᠂ ᠮᠡᠨ ᠤ ᠣᠷᠣᠨ ᠤ ᠨᠡᠩ ᠶᠡᠭᠡ | ᠬᠡᠪᠴᠢᠶᠠᠨ ᠳᠤ ᠭᠠᠶᠢᠯᠢ ᠶᠢ ᠬᠠᠰᠣᠵᠣ ᠰᠦᠢᠣᠡᠭᠡᠯ ᠢ ᠪᠠᠭᠤᠷᠠᠭᠤᠯᠬᠤ ᠲᠠᠯ᠎ᠠ ᠪᠠᠷ ᠬᠢ ᠠᠷᠭᠠᠴᠠᠭᠠᠬᠤ ᠴᠢᠳᠠᠪᠣᠷᠢ ᠪᠠᠨ | ᠨᠡᠮᠡᠭᠳᠡᠬᠦᠯᠬᠦ ᠬᠡᠷᠡᠭᠳᠡᠢ᠃ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠥᠷᠥ ᠲᠠᠷᠬᠠᠭᠠᠭᠰᠠᠨ | ﹇2019﹈ 21 ᠳ᠋ᠤᠭᠡᠷ ᠲᠣᠭᠠᠲᠤ ᠪᠢᠴᠢᠭ ᠮᠠᠲ᠋ᠧᠷᠢᠶᠠᠯ ᠪᠠ ᠲᠣᠰ ᠮᠡᠳᠡᠭᠳᠡᠯ ᠤᠨ ᠵᠣᠷᠢᠭ ᠰᠠᠨᠠᠭ᠎ᠠ ᠪᠠᠷ᠂ ᠲᠣᠰ | ᠱᠠᠳᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠪᠠ ᠬᠠᠷᠢᠶ᠎ᠠ ᠪᠦᠭᠦᠢ ᠬᠤᠰᠢᠭᠤ ᠰᠢᠶᠠᠨ ︵ᠬᠤᠲᠠ᠂ ᠲᠣᠭᠤᠷᠢᠭ︶ ᠢ | ᠰᠢᠮᠳᠠᠭᠤᠯᠤᠨ ᠵᠢᠯᠣᠭᠤᠳᠴᠤ ᠪᠠᠶᠢᠭᠠᠳ ᠨᠠᠶᠢᠳᠠᠪᠤᠷᠢᠵᠢᠭᠤᠯᠤᠯᠳᠠ ᠶᠢ ᠬᠢᠨᠠᠮᠠᠭᠠᠶ ᠰᠠᠶᠢᠲᠤᠷ ᠠᠳᠬᠤᠬᠤ ᠬᠡᠷᠡᠭᠲᠡᠶ᠃ | | ︵ᠲᠣᠰ ᠪᠢᠴᠢᠭ ᠮᠠᠲ᠋ᠧᠷᠢᠶᠠᠯ ᠢ ᠢᠯᠨ ᠨᠠᠶᠢᠳᠡᠯᠠᠨ᠎ᠠ︶ | | |