ᠥᠪᠥᠷ ᠵᠠᠰᠠᠭ ᠠᠯᠪᠠᠨ ᠲᠠᠷᠬᠠᠭᠠᠭᠰᠠᠨ ﹇2019﹈ 32 ᠳ᠋ᠤᠭᠠᠷ ᠲᠤᠭᠠᠳᠤ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ᠤᠯᠤᠰ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯ᠎ᠠ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ | ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠪᠡᠶ᠎ᠡ ᠶᠢᠨ ᠲᠠᠮᠢᠷ ᠢ ᠠᠮᠢᠳᠤᠷᠠᠯ ᠲᠠᠢ ᠠᠭᠤᠰᠤᠯᠴᠠᠭᠤᠯᠬᠤ ᠶᠢ | ᠠᠬᠢᠭᠤᠯᠤᠨ᠂ ᠪᠥᠬᠦ ᠣᠷᠣᠨ ᠤ ᠠᠷᠠᠳ ᠣᠯᠠᠨ ᠤ ᠡᠷᠡᠭᠦᠯ ᠴᠢᠬᠢᠷᠠᠭ ᠤᠨ ᠬᠢᠷᠢ ᠲᠦᠪᠰᠢᠨ ᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ︽ᠡᠷᠡᠭᠦᠯ ᠡᠩᠬᠡ ᠥᠪᠥᠷ ᠮᠣᠩᠭᠤᠯ︾ ᠤᠨ ᠪᠠᠶᠢᠭᠤᠯᠤᠯᠲᠠ ᠶᠢ ᠲᠦᠷᠭᠡᠳᠬᠡᠬᠦ ᠶᠢᠨ ᠲᠤᠰᠠᠳᠠ᠂ | ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠳᠦᠷᠢᠮ︾᠂ ︽︿ᠡᠷᠡᠭᠦᠯ ᠡᠩᠬᠡ ᠳᠤᠮᠳᠠᠳᠤ ᠤᠯᠤᠰ 2030﹀ | ᠶᠢᠨ ᠲᠥᠯᠥᠪᠵᠢᠭᠦᠯᠭᠡ ᠶᠢᠨ ᠬᠥᠲᠥᠯᠪᠦᠷᠢ︾᠂ ︽ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠪᠦᠲᠦᠭᠡᠨ | ᠪᠠᠶᠢᠭᠤᠯᠬᠤ ᠬᠥᠲᠥᠯᠪᠦᠷᠢ︾ ᠶᠢᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠬᠢᠭᠡᠳ ᠪᠥᠬᠦ ᠠᠷᠠᠳ ᠤᠨ ᠡᠷᠡᠭᠦᠯ ᠴᠢᠬᠢᠷᠠᠭ ᠤᠨ ᠭᠦᠨᠵᠡᠭᠡᠶ ᠠᠭᠤᠰᠤᠯᠴᠠᠬᠤ ᠶᠢ ᠠᠬᠢᠭᠤᠯᠬᠤ ᠪᠠᠷ ᠳᠣᠤᠷᠠᠬᠢ ᠮᠡᠲᠦ | ᠰᠠᠨᠠᠯ ᠢ ᠳᠤᠷᠠᠳᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠪᠦᠬᠦ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ | ᠪᠡᠶ᠎ᠡ ᠶᠢᠨ ᠪᠢᠷ᠎ᠠ ᠲᠠᠮᠢᠷ ᠪᠣᠯᠤᠨ ᠡᠷᠡᠭᠦᠯ ᠴᠢᠬᠢᠷᠠᠭ ᠤᠨ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠴᠢᠷᠮᠠᠶᠢᠬᠤ | ᠬᠠᠨᠳᠤᠰᠢ ᠪᠠᠨ ᠪᠣᠯᠭᠠᠨ᠂ ᠬᠠᠮᠳᠤ ᠪᠠᠷ ᠪᠠᠶᠢᠭᠤᠯᠵᠦ ᠬᠠᠮᠲᠤ ᠪᠠᠷ ᠬᠦᠷᠲᠡᠬᠦ᠂ ᠪᠦᠬᠦ ᠠᠷᠠᠳ ᠢ ᠡᠷᠡᠭᠦᠯ ᠴᠢᠬᠢᠷᠠᠭ | ᠪᠠᠶᠢᠯᠭᠠᠬᠤ ᠪᠠᠷ ᠬᠥᠭᠵᠢᠯᠲᠡ ᠶᠢᠨ ᠬᠠᠷᠠᠯᠲᠠ ᠪᠠᠨ ᠪᠣᠯᠭᠠᠵᠤ᠂ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠬᠢᠭᠡᠳ | ᠪᠦᠬᠦ ᠠᠷᠠᠳ ᠤᠨ ᠡᠷᠡᠭᠦᠯ ᠴᠢᠬᠢᠷᠠᠭ ᠤᠨ ᠭᠦᠨᠵᠡᠭᠡᠶ ᠠᠭᠤᠰᠤᠯᠴᠠᠬᠤ ᠶᠢ ᠬᠦᠴᠦᠲᠡᠢ ᠠᠬᠢᠭᠤᠯᠤᠨ᠂ ᠪᠣᠰᠤᠭ᠎ᠠ | ᠴᠣᠭᠴᠠᠯᠢᠭ ᠢᠶᠠᠷ ᠪᠠᠶᠢᠭᠤᠯᠬᠤ᠂ ᠠᠭᠤᠰᠤᠯᠴᠠᠭᠤᠯᠤᠨ ᠠᠬᠢᠭᠤᠯᠬᠤ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ᠂ | ᠬᠥᠳᠡᠯᠦᠩᠭᠦᠶ ᠬᠡᠷᠡᠭᠵᠢᠭᠦᠯᠬᠦ ᠪᠠᠷ ᠳᠠᠮᠵᠢᠵᠤ᠂ ᠬᠡᠯᠪᠡᠷᠢ ᠨᠢ ᠣᠯᠠᠨ ᠶᠠᠩᠵᠤ᠂ ᠠᠭᠤᠯᠭ᠎ᠠ ᠨᠢ ᠡᠯᠪᠡᠭ ᠪᠠᠶᠠᠯᠢᠭ | ᠪᠠᠶᠢᠬᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠡᠷᠡᠭᠦᠯ ᠴᠢᠬᠢᠷᠠᠭ ᠪᠠᠶᠢᠯᠭᠠᠬᠤ ᠠᠵᠢᠯᠯᠠᠭ᠎ᠠ ᠶᠢ | ᠥᠷᠭᠡᠨ ᠢᠶᠠᠷ ᠥᠷᠨᠢᠭᠦᠯᠵᠦ᠂ ᠡᠷᠡᠭᠦᠯ ᠴᠢᠬᠢᠷᠠᠭ ᠢ ᠠᠬᠢᠭᠤᠯᠬᠤ᠂ ᠡᠪᠡᠳᠴᠢᠨ ᠡᠮᠭᠡᠭ ᠢ ᠰᠡᠷᠭᠡᠶᠢᠯᠡᠬᠦ ᠪᠠ | ᠡᠷᠡᠭᠦᠯᠵᠢᠭᠦᠯᠬᠦ ᠵᠡᠷᠭᠡ ᠲᠠᠯ᠎ᠠ ᠪᠠᠷ ᠬᠢ ᠪᠡᠶ᠎ᠡ ᠶᠢᠨ ᠲᠠᠮᠢᠷ ᠤᠨ ᠥᠪᠡᠷᠮᠢᠴᠡ ᠳᠠᠪᠠᠭᠤᠯᠢᠭ ᠢ ᠪᠠᠳᠠᠷᠠᠭᠤᠯᠵᠤ᠂ ᠣᠶᠣᠨ | ᠰᠠᠨᠠᠭ᠎ᠠ ᠶᠢ ᠬᠥᠪᠴᠢᠯᠡᠬᠦ᠂ ᠬᠦᠴᠦᠨ ᠴᠢᠳᠠᠯ ᠢ ᠨᠢᠭᠲᠠᠷᠠᠭᠤᠯᠬᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢ | ᠠᠬᠢᠭᠤᠯᠬᠤ ᠵᠡᠷᠭᠡ ᠲᠠᠯ᠎ᠠ ᠪᠠᠷ ᠬᠢ ᠪᠡᠶ᠎ᠡ ᠶᠢᠨ ᠲᠠᠮᠢᠷ ᠤᠨ ᠣᠯᠠᠨ ᠡᠰᠢᠲᠦ ᠴᠢᠳᠠᠮᠵᠢ ᠶᠢ ᠪᠠᠳᠠᠷᠠᠭᠤᠯᠵᠤ᠂ ᠪᠦᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠪᠣᠯᠤᠨ ᠪᠦᠬᠦ | ᠠᠷᠠᠳ ᠤᠨ ᠡᠷᠡᠭᠦᠯ ᠴᠢᠬᠢᠷᠠᠭ ᠤᠨ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ | ᠲᠦᠷᠭᠡᠳᠬᠡᠨ᠂ ᠡᠪᠡᠳᠴᠢᠨ ᠡᠮᠨᠡᠨ ᠵᠠᠰᠠᠬᠤ ᠪᠠᠷ ᠭᠤᠤᠯ ᠪᠣᠯᠭᠠᠵᠤ ᠪᠠᠶᠢᠭᠰᠠᠨ ᠢ ᠠᠷᠠᠳ ᠲᠦᠮᠡᠨ ᠤ ᠡᠷᠡᠭᠦᠯ | ᠴᠢᠬᠢᠷᠠᠭ ᠪᠠᠶᠢᠬᠤ ᠪᠠᠷ ᠭᠤᠤᠯ ᠪᠣᠯᠭᠠᠬᠤ ᠲᠡᠶᠢᠰᠢ ᠬᠤᠪᠢᠷᠠᠭᠤᠯᠬᠤ ᠶᠢ ᠪᠡᠶᠡᠯᠡᠭᠦᠯᠵᠦ᠂ ᠠᠷᠠᠳ ᠣᠯᠠᠨ ᠤ | ᠬᠦᠷᠲᠡᠭᠡᠮᠵᠢᠲᠦ ᠲᠥᠷᠥᠭᠳᠡᠯ ᠪᠣᠯᠤᠨ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠵᠦ᠂ ︽ | ᠡᠷᠡᠭᠦᠯ ᠡᠩᠬᠡ ᠥᠪᠥᠷ ᠮᠣᠩᠭᠤᠯ︾ ᠤᠨ ᠠᠵᠢᠯᠯᠠᠭ᠎ᠠ ᠶᠢ ᠶᠠᠪᠤᠭᠳᠠᠭᠤᠯᠬᠤ ᠳᠤ ᠢᠳᠡᠪᠬᠢᠲᠡᠢ ᠬᠤᠪᠢ ᠨᠡᠮᠡᠷᠢ | ᠦᠵᠡᠭᠦᠯᠦᠨ᠎ᠡ᠃ | ᠬᠤᠶᠠᠷ᠂ ᠭᠤᠤᠯ ᠬᠠᠷᠠᠯᠲᠠ | 2030 ᠣᠨ ᠪᠣᠯᠬᠤ ᠳᠤ᠂ ᠪᠥᠬᠦ ᠣᠷᠣᠨ ᠳᠤ ᠪᠥᠬᠦ ᠨᠤᠲᠤᠭ ᠪᠦᠰᠡ ᠶᠢ ᠬᠠᠮᠤᠷᠤᠭᠰᠠᠨ᠂ ᠪᠥᠬᠦ | ᠦᠶᠡᠯᠡᠯ ᠤᠨ ᠬᠤᠭᠤᠴᠠᠭᠠᠨ ᠳᠤ ᠦᠢᠯᠡᠴᠢᠯᠡᠭᠰᠡᠨ᠂ ᠪᠥᠬᠦ ᠨᠡᠶᠢᠭᠡᠮ ᠢᠶᠠᠷ ᠢᠶᠠᠨ ᠣᠷᠣᠯᠴᠠᠭᠰᠠᠨ᠂ ᠪᠥᠬᠦ ᠠᠷᠠᠳ | ᠣᠯᠠᠨ ᠢᠶᠠᠷ ᠬᠠᠮᠲᠤ ᠳᠤ ᠪᠠᠨ ᠬᠥᠷᠲᠡᠭᠰᠡᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ | ᠦᠢᠯᠡᠴᠢᠯᠡᠭᠡᠨ ᠤ ᠰᠢᠰᠲ᠋ᠧᠮᠵᠢ ᠪᠠ ᠪᠥᠬᠦ ᠠᠷᠠᠳ ᠤᠨ ᠡᠷᠡᠭᠦᠯ ᠴᠢᠬᠢᠷᠠᠭ ᠤᠨ ᠦᠢᠯᠡᠴᠢᠯᠡᠭᠡᠨ ᠤ ᠪᠠᠲᠤᠯᠠᠭ᠎ᠠ ᠶᠢᠨ | ᠰᠢᠰᠲ᠋ᠧᠮᠵᠢ ᠶᠢ ᠦᠨᠳᠦᠰᠦᠨ ᠳᠤ ᠪᠠᠨ ᠪᠦᠷᠢᠯᠳᠦᠭᠦᠯᠵᠦ᠂ ︽ᠪᠦᠷᠢᠨ ᠰᠠᠶᠢᠨ ᠡᠷᠡᠭᠦᠯ ᠴᠢᠬᠢᠷᠠᠭ︾ ᠪᠠᠶᠢᠯᠭᠠᠬᠤ | ᠲᠠᠯ᠎ᠠ ᠳᠠᠬᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠳᠦᠯ ᠢ ᠤᠯᠠᠮ ᠲᠣᠪᠤᠶᠢᠮ᠎ᠠ ᠪᠣᠯᠭᠠᠨ᠂ ᠣᠯᠠᠨ | ᠨᠡᠶᠢᠲᠡ ᠶᠢᠨ ᠡᠷᠡᠭᠦᠯ ᠴᠢᠬᠢᠷᠠᠭ ᠤᠨ ᠬᠠᠮᠢᠶᠠᠷᠴᠤ ᠦᠢᠯᠡᠴᠢᠯᠡᠬᠦ ᠶᠢ ᠳᠠᠩ ᠭᠠᠭᠴᠠ ᠡᠮᠴᠢᠯᠡᠭᠡ ᠡᠷᠡᠭᠦᠯ ᠬᠠᠮᠠᠭᠠᠯᠠᠯ ᠳᠤ | ᠲᠦᠰᠢᠭᠯᠡᠭᠰᠡᠨ ︽ᠡᠷᠡᠭᠦᠯ ᠴᠢᠬᠢᠷᠠᠭ ᠢ ᠰᠠᠨᠠᠭᠠᠴᠢᠯᠠᠭᠠᠲᠤ ᠪᠤᠰᠤ ᠪᠠᠷ᠂ ᠰᠡᠭᠦᠯᠴᠢ ᠪᠠᠷ ᠬᠠᠮᠢᠶᠠᠷᠤᠨ ᠨᠥᠯᠥᠭᠡᠯᠡᠵᠦ︾ | ᠪᠠᠶᠢᠭᠰᠠᠨ ᠠᠴᠠ ᠪᠡᠶ᠎ᠡ ᠶᠢᠨ ᠲᠠᠮᠢᠷ ᠢᠶᠠᠷ ᠴᠢᠭᠢᠷᠠᠭᠵᠢᠬᠤ ︽ᠡᠷᠡᠭᠦᠯ ᠴᠢᠬᠢᠷᠠᠭ ᠢ ᠰᠠᠨᠠᠭᠠᠴᠢᠯᠠᠭ᠎ᠠ ᠠᠴᠠ ᠪᠠᠨ᠂ | ᠤᠷᠢᠳ ᠢᠶᠠᠷ ᠬᠠᠮᠢᠶᠠᠷᠤᠨ ᠨᠥᠯᠥᠭᠡᠯᠡᠵᠦ︾ ᠪᠣᠯᠬᠤ ᠬᠥᠭᠵᠢᠯᠲᠡ ᠶᠢ ᠪᠡᠶᠡᠯᠡᠭᠦᠯᠦᠨ᠎ᠡ᠃ | — ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠣᠬᠢᠶᠠᠨ ᠪᠠᠶᠢᠭᠤᠯᠤᠯᠲᠠ ᠶᠢ ᠤᠯᠠᠮ ᠪᠦᠷᠢᠨᠰᠢᠭᠦᠯᠦᠨ᠎ᠡ᠃ | ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠭᠠᠷ ᠳᠠᠩᠰᠠᠯᠠᠭᠤᠯᠤᠨ | ᠲᠡᠮᠳᠡᠭᠯᠡᠭᠦᠯᠬᠦ ᠶᠢ ᠢᠳᠡᠪᠬᠢᠲᠡᠢ ᠳᠠᠮᠵᠢᠵᠤ᠂ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ | ᠬᠤᠲᠠ ᠬᠥᠳᠡᠭᠡ ᠶᠢ ᠨᠡᠶᠢᠳᠡᠮ ᠪᠠᠭᠲᠠᠭᠠᠭᠰᠠᠨ᠂ ᠵᠢᠷᠤᠮᠵᠢᠯ ᠲᠠᠢ ᠪᠥᠭᠡᠳ ᠡᠮᠬᠢ ᠳᠢᠭᠯᠢᠮ ᠲᠠᠢ᠂ ᠠᠮᠢᠵᠢᠷᠠᠯ ᠤᠨ | ᠬᠦᠴᠦᠨ ᠢᠶᠠᠷ ᠪᠢᠯᠬᠠᠮ᠎ᠠ ᠲᠣᠤᠷ ᠰᠦᠯᠵᠢᠶ᠎ᠡ ᠶᠢ ᠪᠤᠢ ᠪᠣᠯᠭᠠᠨ᠎ᠠ᠃ ᠰᠤᠮᠤ ᠰᠢᠶᠠᠩ ᠪᠠᠯᠭᠠᠰᠤᠨ ᠠᠴᠠ ᠳᠡᠭᠡᠭᠰᠢᠬᠢ | ᠭᠠᠵᠠᠷ ᠣᠷᠣᠨ ᠤ ᠪᠡᠶ᠎ᠡ ᠶᠢᠨ ᠲᠠᠮᠢᠷ ᠤᠨ ᠶᠡᠷᠦᠩᠬᠡᠶ ᠨᠡᠶᠢᠭᠡᠮᠯᠢᠭ ᠤᠨ ᠬᠠᠮᠤᠷᠬᠤ ᠨᠣᠷᠮ᠎ᠠ ᠶᠢ 100% ᠳᠤ | ᠬᠦᠷᠦᠭᠦᠯᠦᠨ᠎ᠡ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠭᠠᠵᠠᠷ ᠣᠷᠣᠨ ᠤ ᠳᠠᠩ ᠵᠦᠢᠯ ᠤᠨ ᠪᠡᠶ᠎ᠡ ᠶᠢᠨ | ᠲᠠᠮᠢᠷ ᠤᠨ ᠨᠡᠶᠢᠭᠡᠮᠯᠢᠭ ᠢ 15 ᠠᠴᠠ ᠢᠯᠡᠭᠦᠦ ᠪᠠᠶᠢᠯᠭᠠᠵᠤ᠂ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ | ᠵᠢᠯᠣᠭᠤᠳᠣᠭᠴᠢ ᠶᠢᠨ ᠨᠡᠶᠢᠭᠡᠮᠯᠢᠭ ᠤᠨ ᠬᠠᠮᠤᠷᠬᠤ ᠨᠣᠷᠮ᠎ᠠ ᠶᠢ 100% ᠳᠤ ᠬᠦᠷᠦᠭᠦᠯᠵᠦ᠂ ᠨᠠᠰᠤᠲᠠᠶᠢᠴᠤᠳ ᠤᠨ | ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠬᠠᠮᠤᠷᠬᠤ ᠨᠣᠷᠮ᠎ᠠ ᠶᠢ 100% ᠳᠤ ᠬᠦᠷᠦᠭᠦᠯᠦᠨ᠎ᠡ᠃ ᠪᠥᠬᠦ ᠠᠷᠠᠳ ᠤᠨ | ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠵᠣᠬᠢᠶᠠᠨ ᠪᠠᠶᠢᠭᠤᠯᠬᠤ ᠥᠷᠲᠡᠭᠡ ᠴᠡᠭ ᠤᠨ ᠬᠥᠮᠦᠨ ᠤ ᠲᠤᠭᠠᠨ ᠤ | ᠬᠠᠷᠢᠴᠠᠯ ᠢ 1 ‰ ᠳᠤ ᠬᠦᠷᠦᠭᠦᠯᠦᠨ᠎ᠡ᠃ | — ᠪᠡᠶ᠎ᠡ ᠶᠢᠨ ᠲᠠᠮᠢᠷ ᠢᠶᠠᠷ ᠪᠣᠯᠪᠠᠰᠤᠷᠠᠬᠤ ᠬᠥᠮᠦᠨ ᠤ ᠲᠤᠭ᠎ᠠ ᠶᠢ ᠢᠯᠡᠳᠲᠡ ᠨᠡᠮᠡᠭᠳᠡᠭᠦᠯᠦᠨ᠎ᠡ᠃ | ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠪᠠᠶᠢᠩᠭᠤ ᠣᠷᠣᠯᠴᠠᠬᠤ ᠬᠥᠮᠦᠨ ᠤ ᠲᠤᠭᠠᠨ ᠤ ᠬᠠᠷᠢᠴᠠᠯ ᠢ 45% ᠠᠴᠠ | ᠢᠯᠡᠭᠦᠦ ᠪᠠᠶᠢᠯᠭᠠᠵᠤ᠂ ᠭᠠᠷᠠᠭ ᠪᠦᠷᠢ 1 ᠤᠳᠠᠭ᠎ᠠ ᠵᠢᠴᠢ ᠲᠡᠭᠦᠨ ᠠᠴᠠ ᠢᠯᠡᠭᠦᠦ ᠪᠡᠶ᠎ᠡ ᠶᠢᠨ ᠲᠠᠮᠢᠷ ᠤᠨ | ᠪᠣᠯᠪᠠᠰᠤᠷᠠᠯ ᠳᠤ ᠣᠷᠣᠯᠴᠠᠬᠤ ᠬᠥᠮᠦᠨ ᠤ ᠲᠤᠭᠠᠨ ᠤ ᠬᠠᠷᠢᠴᠠᠯ ᠢ 55% ᠠᠴᠠ ᠢᠯᠡᠭᠦᠦ ᠪᠠᠶᠢᠯᠭᠠᠨ᠎ᠠ᠃ | ᠰᠤᠷᠤᠭᠴᠢᠳ ᠢ ᠰᠤᠷᠭᠠᠭᠤᠯᠢ ᠳᠤ ᠪᠠᠶᠢᠬᠤ ᠬᠤᠭᠤᠴᠠᠭᠠᠨ ᠳᠤ ᠨᠢ ᠡᠳᠦᠷ ᠪᠦᠷᠢ ᠠᠳᠠᠭ ᠲᠤ ᠪᠠᠨ 1 ᠴᠠᠭ ᠤᠨ | ᠪᠡᠶ᠎ᠡ ᠶᠢᠨ ᠲᠠᠮᠢᠷ ᠤᠨ ᠪᠣᠯᠪᠠᠰᠤᠷᠠᠬᠤ ᠬᠥᠳᠡᠯᠭᠡᠭᠡᠨ ᠳᠤ ᠣᠷᠣᠯᠴᠠᠭᠤᠯᠤᠨ᠎ᠠ᠃ | — ᠪᠡᠶ᠎ᠡ ᠶᠢᠨ ᠲᠠᠮᠢᠷ ᠤᠨ ᠲᠠᠯᠠᠪᠤᠷ ᠭᠠᠵᠠᠷ ᠪᠡᠯᠡᠳᠬᠡᠮᠵᠢ ᠶᠢ ᠲᠡᠩᠴᠡᠭᠦᠷᠢᠲᠡᠶ ᠬᠥᠭᠵᠢᠭᠦᠯᠦᠨ᠎ᠡ᠃ | ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠭᠤᠷᠪᠠᠨ | ᠱᠠᠲᠤᠨ ᠤ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠲᠣᠤᠷ ᠰᠦᠯᠵᠢᠶ᠎ᠡ ᠶᠢ | ᠦᠨᠳᠦᠰᠦᠨ ᠳᠤ ᠪᠠᠨ ᠪᠠᠶᠢᠭᠤᠯᠵᠤ᠂ ᠬᠥᠮᠦᠨ ᠳᠤᠮᠳᠠᠴᠢ ᠳᠤ ᠨᠣᠭᠳᠠᠬᠤ ᠪᠡᠶ᠎ᠡ ᠶᠢᠨ ᠲᠠᠮᠢᠷ ᠤᠨ ᠲᠠᠯᠠᠪᠤᠷ ᠭᠠᠵᠠᠷ ᠤᠨ | ᠲᠠᠯᠠᠪᠠᠢ ᠶᠢ 3.5 ᠲᠡᠭᠰᠢ ᠳᠥᠷᠪᠡᠯᠵᠢᠨ ᠮᠧᠲᠷ ᠪᠣᠯᠭᠠᠨ᠎ᠠ᠃ ᠬᠤᠰᠢᠭᠤ ᠰᠢᠶᠠᠨ ︵ᠬᠤᠲᠠ᠂ ᠲᠣᠭᠤᠷᠢᠭ︶ ᠤ ᠪᠦᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠲᠥᠪ᠂ ᠰᠤᠮᠤ ᠰᠢᠶᠠᠩ ᠪᠠᠯᠭᠠᠰᠤ ᠶᠢᠨ ᠣᠯᠠᠨ ᠴᠢᠳᠠᠮᠵᠢᠲᠤ | ᠪᠡᠶ᠎ᠡ ᠴᠢᠭᠢᠷᠠᠭᠵᠢᠭᠤᠯᠬᠤ ᠣᠷᠳᠣᠨ᠂ ᠭᠠᠴᠠᠭ᠎ᠠ ᠲᠣᠰᠬᠤᠨ ᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠠᠵᠢᠯᠯᠠᠭ᠎ᠠ ᠶᠢᠨ ᠥᠷᠲᠡᠭᠡ᠂ ᠨᠡᠶᠢᠭᠡᠮ ᠲᠣᠭᠤᠷᠢᠭ ᠤᠨ ᠪᠡᠶ᠎ᠡ ᠴᠢᠭᠢᠷᠠᠭᠵᠢᠭᠤᠯᠬᠤ ᠲᠥᠪ ᠢ ᠨᠡᠶᠢᠳᠡᠮ | ᠬᠠᠮᠤᠷᠠᠭᠤᠯᠬᠤ ᠶᠢ ᠪᠡᠶᠡᠯᠡᠭᠦᠯᠦᠨ᠎ᠡ᠃ ᠬᠤᠲᠠ ᠶᠢᠨ ᠨᠡᠶᠢᠭᠡᠮ ᠲᠣᠭᠤᠷᠢᠭ ᠲᠤ ︽10 ᠮᠢᠨᠦ᠋ᠲ ᠤᠨ ᠪᠡᠶ᠎ᠡ | ᠴᠢᠭᠢᠷᠠᠭᠵᠢᠭᠤᠯᠬᠤ ᠲᠣᠭᠤᠷᠢᠭ︾ ᠢ ᠪᠤᠢ ᠪᠣᠯᠭᠠᠨ᠎ᠠ᠃ ᠬᠤᠲᠠ ᠳᠠᠬᠢ ᠠᠭᠠᠵᠢᠮ ᠭᠦᠶᠦᠬᠦ ᠪᠠ ᠠᠯᠬᠤᠬᠤ | ᠨᠣᠭᠤᠭᠠᠷᠠᠭᠤᠯᠤᠭᠰᠠᠨ ᠵᠠᠮ ᠤᠨ ᠬᠥᠮᠦᠨ ᠳᠤᠮᠳᠠᠴᠢ ᠳᠤ ᠨᠣᠭᠳᠠᠬᠤ ᠤᠷᠲᠤ ᠶᠢᠨ ᠬᠡᠮᠵᠢᠶ᠎ᠡ ᠶᠢ ᠦᠷᠭᠦᠯᠵᠢᠯᠡᠨ | ᠤᠷᠲᠤᠳᠬᠠᠨ᠎ᠠ᠃ | — ᠪᠦᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠢᠶᠠᠷ | ᠥᠷᠨᠢᠭᠦᠯᠦᠨ᠎ᠡ᠃ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠲᠣᠰ ᠵᠠᠰᠠᠭ ᠵᠠᠬᠢᠷᠭᠠᠨ ᠤ | ᠣᠷᠣᠨ ᠳᠤ ᠪᠠᠨ 5 ᠵᠦᠢᠯ ᠠᠴᠠ ᠢᠯᠡᠭᠦᠦ ᠤᠷᠤᠯᠳᠤᠭᠠᠨ ᠤ ᠲᠥᠷᠥᠯ ᠲᠠᠢ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠪᠡᠶ᠎ᠡ ᠶᠢᠨ ᠲᠠᠮᠢᠷ ᠤᠨ ᠴᠤᠭᠯᠠᠭᠠᠨ ᠢ ᠬᠤᠶᠠᠷ ᠵᠢᠯ ᠳᠤ ᠨᠢᠭᠡ ᠤᠳᠠᠭ᠎ᠠ ᠡᠷᠬᠢᠯᠡᠵᠦ᠂ ᠵᠢᠯ ᠪᠦᠷᠢ | ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠷᠤᠯᠳᠤᠭᠠᠨ ᠢ ᠨᠠᠭᠠᠳᠤ ᠵᠠᠬ᠎ᠠ ᠳᠤ ᠪᠠᠨ 12 ᠤᠳᠠᠭ᠎ᠠ ᠥᠷᠨᠢᠭᠦᠯᠦᠨ᠂ | ᠨᠡᠶᠢᠲᠡ ᠣᠯᠠᠨ ᠢ ᠣᠶᠢᠷ᠎ᠠ ᠬᠠᠪᠢ ᠳᠤ ᠪᠠᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠳᠤ ᠣᠷᠣᠯᠴᠠᠬᠤ ᠳᠤ ᠨᠢ | ᠲᠦᠭᠦᠮ ᠦᠵᠡᠬᠦᠯᠬᠦ ᠪᠣᠯᠭᠠᠨ᠎ᠠ᠃ | — ᠵᠢᠭᠠᠨ ᠵᠢᠯᠣᠭᠤᠳᠴᠤ ᠦᠢᠯᠡᠴᠢᠯᠡᠬᠦ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠦᠨ᠎ᠡ᠃ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠡᠷᠡᠭᠦᠯ ᠴᠢᠬᠢᠷᠠᠭ ᠤᠨ ᠴᠢᠳᠠᠪᠤᠷᠢᠲᠠᠨ ᠢ ᠬᠥᠮᠦᠵᠢᠭᠦᠯᠬᠦ ᠰᠠᠭᠤᠷᠢᠨ ᠭᠠᠵᠠᠷ ᠢ | 5 ᠪᠠᠶᠢᠭᠤᠯᠵᠤ᠂ ᠪᠡᠶ᠎ᠡ ᠶᠢᠨ ᠲᠠᠮᠢᠷ ᠪᠠ ᠠᠨᠠᠭᠠᠬᠤ ᠤᠬᠠᠭᠠᠨ ᠢ ᠤᠶᠠᠯᠳᠤᠭᠤᠯᠤᠭᠰᠠᠨ ᠵᠡᠷᠭᠡ ᠲᠥᠷᠥᠯ ᠬᠡᠯᠪᠡᠷᠢ | ᠪᠦᠬᠦᠢ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠲᠤᠭ᠎ᠠ ᠶᠢ 8 ᠲᠦᠮᠡᠨ ᠬᠥᠮᠦᠨ ᠪᠣᠯᠭᠠᠨ᠎ᠠ᠃ | ᠰᠤᠮᠤ ᠰᠢᠶᠠᠩ ᠪᠠᠯᠭᠠᠰᠤ ᠪᠦᠷᠢ ᠳᠤ 1 — 2 ᠰᠣᠶᠣᠯ ᠪᠡᠶ᠎ᠡ ᠶᠢᠨ ᠲᠠᠮᠢᠷ ᠤᠨ ᠬᠠᠮᠢᠶᠠᠷᠤᠭᠴᠢ ᠲᠠᠢ᠂ ᠭᠠᠴᠠᠭ᠎ᠠ | ᠲᠣᠰᠬᠤᠨ ︵ᠨᠡᠶᠢᠭᠡᠮ ᠲᠣᠭᠤᠷᠢᠭ︶ ᠪᠦᠷᠢ ᠳᠤ ᠲᠤᠰᠬᠠᠶ ᠪᠠ ᠲᠤᠰᠢᠶᠠᠯ ᠬᠠᠪᠰᠤᠷᠭᠠᠭᠰᠠᠨ 1 ᠰᠣᠶᠣᠯ ᠪᠡᠶ᠎ᠡ ᠶᠢᠨ | ᠲᠠᠮᠢᠷ ᠤᠨ ᠬᠠᠮᠢᠶᠠᠷᠤᠭᠴᠢ ᠲᠠᠢ ᠪᠣᠯᠭᠠᠨ᠎ᠠ᠃ ᠤᠯᠤᠰ ᠠᠷᠠᠳ ᠤᠨ ᠪᠡᠶ᠎ᠡ ᠮᠠᠬᠠᠪᠣᠳ ᠢ ᠬᠢᠨᠠᠨ ᠰᠢᠨᠵᠢᠬᠦ ᠥᠷᠲᠡᠭᠡ | ᠬᠢᠭᠡᠳ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠬᠤᠭᠤᠷᠣᠨᠳᠣᠬᠢ ᠲᠤᠬᠠᠶᠢᠯᠠᠭᠰᠠᠨ ᠠᠵᠢᠯ ᠤᠨ | ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠡᠯ᠎ᠡ ᠱᠠᠲᠤᠨ ᠤ ᠪᠡᠶ᠎ᠡ ᠶᠢᠨ ᠲᠠᠮᠢᠷ ᠪᠠ ᠠᠨᠠᠭᠠᠬᠤ ᠤᠬᠠᠭᠠᠨ ᠢ | ᠤᠶᠠᠯᠳᠤᠭᠤᠯᠤᠭᠰᠠᠨ ᠡᠷᠡᠭᠦᠯ ᠴᠢᠬᠢᠷᠠᠭ ᠤᠨ ᠦᠢᠯᠡᠴᠢᠯᠡᠭᠡᠨ ᠤ ᠲᠥᠪ ︵ᠥᠷᠲᠡᠭᠡ︶ ᠢ ᠪᠠᠶᠢᠭᠤᠯᠤᠨ᠎ᠠ᠃ | — ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠪᠡᠶ᠎ᠡ ᠮᠠᠬᠠᠪᠣᠳ ᠢ ᠨᠡᠶᠢᠳᠡᠮ ᠴᠢᠬᠢᠷᠠᠭᠵᠢᠭᠤᠯᠤᠨ᠎ᠠ᠃ | ᠬᠤᠲᠠ ᠬᠥᠳᠡᠭᠡ ᠶᠢᠨ ︽ᠠᠷᠠᠳ ᠢᠷᠭᠡᠳ ᠤᠨ ᠪᠡᠶ᠎ᠡ ᠮᠠᠬᠠᠪᠣᠳ ᠢ ᠰᠢᠯᠭᠠᠨ ᠲᠣᠭᠲᠠᠭᠠᠬᠤ ᠪᠠᠷᠢᠮᠵᠢᠶ᠎ᠠ︾ ᠳᠤ ᠬᠢᠷᠢ | ᠲᠡᠩᠴᠡᠭᠰᠡᠨ ᠬᠡᠮᠵᠢᠶ᠎ᠡ ᠠᠴᠠ ᠳᠡᠭᠡᠭᠰᠢᠬᠢ ᠬᠥᠮᠦᠨ ᠤ ᠲᠤᠭᠠᠨ ᠤ ᠬᠠᠷᠢᠴᠠᠯ ᠢ 92% ᠠᠴᠠ ᠢᠯᠡᠭᠦᠦ ᠪᠣᠯᠭᠠᠨ᠎ᠠ᠃ | ᠬᠤᠲᠠ ᠬᠥᠳᠡᠭᠡ ᠳᠠᠬᠢ ᠤᠵᠢᠭ ᠡᠪᠡᠳᠴᠢᠨ ᠳᠤ ᠨᠡᠷᠪᠡᠭᠳᠡᠬᠦ ᠨᠣᠷᠮ᠎ᠠ ᠶᠢ ᠮᠡᠳᠡᠭᠳᠡᠮ᠎ᠡ ᠪᠠᠭᠤᠷᠠᠭᠤᠯᠤᠨ᠂ ᠡᠮᠴᠢᠯᠡᠨ | ᠵᠠᠰᠠᠬᠤ ᠵᠠᠷᠤᠳᠠᠯ ᠢ ᠨᠢ ᠮᠡᠳᠡᠭᠳᠡᠮ᠎ᠡ ᠪᠠᠭᠤᠷᠠᠭᠤᠯᠤᠨ᠎ᠠ᠃ ᠡᠷᠡᠭᠦᠯ ᠴᠢᠬᠢᠷᠠᠭ ᠪᠠᠶᠢᠬᠤ ᠶᠢ ᠠᠬᠢᠭᠤᠯᠬᠤ ᠠᠵᠢᠯ ᠤᠨ | ᠲᠠᠯ᠎ᠠ ᠳᠠᠬᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠳᠦᠯ ᠢ ᠨᠠᠩ ᠳᠣᠪᠤᠶᠢᠮ᠎ᠠ ᠪᠣᠯᠭᠠᠵᠤ᠂ ᠡᠷᠡᠭᠦᠯ | ᠴᠢᠬᠢᠷᠠᠭ ᠢ ᠬᠠᠮᠢᠶᠠᠷᠤᠨ ᠨᠥᠯᠥᠭᠡᠯᠡᠬᠦ ᠴᠢᠬᠤᠯᠠ ᠠᠷᠭ᠎ᠠ ᠪᠠᠷᠢᠯ ᠪᠣᠯᠭᠠᠨ᠎ᠠ᠃ | — ᠠᠳᠠᠯᠢ ᠪᠤᠰᠤ ᠨᠠᠰᠤᠨ ᠤ ᠬᠥᠮᠦᠰ ᠤᠨ ᠪᠡᠶ᠎ᠡ ᠶᠢᠨ ᠪᠢᠷ᠎ᠠ ᠲᠠᠮᠢᠷ ᠢ ᠢᠯᠡᠳᠲᠡ ᠰᠠᠶᠢᠵᠢᠷᠠᠭᠤᠯᠤᠨ᠎ᠠ᠃ | ᠶᠡᠷᠦᠩᠬᠡᠶᠢᠯᠡᠨ ᠪᠣᠳᠣᠯᠭ᠎ᠠ ᠬᠡᠷᠡᠭᠵᠢᠭᠦᠯᠬᠦ᠂ ᠦᠷᠭᠦᠯᠵᠢᠯᠡᠨ ᠬᠠᠮᠢᠶᠠᠷᠴᠤ ᠨᠥᠯᠥᠭᠡᠯᠡᠬᠦ᠂ ᠠᠭᠤᠰᠤᠯᠴᠠᠭᠤᠯᠤᠨ | ᠠᠬᠢᠭᠤᠯᠬᠤ ᠪᠠᠷ ᠳᠠᠮᠵᠢᠨ᠂ ᠰᠤᠷᠭᠠᠭᠤᠯᠢ ᠶᠢᠨ ᠰᠤᠷᠤᠭᠴᠢᠳ ᠤᠨ ᠳᠣᠲᠣᠷᠠᠬᠢ ︽ᠨᠢᠳᠦᠨ ᠰᠢᠯ ᠲᠠᠢ ᠰᠤᠷᠤᠭᠴᠢ︾᠂ | ︽ᠮᠠᠷᠢᠶᠠᠲᠠᠢ ᠰᠤᠷᠤᠭᠴᠢ︾ ᠶᠢᠨ ᠲᠤᠭ᠎ᠠ ᠶᠢ ᠠᠭᠠᠵᠢᠮ ᠢᠶᠠᠷ ᠪᠠᠭᠠᠰᠬᠠᠵᠤ᠂ ︽ᠰᠤᠷᠤᠭᠴᠢᠳ ᠤᠨ ᠪᠡᠶ᠎ᠡ | ᠮᠠᠬᠠᠪᠣᠳ ᠤᠨ ᠡᠷᠡᠭᠦᠯ ᠴᠢᠬᠢᠷᠠᠭ ᠤᠨ ᠤᠯᠤᠰ ᠤᠨ ᠪᠠᠷᠢᠮᠵᠢᠶ᠎ᠠ︾ ᠶᠢᠨ ᠦᠨᠳᠦᠰᠦᠨ ᠱᠠᠭᠠᠷᠳᠠᠯᠭ᠎ᠠ ᠳᠤ ᠨᠡᠶᠢᠳᠡᠮ | ᠨᠡᠶᠢᠴᠡᠭᠦᠯᠦᠨ᠎ᠡ︔ ᠵᠠᠯᠠᠭᠤ ᠪᠠᠭᠠᠴᠤᠳ ᠤᠨ ᠪᠡᠶ᠎ᠡ ᠮᠠᠬᠠᠪᠣᠳ ᠢ ᠢᠯᠡᠷᠬᠡᠢ ᠴᠢᠬᠢᠷᠠᠭᠵᠢᠭᠤᠯᠤᠨ᠎ᠠ︔ ᠠᠵᠢᠯ | ᠮᠡᠷᠭᠡᠵᠢᠯ ᠤᠨ ᠬᠥᠮᠥᠰ ᠤᠨ ︽ᠡᠷᠡᠭᠦᠯᠰᠢᠭ︾ ︽ᠤᠵᠢᠭ ᠡᠪᠡᠳᠴᠢᠨ︾ ᠲᠠᠢ ᠪᠠᠶᠢᠳᠠᠯ ᠢ ᠢᠯᠡᠳᠲᠡ ᠥᠭᠡᠷᠡᠴᠢᠯᠡᠨ | ᠰᠠᠶᠢᠵᠢᠷᠠᠭᠤᠯᠵᠤ᠂ ᠠᠵᠢᠯᠯᠠᠬᠤ ᠦᠷ᠎ᠡ ᠪᠦᠲᠦᠮᠵᠢ ᠶᠢ ᠨᠢ ᠮᠡᠳᠡᠭᠳᠡᠮ᠎ᠡ ᠳᠡᠭᠡᠭᠰᠢᠯᠡᠭᠦᠯᠦᠨ᠎ᠡ︔ ᠨᠠᠰᠤᠲᠠᠶᠢᠴᠤᠳ ᠪᠠ | ᠵᠡᠮᠳᠡᠭᠴᠦᠳ ᠤᠨ ᠠᠮᠢ ᠨᠠᠰᠤᠨ ᠤ ᠴᠢᠨᠰᠠᠭ᠎ᠠ ᠪᠣᠯᠣᠨ ᠪᠡᠶ᠎ᠡ ᠪᠠᠨ ᠳᠠᠭᠠᠭᠠᠬᠤ ᠴᠢᠳᠠᠪᠤᠷᠢ ᠶᠢ ᠨᠢ ᠢᠯᠡᠳᠲᠡ | ᠴᠢᠩᠭᠠᠷᠠᠭᠤᠯᠤᠨ᠎ᠠ᠃ | ᠭᠤᠷᠪᠠ᠂ ᠭᠤᠤᠯᠳᠠᠯᠭ᠎ᠠ ᠲᠠᠢ ᠡᠭᠦᠷᠭᠡ | ︵ᠨᠢᠭᠡ︶ ᠪᠡᠶ᠎ᠡ ᠴᠢᠭᠢᠷᠠᠭᠵᠢᠭᠤᠯᠬᠤ ᠪᠠ ᠡᠷᠡᠭᠦᠯ ᠴᠢᠬᠢᠷᠠᠭ ᠤᠨ ᠣᠨᠣᠯᠵᠢᠬᠤᠨ ᠤ ᠠᠭᠤᠰᠤᠯᠴᠠᠯ ᠢ | ᠴᠢᠩᠭᠠᠳᠬᠠᠨ᠎ᠠ᠃ ︽ᠪᠡᠶ᠎ᠡ ᠶᠢᠨ ᠲᠠᠮᠢᠷ ᠢᠶᠠᠷ ︿ᠡᠪᠡᠳᠴᠢᠯᠡᠬᠦ ᠠᠴᠠ ᠨᠢ ᠤᠷᠢᠳ﹀ ᠡᠮᠨᠡᠨ ᠵᠠᠰᠠᠬᠤ︾ ︽ᠲᠠᠮᠢᠷ ᠤᠨ | ᠬᠥᠳᠡᠯᠭᠡᠭᠡᠨ ᠬᠢᠬᠦ ᠪᠣᠯ ᠠᠰᠢᠭᠲᠠᠢ ᠡᠮᠴᠢᠯᠡᠭᠡ︾ ᠵᠡᠷᠭᠡ ᠣᠨᠣᠯᠵᠢᠬᠤᠨ ᠢ ᠣᠶᠤᠨ ᠤ ᠪᠣᠯᠪᠠᠰᠤᠨ ᠤ | ᠪᠠᠶᠢᠭᠤᠯᠤᠯᠲᠠ ᠯᠤᠭ᠎ᠠ ᠨᠢᠭᠡᠳᠬᠡᠵᠦ᠂ ᠡᠷᠡᠭᠦᠯ ᠴᠢᠬᠢᠷᠠᠭ ᠤᠨ ᠬᠥᠮᠦᠵᠢᠯ ᠤᠨ ᠰᠢᠰᠲ᠋ᠧᠮᠵᠢ ᠳᠤ ᠣᠷᠣᠭᠤᠯᠤᠨ᠂ | ᠨᠡᠶᠢᠲᠡ ᠣᠯᠠᠨ ᠢ ᠬᠥᠲᠥᠯᠥᠨ ᠵᠢᠯᠣᠭᠤᠳᠴᠤ ᠪᠠᠶᠢᠭᠠᠳ ᠪᠡᠶ᠎ᠡ ᠶᠢᠨ ᠲᠠᠮᠢᠷ ᠢᠶᠠᠷ ᠴᠢᠬᠢᠷᠠᠭᠵᠢᠬᠤ ᠦᠵᠡᠯᠲᠡ ᠶᠢ ᠪᠤᠢ | ᠪᠣᠯᠭᠠᠵᠤ᠂ ᠨᠡᠶᠢᠲᠡ ᠣᠯᠠᠨ ᠤ ᠡᠷᠡᠭᠦᠯ ᠴᠢᠬᠢᠷᠠᠭ ᠤᠨ ᠦᠵᠡᠯ ᠤᠬᠠᠮᠰᠠᠷ ᠪᠣᠯᠣᠨ ᠦᠢᠯᠡ ᠠᠵᠢᠯᠯᠠᠭᠠᠨ ᠤ ᠠᠷᠭ᠎ᠠ | ᠮᠠᠶ᠋ᠢᠭ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠪᠠ ᠰᠠᠶᠢᠵᠢᠷᠠᠭᠤᠯᠵᠤ᠂ ᠡᠷᠡᠭᠦᠯ ᠴᠢᠬᠢᠷᠠᠭ ᠢ ᠭᠠᠭᠴᠠ ᠬᠦ | ᠰᠡᠭᠦᠯᠴᠢ ᠪᠠᠷ ᠬᠠᠮᠢᠶᠠᠷᠤᠨ ᠨᠥᠯᠥᠭᠡᠯᠡᠵᠦ ᠪᠠᠶᠢᠭᠰᠠᠨ ᠢ ᠨᠢ ᠰᠠᠨᠠᠭᠠᠴᠢᠯᠠᠭ᠎ᠠ ᠠᠴᠠ ᠪᠠᠨ ᠪᠡᠶ᠎ᠡ ᠪᠠᠨ ᠴᠢᠭᠢᠷᠠᠭᠵᠢᠭᠤᠯᠤᠨ | ᠡᠷᠡᠭᠦᠯ ᠴᠢᠬᠢᠷᠠᠭ ᠲᠤ ᠨᠥᠯᠦᠭᠡ ᠲᠠᠢ ᠵᠦᠢᠯ ᠢ ᠤᠷᠢᠳ ᠢᠶᠠᠷ ᠰᠡᠷᠭᠡᠶᠢᠯᠡᠬᠦ ᠲᠡᠶᠢᠰᠢ ᠬᠤᠪᠢᠷᠠᠭᠤᠯᠬᠤ ᠶᠢ | ᠪᠡᠶᠡᠯᠡᠭᠦᠯᠦᠨ᠎ᠡ᠃ ᠡᠯ᠎ᠡ ᠱᠠᠲᠤᠨ ᠤ ᠰᠣᠨᠢᠨ ᠮᠡᠳᠡᠭᠡᠨ ᠤ ᠵᠠᠭᠤᠴᠢᠯᠠᠭᠤᠷ ᠢ ᠵᠣᠷᠢᠬᠵᠢᠭᠤᠯᠵᠤ ᠪᠠᠶᠢᠭᠠᠳ ᠡᠷᠡᠭᠦᠯ | ᠴᠢᠬᠢᠷᠠᠭ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠴᠢᠨᠠᠷ ᠰᠠᠶᠢᠲᠠᠶ ᠫᠷᠤᠭ᠍ᠷᠠᠮ ᠡᠷᠬᠢᠯᠡᠬᠦ ᠪᠣᠯᠭᠠᠨ᠎ᠠ᠃ ᠲᠧᠯᠸᠢᠰ᠂ | ᠷᠠᠳᠢᠣ᠋᠂ ᠰᠣᠨᠢᠨ ᠰᠡᠳᠬᠦᠯ᠂ ᠰᠦᠯᠵᠢᠶ᠎ᠡ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠢ ᠭᠦᠢᠴᠡᠳ ᠠᠰᠢᠭᠯᠠᠵᠤ᠂ ︽ | ᠢᠨᠲ᠋ᠧᠷ ᠰᠦᠯᠵᠢᠶ᠎ᠡ + ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ︾ ︽ᠢᠨᠲ᠋ᠧᠷ ᠰᠦᠯᠵᠢᠶ᠎ᠡ + ᠪᠥᠬᠦ | ᠠᠷᠠᠳ ᠤᠨ ᠡᠷᠡᠭᠦᠯ ᠴᠢᠬᠢᠷᠠᠭ︾ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠡᠳᠦᠷ︾ ︽ᠪᠥᠬᠦ ᠠᠷᠠᠳ ᠤᠨ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠤᠨ ᠡᠳᠦᠷ︾ | ᠵᠡᠷᠭᠡ ᠪᠡᠶ᠎ᠡ ᠴᠢᠭᠢᠷᠠᠭᠵᠢᠭᠤᠯᠬᠤ ᠪᠠ ᠡᠷᠡᠭᠦᠯ ᠴᠢᠬᠢᠷᠠᠭ ᠤᠨ ᠭᠤᠤᠯ ᠰᠡᠳᠦᠪᠲᠦ ᠡᠳᠦᠷ ᠤᠨ ᠠᠵᠢᠯᠯᠠᠭ᠎ᠠ ᠲᠠᠢ | ᠤᠶᠠᠯᠳᠤᠭᠤᠯᠵᠤ᠂ ᠪᠡᠶ᠎ᠡ ᠴᠢᠭᠢᠷᠠᠭᠵᠢᠭᠤᠯᠬᠤ ᠪᠠ ᠡᠷᠡᠭᠦᠯ ᠴᠢᠬᠢᠷᠠᠭ ᠤᠨ ᠰᠣᠶᠣᠯ ᠢ ᠶᠡᠭᠡ ᠪᠠᠷ ᠪᠠᠳᠠᠷᠠᠭᠤᠯᠤᠨ᠂ ᠪᠡᠶ᠎ᠡ | ᠴᠢᠭᠢᠷᠠᠭᠵᠢᠭᠤᠯᠬᠤ ᠪᠠ ᠡᠷᠡᠭᠦᠯ ᠴᠢᠬᠢᠷᠠᠭ ᠤᠨ ᠮᠡᠳᠡᠯᠭᠡ ᠶᠢ ᠲᠦᠭᠡᠮᠡᠯᠵᠢᠭᠦᠯᠵᠦ᠂ ᠪᠡᠶ᠎ᠡ ᠴᠢᠭᠢᠷᠠᠭᠵᠢᠭᠤᠯᠬᠤ ᠪᠠ | ᠡᠷᠡᠭᠦᠯ ᠴᠢᠬᠢᠷᠠᠭ ᠪᠠᠶᠢᠬᠤ ᠠᠷᠭ᠎ᠠ ᠶᠢ ᠳᠡᠯᠭᠡᠷᠡᠭᠦᠯᠵᠦ᠂ ᠪᠡᠶ᠎ᠡ ᠴᠢᠭᠢᠷᠠᠭᠵᠢᠭᠤᠯᠬᠤ ᠪᠠ ᠡᠷᠡᠭᠦᠯ ᠴᠢᠬᠢᠷᠠᠭ ᠤᠨ | ᠦᠯᠢᠭᠡᠷ ᠳᠠᠭᠤᠷᠢᠶᠠᠯ ᠢ ᠪᠣᠶ ᠪᠣᠯᠭᠠᠨ᠂ ᠪᠡᠶ᠎ᠡ ᠴᠢᠭᠢᠷᠠᠭᠵᠢᠭᠤᠯᠬᠤ ᠪᠠ ᠡᠷᠡᠭᠦᠯ ᠴᠢᠬᠢᠷᠠᠭ ᠪᠠᠶᠢᠬᠤ ᠦᠯᠢᠭᠡᠷ ᠢ | ᠰᠠᠶᠢᠲᠤᠷ ᠲᠣᠭᠠᠴᠢᠨ ᠬᠦᠦᠷᠨᠢᠵᠦ᠂ ᠪᠡᠶ᠎ᠡ ᠴᠢᠭᠢᠷᠠᠭᠵᠢᠭᠤᠯᠬᠤ ᠪᠠ ᠡᠷᠡᠭᠦᠯ ᠴᠢᠬᠢᠷᠠᠭ ᠤᠨ ᠲᠤᠬᠠᠶ ᠣᠯᠠᠨ | ᠨᠡᠶᠢᠲᠡ ᠶᠢᠨ ᠣᠶᠢᠯᠠᠭᠠᠬᠤ ᠨᠣᠷᠮ᠎ᠠ ᠪᠣᠯᠣᠨ ᠣᠷᠣᠯᠴᠠᠬᠤ ᠨᠣᠷᠮ᠎ᠠ ᠶᠢ ᠳᠡᠭᠡᠭᠰᠢᠯᠡᠭᠦᠯᠦᠨ᠂ ᠪᠦᠬᠦ ᠨᠡᠶᠢᠭᠡᠮ ᠳᠤ ᠪᠦᠬᠦ | ᠠᠷᠠᠳ ᠤᠨ ᠪᠡᠶ᠎ᠡ ᠴᠢᠬᠢᠷᠠᠭᠵᠢᠭᠤᠯᠬᠤ ᠶᠢ ᠪᠦᠬᠦ ᠦᠶᠡᠯᠡᠯ ᠤᠨ ᠬᠤᠭᠤᠴᠠᠭ᠎ᠠ ᠲᠠᠢ ᠪᠣᠯᠭᠠᠬᠤ ᠪᠠ ᠬᠠᠮᠲᠤ ᠣᠯᠠᠨ ᠤ | ᠪᠡᠶ᠎ᠡ ᠮᠠᠬᠠᠪᠣᠳ ᠤᠨ ᠡᠷᠡᠭᠦᠯ ᠴᠢᠬᠢᠷᠠᠭ ᠢ ᠨᠢ ᠠᠬᠢᠭᠤᠯᠬᠤ ᠪᠠᠶᠢᠳᠠᠯ ᠢ ᠪᠦᠷᠢᠯᠳᠦᠭᠦᠯᠵᠦ᠂ ᠪᠥᠬᠦ ᠠᠷᠠᠳ ᠲᠤ ᠡᠷᠡᠭᠦᠯ | ᠴᠢᠬᠢᠷᠠᠭ ᠪᠠᠶᠢᠬᠤ ᠬᠠᠮᠤᠭ ᠤᠨ ᠢᠳᠡᠪᠬᠢᠲᠡᠢ᠂ ᠬᠠᠮᠤᠭ ᠤᠨ ᠪᠦᠲᠦᠮᠵᠢᠲᠡᠶ᠂ ᠬᠠᠮᠤᠭ ᠤᠨ ᠠᠷᠪᠢᠲᠠᠶ ᠠᠷᠭ᠎ᠠ | ᠪᠠᠷᠢᠯ ᠤᠨ ᠲᠠᠯ᠎ᠠ ᠪᠠᠷ ᠬᠠᠮᠲᠤ ᠶᠢᠨ ᠲᠠᠨᠢᠯᠲᠠ ᠲᠠᠢ ᠪᠣᠯᠬᠤ ᠶᠢ ᠪᠡᠶᠡᠯᠡᠭᠦᠯᠦᠨ᠂ ᠪᠡᠶ᠎ᠡ ᠶᠢᠨ ᠲᠠᠮᠢᠷ ᠤᠨ | ᠠᠮᠢᠳᠤᠷᠠᠯ ᠲᠠᠢ ᠠᠭᠤᠰᠤᠯᠴᠠᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠨ᠎ᠠ᠃ | ︵ᠬᠤᠶᠠᠷ︶ ᠪᠡᠶ᠎ᠡ ᠴᠢᠭᠢᠷᠠᠭᠵᠢᠭᠤᠯᠬᠤ ᠪᠠ ᠡᠷᠡᠭᠦᠯ ᠴᠢᠬᠢᠷᠠᠭ ᠤᠨ ᠵᠣᠬᠢᠶᠠᠨ ᠪᠠᠶᠢᠭᠤᠯᠤᠯᠲᠠ ᠶᠢᠨ | ᠠᠭᠤᠰᠤᠯᠴᠠᠯ ᠢ ᠴᠢᠩᠭᠠᠳᠬᠠᠨ᠎ᠠ᠃ ︽ᠬᠠᠮ ᠪᠡᠶ᠎ᠡ ᠶᠢᠨ ᠲᠠᠮᠢᠷ︾ ︽ᠲᠡᠭᠦᠰ ᠡᠷᠡᠭᠦᠯ ᠴᠢᠬᠢᠷᠠᠭ︾ ᠪᠠᠶᠢᠬᠤ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠵᠢᠯᠴᠠᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠡᠯ᠎ᠡ | ᠲᠥᠷᠥᠯ ᠤᠨ ᠪᠡᠶ᠎ᠡ ᠴᠢᠭᠢᠷᠠᠭᠵᠢᠭᠤᠯᠬᠤ ᠵᠣᠬᠢᠶᠠᠨ ᠪᠠᠶᠢᠭᠤᠯᠤᠯᠲᠠ ᠶᠢ ᠡᠷᠡᠭᠦᠯ ᠬᠠᠮᠠᠭᠠᠯᠠᠯ᠂ ᠰᠣᠶᠣᠯ᠂ ᠰᠤᠷᠭᠠᠨ | ᠬᠥᠮᠦᠵᠢᠯ᠂ ᠵᠢᠭᠤᠯᠴᠢᠯᠠᠯ᠂ ᠨᠠᠰᠤᠵᠢᠯ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠯᠤᠭ᠎ᠠ ᠵᠣᠯᠭᠠᠭᠤᠯᠬᠤ ᠶᠢ | ᠢᠳᠡᠪᠬᠢᠲᠡᠶ ᠠᠬᠢᠭᠤᠯᠤᠨ᠂ ᠪᠡᠶ᠎ᠡ ᠴᠢᠭᠢᠷᠠᠭᠵᠢᠭᠤᠯᠬᠤ ᠬᠢᠭᠡᠳ ᠡᠷᠡᠭᠦᠯ ᠴᠢᠬᠢᠷᠠᠭ ᠤᠨ ᠦᠢᠯᠡᠴᠢᠯᠡᠭᠡᠨ ᠤ ᠨᠢᠭᠡ | ᠴᠣᠭᠴᠠᠵᠢᠨ ᠬᠥᠭᠵᠢᠬᠦ ᠶᠢ ᠠᠬᠢᠭᠤᠯᠤᠨ᠎ᠠ᠃ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠡᠮᠨᠡᠯᠭᠡ ᠶᠢᠨ | ᠬᠤᠷᠢᠶᠠᠨ ᠤ ᠠᠭᠤᠰᠤᠯᠴᠠᠬᠤ ᠴᠢᠳᠠᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠥᠬᠦᠴᠡᠯ ᠲᠠᠢ ᠲᠣᠮᠣ | ᠬᠡᠯᠪᠡᠷᠢ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠳᠤ ᠲᠠᠮᠢᠷ ᠤᠨ ᠬᠥᠳᠡᠯᠭᠡᠭᠡᠨ ᠢᠶᠠᠷ ᠡᠷᠡᠭᠦᠯᠵᠢᠭᠦᠯᠬᠦ ᠲᠤᠰᠬᠠᠢ | ᠡᠭᠦᠳᠡᠨ ᠡᠮᠨᠡᠯᠭᠡ ᠲᠣᠬᠢᠷᠠᠭᠤᠯᠬᠤ ᠶᠢ ᠵᠣᠷᠢᠬᠵᠢᠭᠤᠯᠤᠨ᠂ ᠪᠥᠬᠦ ᠠᠷᠠᠳ ᠤᠨ ᠡᠷᠡᠭᠦᠯ ᠰᠠᠷᠠᠭᠤᠯ ᠠᠮᠢᠳᠤᠷᠠᠯ ᠤᠨ | ᠠᠷᠭ᠎ᠠ ᠮᠠᠶ᠋ᠢᠭ ᠬᠢᠭᠡᠳ ᠪᠡᠶ᠎ᠡ ᠶᠢᠨ ᠲᠠᠮᠢᠷ ᠢᠶᠠᠷ ᠴᠢᠬᠢᠷᠠᠭᠵᠢᠬᠤ ᠯᠤᠭ᠎ᠠ ᠶᠢᠨ ᠭᠦᠨᠵᠡᠭᠡᠢ ᠠᠭᠤᠰᠤᠯᠴᠠᠬᠤ | ᠦᠢᠯᠡᠴᠢᠯᠡᠭᠡᠨ ᠤ ᠵᠠᠭᠪᠤᠷ ᠢ ᠰᠦᠪᠡᠭᠴᠢᠯᠡᠨ᠎ᠡ᠃ ᠪᠡᠶ᠎ᠡ ᠶᠢᠨ ᠲᠠᠮᠢᠷ ᠪᠠ ᠠᠨᠠᠭᠠᠬᠤ ᠤᠬᠠᠭᠠᠨ ᠢ ᠤᠶᠠᠯᠳᠤᠭᠤᠯᠤᠭᠰᠠᠨ | ᠡᠷᠡᠭᠦᠯ ᠴᠢᠬᠢᠷᠠᠭ ᠤᠨ ᠦᠢᠯᠡᠴᠢᠯᠡᠭᠡᠨ ᠤ ᠲᠣᠤᠷ ᠰᠦᠯᠵᠢᠶ᠎ᠡ ᠶᠢ ᠪᠠᠶᠢᠭᠤᠯᠤᠨ ᠪᠦᠷᠢᠨᠰᠢᠭᠦᠯᠵᠦ᠂ ᠪᠡᠶ᠎ᠡ ᠮᠠᠬᠠᠪᠣᠳ ᠤᠨ | ᠪᠠᠶᠢᠴᠠᠭᠠᠨ ᠰᠢᠯᠭᠠᠬᠤ ᠶᠢ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠡᠷᠡᠭᠦᠯ ᠴᠢᠬᠢᠷᠠᠭ ᠪᠡᠶ᠎ᠡ ᠶᠢᠨ | ᠪᠠᠶᠢᠴᠠᠭᠠᠯᠲᠠ ᠶᠢᠨ ᠲᠥᠷᠥᠯ ᠵᠦᠢᠯ ᠳᠤ ᠣᠷᠣᠭᠤᠯᠤᠨ᠂ ᠠᠷᠠᠳ ᠢᠷᠭᠡᠳ ᠤᠨ ᠪᠡᠶ᠎ᠡ ᠮᠠᠬᠠᠪᠣᠳ ᠤᠨ ᠬᠢᠨᠠᠨ ᠰᠢᠨᠵᠢᠬᠦ | ᠲᠥᠪ ᠲᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠳᠦᠷ ᠲᠤᠲᠤᠮ ᠤᠨ ᠪᠡᠶ᠎ᠡ ᠮᠠᠬᠠᠪᠣᠳ ᠢ ᠰᠢᠯᠭᠠᠨ | ᠲᠣᠭᠲᠠᠭᠠᠬᠤ᠂ ᠲᠠᠮᠢᠷ ᠤᠨ ᠬᠥᠳᠡᠯᠭᠡᠭᠡᠨ ᠤ ᠴᠢᠳᠠᠪᠤᠷᠢ ᠶᠢ ᠦᠨᠡᠯᠡᠨ ᠲᠣᠭᠲᠠᠭᠠᠬᠤ᠂ ᠪᠡᠶ᠎ᠡ ᠶᠢᠨ ᠪᠢᠷ᠎ᠠ ᠲᠠᠮᠢᠷ ᠲᠤ | ᠦᠨᠡᠯᠡᠨ ᠵᠢᠱᠢᠯᠲᠡ ᠬᠢᠬᠦ ᠠᠵᠢᠯ ᠢ ᠥᠷᠨᠢᠭᠦᠯᠵᠦ᠂ ᠡᠷᠡᠭᠦᠯ ᠴᠢᠬᠢᠷᠠᠭ ᠤᠨ ᠳᠠᠩᠰᠠ ᠡᠪᠬᠡᠮᠡᠯ ᠢ ᠪᠠᠶᠢᠭᠤᠯᠤᠨ᠂ | ᠲᠠᠮᠢᠷ ᠤᠨ ᠬᠥᠳᠡᠯᠭᠡᠭᠡᠨ ᠢᠶᠠᠷ ᠴᠢᠭᠢᠷᠠᠭᠵᠢᠬᠤ ᠳᠤ ᠨᠢ ᠵᠢᠯᠣᠭᠤᠳᠣᠯᠭ᠎ᠠ ᠬᠠᠩᠭᠠᠨ᠎ᠠ᠃ ᠴᠢᠨᠠᠷ ᠰᠠᠶᠢᠲᠠᠶ ᠡᠮᠴᠢᠯᠡᠭᠡᠨ ᠤ | ᠡᠬᠢ ᠪᠠᠶᠠᠯᠢᠭ ᠢ ᠦᠨᠳᠦᠰᠦᠨ ᠱᠠᠲᠤ ᠲᠡᠶᠢᠰᠢ ᠬᠠᠨᠳᠤᠭᠤᠯᠬᠤ ᠶᠢ ᠠᠬᠢᠭᠤᠯᠤᠨ᠂ ᠡᠮᠴᠢᠯᠡᠭᠡᠨ ᠤ ᠲᠤᠰᠬᠠᠶ | ᠮᠡᠷᠭᠡᠵᠢᠯᠲᠡᠨ ᠢ ᠵᠣᠬᠢᠶᠠᠨ ᠪᠠᠶᠢᠭᠤᠯᠤᠨ ︽ᠲᠣᠮᠣ ᠡᠮᠨᠡᠯᠭᠡ ᠶᠢᠨ ᠬᠤᠷᠢᠶ᠎ᠠ︾ ᠠᠴᠠ ᠭᠠᠷᠴᠤ ᠡᠮᠴᠢᠯᠡᠬᠦ ᠶᠢ ᠬᠠᠶᠢᠨ | ᠰᠦᠪᠡᠭᠴᠢᠯᠡᠵᠦ᠂ ᠨᠡᠶᠢᠭᠡᠮ ᠲᠣᠭᠤᠷᠢᠭ ᠤᠨ ᠡᠮᠨᠡᠯᠭᠡ ᠶᠢᠨ ᠬᠤᠷᠢᠶ᠎ᠠ ᠪᠠ ᠰᠤᠮᠤ ᠰᠢᠶᠠᠩ ᠪᠠᠯᠭᠠᠰᠤᠨ ᠤ ᠡᠷᠡᠭᠦᠯ | ᠬᠠᠮᠠᠭᠠᠯᠠᠯ ᠤᠨ ᠬᠤᠷᠢᠶ᠎ᠠ ᠳᠤ ᠲᠦᠰᠢᠭᠯᠡᠨ᠂ ᠬᠤᠲᠠ ᠬᠥᠳᠡᠭᠡ ᠶᠢᠨ ᠦᠨᠳᠦᠰᠦᠨ ᠱᠠᠲᠤᠨ ᠳᠤ ︽ᠲᠠᠯ᠎ᠠ | ᠨᠤᠲᠤᠭ ᠤᠨ ᠡᠷᠡᠭᠦᠯ ᠴᠢᠬᠢᠷᠠᠭ ᠤᠨ ᠥᠷᠥᠭᠡ︾ ᠶᠢ ᠡᠭᠦᠳᠦᠨ ᠪᠠᠶᠢᠭᠤᠯᠵᠤ᠂ ᠮᠠᠯᠴᠢᠨ ᠲᠠᠷᠢᠶᠠᠴᠢᠨ ᠲᠦᠮᠡᠨ ᠳᠤ | ᠡᠷᠡᠭᠦᠯ ᠴᠢᠬᠢᠷᠠᠭ ᠤᠨ ᠬᠥᠮᠦᠵᠢᠯ ᠤᠨ ᠲᠠᠯ᠎ᠠ ᠪᠠᠷ ᠬᠢ ᠠᠰᠠᠭᠤᠨ ᠯᠠᠪᠯᠠᠬᠤ᠂ ᠡᠷᠡᠭᠦᠯ ᠴᠢᠬᠢᠷᠠᠭ ᠢ ᠬᠠᠮᠢᠶᠠᠷᠤᠨ | ᠨᠥᠯᠥᠭᠡᠯᠡᠬᠦ ᠪᠠ ᠤᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠵᠡᠷᠭᠡ ᠴᠢᠨᠠᠷ ᠰᠠᠶᠢᠲᠠᠶ ᠦᠢᠯᠡᠴᠢᠯᠡᠭᠡ ᠬᠠᠩᠭᠠᠨ᠎ᠠ᠃ | ᠨᠢᠭᠡ ᠪᠦᠯᠦᠭ ᠪᠡᠶ᠎ᠡ ᠴᠢᠭᠢᠷᠠᠭᠵᠢᠭᠤᠯᠬᠤ ᠪᠠ ᠡᠷᠡᠭᠦᠯ ᠴᠢᠬᠢᠷᠠᠭ ᠤᠨ ᠲᠠᠯ᠎ᠠ ᠪᠠᠷ ᠬᠢ ᠨᠡᠶᠢᠲᠡ ᠶᠢᠨ ᠠᠰᠠᠷᠠᠮᠵᠢ ᠶᠢᠨ | ᠵᠣᠬᠢᠶᠠᠨ ᠪᠠᠶᠢᠭᠤᠯᠤᠯᠲᠠ ᠶᠢ ᠪᠠᠶᠢᠭᠤᠯᠤᠨ᠂ ᠨᠡᠶᠢᠭᠡᠮ ᠤᠨ ᠬᠦᠴᠦᠨ ᠢ ᠳᠡᠮᠵᠢᠵᠦ ᠪᠠᠶᠢᠭᠠᠳ ᠣᠨᠴᠠ | ᠵᠥᠪᠰᠢᠶᠡᠷᠡᠯ ᠲᠠᠢ ᠪᠠᠷ ᠡᠵᠡᠩᠨᠡᠬᠦ᠂ ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠬᠦ᠂ ᠠᠷᠠᠳ ᠠᠴᠠ ᠡᠷᠬᠢᠯᠡᠵᠦ | ᠠᠯᠪᠠᠨ ᠠᠴᠠ ᠲᠤᠰᠠᠯᠠᠬᠤ ᠵᠡᠷᠭᠡ ᠵᠠᠭᠪᠤᠷ ᠢ ᠬᠡᠷᠡᠭᠯᠡᠵᠤ᠂ ᠠᠰᠢᠭ ᠣᠯᠵᠠᠪᠤᠷᠢ ᠶᠢᠨ ᠪᠤᠰᠤ ᠴᠢᠨᠠᠷᠲᠠᠶ ᠡᠷᠡᠭᠦᠯᠵᠢᠭᠦᠯᠬᠦ᠂ | ᠡᠷᠡᠭᠦᠯ ᠴᠢᠬᠢᠷᠠᠭ ᠢ ᠰᠢᠯᠭᠠᠨ ᠲᠣᠭᠲᠠᠭᠠᠬᠤ ᠪᠠ ᠲᠠᠮᠢᠷ ᠤᠨ ᠬᠥᠳᠡᠯᠭᠡᠭᠡᠨ ᠢᠶᠠᠷ ᠡᠷᠡᠭᠦᠯᠵᠢᠬᠦ ᠵᠡᠷᠭᠡ ᠪᠡᠶ᠎ᠡ | ᠴᠢᠭᠢᠷᠠᠭᠵᠢᠭᠤᠯᠬᠤ ᠪᠠ ᠡᠷᠡᠭᠦᠯ ᠴᠢᠬᠢᠷᠠᠭ ᠤᠨ ᠦᠢᠯᠡᠴᠢᠯᠡᠭᠡᠨ ᠤ ᠪᠠᠶᠢᠭᠤᠯᠤᠮᠵᠢ ᠶᠢ ᠨᠡᠭᠡᠭᠡᠨ ᠡᠷᠭᠢᠯᠡᠭᠦᠯᠦᠨ᠎ᠡ᠃ | ︵ᠭᠤᠷᠪᠠ︶ ᠪᠡᠶ᠎ᠡ ᠴᠢᠭᠢᠷᠠᠭᠵᠢᠭᠤᠯᠬᠤ ᠪᠠ ᠡᠷᠡᠭᠦᠯ ᠴᠢᠬᠢᠷᠠᠭ ᠤᠨ ᠪᠡᠯᠡᠳᠬᠡᠮᠵᠢ ᠶᠢᠨ ᠠᠭᠤᠰᠤᠯᠴᠠᠯ ᠢ | ᠴᠢᠩᠭᠠᠳᠬᠠᠨ᠎ᠠ᠃ ᠪᠡᠶ᠎ᠡ ᠴᠢᠭᠢᠷᠠᠭᠵᠢᠭᠤᠯᠬᠤ ᠪᠠ ᠡᠷᠡᠭᠦᠯ ᠴᠢᠬᠢᠷᠠᠭ ᠤᠨ ᠲᠠᠯᠠᠪᠤᠷ ᠭᠠᠵᠠᠷ ᠤᠨ ᠪᠡᠯᠡᠳᠬᠡᠮᠵᠢ ᠶᠢᠨ | ᠪᠠᠶᠢᠷᠢᠰᠢᠭᠤᠯᠤᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠪᠦᠲᠦᠴᠡ ᠨᠢ ᠵᠦᠶ ᠵᠣᠬᠢᠰᠲᠠᠶ᠂ ᠲᠥᠷᠥᠯ ᠨᠢ | ᠪᠦᠷᠢᠨ ᠭᠦᠢᠴᠡᠳ᠂ ᠴᠢᠳᠠᠮᠵᠢ ᠨᠢ ᠲᠡᠭᠦᠯᠳᠡᠷ ᠰᠠᠶᠢᠨ ᠪᠡᠶ᠎ᠡ ᠴᠢᠭᠢᠷᠠᠭᠵᠢᠭᠤᠯᠬᠤ ᠪᠠ ᠡᠷᠡᠭᠦᠯ ᠴᠢᠬᠢᠷᠠᠭ ᠤᠨ | ᠪᠡᠯᠡᠳᠬᠡᠮᠵᠢ ᠬᠠᠩᠭᠠᠬᠤ ᠰᠢᠰᠲ᠋ᠧᠮᠵᠢ ᠶᠢ ᠪᠠᠶᠢᠭᠤᠯᠤᠨ᠎ᠠ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠨᠢ | ᠲᠤᠬᠢᠷᠠᠭᠤᠯᠤᠨ᠂ ᠨᠢᠭᠡ ᠪᠦᠯᠦᠭ ᠪᠡᠶ᠎ᠡ ᠶᠢᠨ ᠲᠠᠮᠢᠷ᠂ ᠡᠷᠡᠭᠦᠯ ᠴᠢᠬᠢᠷᠠᠭ ᠤᠨ ᠭᠤᠤᠯ ᠰᠡᠳᠦᠪᠲᠦ ᠴᠡᠴᠡᠷᠯᠢᠭ᠂ ᠭᠡᠷ | ᠳᠣᠲᠣᠷᠠᠬᠢ ᠣᠯᠠᠨ ᠴᠢᠳᠠᠮᠵᠢᠲᠤ ᠪᠡᠶ᠎ᠡ ᠴᠢᠭᠢᠷᠠᠭᠵᠢᠭᠤᠯᠬᠤ ᠣᠷᠳᠣᠨ᠂ ᠬᠤᠲᠠ ᠳᠠᠬᠢ ᠪᠡᠶ᠎ᠡ ᠴᠢᠭᠢᠷᠠᠭᠵᠢᠭᠤᠯᠬᠤ ᠪᠠᠷ | ᠠᠯᠬᠤᠬᠤ ᠵᠠᠮ᠂ ᠳᠤᠭᠤᠶ ᠲᠡᠷᠭᠡ ᠤᠨᠤᠬᠤ ᠨᠣᠭᠤᠭᠠᠷᠠᠭᠤᠯᠤᠭᠰᠠᠨ ᠵᠠᠮ᠂ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠲᠥᠪ ᠵᠡᠷᠭᠡ ᠣᠯᠠᠨ ᠨᠡᠶᠢᠲᠡ ᠶᠢᠨ ᠪᠡᠯᠡᠳᠬᠡᠮᠵᠢ ᠶᠢ ᠰᠢᠨ᠎ᠡ ᠪᠠᠷ ᠪᠠᠶᠢᠭᠤᠯᠤᠨ᠎ᠠ᠃ ᠡᠯ᠎ᠡ ᠭᠠᠵᠠᠷ | ᠣᠷᠣᠨ ᠢ ᠵᠣᠷᠢᠬᠵᠢᠭᠤᠯᠵᠤ ᠪᠠᠶᠢᠭᠠᠳ ᠬᠤᠲᠠ ᠶᠢᠨ ᠨᠡᠶᠢᠭᠡᠮ ᠲᠣᠭᠤᠷᠢᠭ᠂ ᠪᠡᠶ᠎ᠡ ᠶᠢᠨ ᠲᠠᠮᠢᠷ ᠤᠨ ᠴᠡᠴᠡᠷᠯᠢᠭ᠂ | ᠰᠣᠶᠣᠯ ᠤᠨ ᠲᠠᠯᠠᠪᠠᠢ᠂ ᠪᠡᠶ᠎ᠡ ᠶᠢᠨ ᠲᠠᠮᠢᠷ ᠤᠨ ᠣᠷᠳᠣᠨ᠂ ᠪᠡᠶ᠎ᠡ ᠶᠢᠨ ᠲᠠᠮᠢᠷ ᠤᠨ ᠲᠠᠯᠠᠪᠠᠢ᠂ ᠤᠮᠪᠠᠯᠲᠠ ᠶᠢᠨ | ᠣᠷᠳᠣᠨ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠺᠯᠦ᠋ᠪ᠂ | ᠨᠠᠰᠤᠲᠠᠶᠢᠴᠤᠳ ᠤᠨ ᠲᠠᠮᠢᠷ ᠤᠨ ᠬᠥᠳᠡᠯᠭᠡᠭᠡᠨ ᠤ ᠲᠥᠪ ᠵᠡᠷᠭᠡ ᠲᠠᠯᠠᠪᠤᠷ ᠭᠠᠵᠠᠷ ᠲᠤ ᠬᠥᠮᠦᠨ ᠠᠮᠠ ᠶᠢᠨ ᠬᠡᠪᠴᠢᠶ᠎ᠡ | ᠪᠠ ᠦᠢᠯᠡᠴᠢᠯᠡᠭᠡᠨ ᠤ ᠬᠦᠷᠢᠶ᠎ᠡ ᠵᠠᠢ ᠶᠢᠨ ᠪᠠᠶᠢᠳᠠᠯ ᠢᠶᠠᠷ ᠡᠭᠡᠯ ᠠᠷᠠᠳ ᠤᠨ ᠬᠡᠷᠡᠭᠴᠡᠭᠡ ᠱᠠᠭᠠᠷᠳᠠᠯᠭ᠎ᠠ ᠳᠤ | ᠨᠡᠶᠢᠴᠡᠭᠰᠡᠨ᠂ ᠣᠶᠤᠨᠴᠢᠯᠠᠭᠰᠠᠨ᠂ ᠪᠡᠶ᠎ᠡ ᠴᠢᠭᠢᠷᠠᠭᠵᠢᠭᠤᠯᠬᠤ ᠡᠷᠡᠭᠦᠯ ᠴᠢᠬᠢᠷᠠᠭ ᠤᠨ ᠴᠢᠨᠠᠷ ᠰᠠᠶᠢᠲᠠᠶ ᠪᠡᠯᠡᠳᠬᠡᠮᠵᠢ ᠶᠢ | ᠨᠡᠮᠡᠵᠦ ᠪᠠᠶᠢᠭᠤᠯᠤᠨ᠎ᠠ᠃ ᠣᠳᠣ ᠶᠢᠨ ᠪᠠᠶᠢᠭ᠎ᠠ ᠡᠬᠢ ᠪᠠᠶᠠᠯᠢᠭ ᠢ ᠬᠥᠭᠵᠢᠭᠡᠨ᠂ ᠣᠳᠣ ᠶᠢᠨ ᠪᠠᠶᠢᠭ᠎ᠠ ᠣᠯᠠᠨ | ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ᠂ ᠪᠡᠶ᠎ᠡ ᠴᠢᠭᠢᠷᠠᠭᠵᠢᠭᠤᠯᠬᠤ ᠲᠥᠪ ᠵᠡᠷᠭᠡ ᠪᠡᠶ᠎ᠡ ᠶᠢᠨ | ᠲᠠᠮᠢᠷ ᠤᠨ ᠪᠡᠯᠡᠳᠬᠡᠮᠵᠢ ᠶᠢᠨ ᠠᠰᠢᠭᠯᠠᠬᠤ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠠᠶᠢᠭᠤᠯᠭ᠎ᠠ᠂ | ᠠᠵᠢᠯ ᠦᠢᠯᠡᠰ ᠤᠨ ᠨᠢᠭᠡᠴᠢ ᠶᠢᠨ ᠪᠠᠶᠢᠭᠤᠯᠤᠭᠰᠠᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ ᠪᠡᠯᠡᠳᠬᠡᠮᠵᠢ ᠪᠠᠨ | ᠰᠦᠢᠳᠬᠡᠯ ᠬᠤᠷᠢᠶᠠᠬᠤ ᠦᠭᠡᠢ ᠪᠤᠶᠤ ᠰᠦᠢᠳᠬᠡᠯ ᠪᠠᠭ᠎ᠠ ᠬᠤᠷᠢᠶᠠᠵᠤ ᠴᠢᠯᠥᠭᠡᠲᠡᠶ ᠨᠡᠭᠡᠭᠡᠬᠦ ᠶᠢ ᠵᠣᠷᠢᠬᠵᠢᠭᠤᠯᠵᠤ᠂ | ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠭᠠᠵᠠᠷ ᠤᠨ ᠪᠡᠯᠡᠳᠬᠡᠮᠵᠢ ᠪᠠᠨ ᠴᠢᠯᠥᠭᠡᠲᠡᠶ ᠨᠡᠭᠡᠭᠡᠬᠦ ᠡᠷᠴᠢᠮ ᠢ | ᠴᠢᠩᠭᠠᠷᠠᠭᠤᠯᠤᠨ᠂ ᠴᠢᠯᠥᠭᠡᠲᠡᠶ ᠨᠡᠭᠡᠬᠡᠬᠦ ᠨᠣᠷᠮ᠎ᠠ ᠶᠢ ᠨᠢ 90% ᠠᠴᠠ ᠳᠠᠪᠠᠭᠤᠯᠤᠨ᠎ᠠ᠃ ᠰᠢᠨ᠎ᠡ ᠪᠠᠷ | ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠲᠤ ᠪᠡᠶ᠎ᠡ ᠶᠢᠨ ᠲᠠᠮᠢᠷ ᠤᠨ ᠪᠡᠯᠡᠳᠬᠡᠮᠵᠢ ᠪᠦᠲᠦᠭᠡᠨ ᠪᠠᠶᠢᠭᠤᠯᠬᠤ | ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠬᠠᠭᠤᠴᠢᠷᠬᠠᠰᠠᠨ ᠪᠠ ᠬᠠᠭᠤᠴᠢᠨ ᠰᠠᠭᠤᠭᠠᠯᠢ ᠲᠣᠭᠤᠷᠢᠭ ᠨᠢ ᠲᠤᠬᠠᠢ ᠶᠢᠨ | ᠭᠠᠵᠠᠷ ᠣᠷᠣᠨ ᠤ ᠪᠠᠶᠢᠳᠠᠯ ᠳᠤ ᠪᠠᠨ ᠲᠤᠬᠢᠷᠠᠭᠤᠯᠤᠨ ᠪᠡᠶ᠎ᠡ ᠶᠢᠨ ᠲᠠᠮᠢᠷ ᠤᠨ ᠪᠡᠯᠡᠳᠬᠡᠮᠵᠢ ᠶᠢ ᠨᠡᠮᠡᠵᠦ | ᠪᠠᠶᠢᠭᠤᠯᠤᠨ᠎ᠠ᠃ | ︵ᠳᠥᠷᠪᠡ︶ ᠪᠡᠶ᠎ᠡ ᠴᠢᠭᠢᠷᠠᠭᠵᠢᠭᠤᠯᠬᠤ ᠪᠠ ᠡᠷᠡᠭᠦᠯ ᠴᠢᠬᠢᠷᠠᠭ ᠤᠨ ᠠᠵᠢᠯᠯᠠᠭᠠᠨ ᠤ ᠠᠭᠤᠰᠤᠯᠴᠠᠯ ᠢ | ᠴᠢᠩᠭᠠᠳᠬᠠᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠶᠢᠨ ᠬᠡᠷᠡᠭᠵᠢᠭᠦᠯᠬᠦ ᠲᠥᠯᠥᠪᠯᠡᠭᠡ ︵2016 — 2020 ᠣᠨ︶︾ ᠶᠢ ᠬᠢᠨᠠᠮᠠᠭᠠᠶ | ᠨᠠᠶᠢᠳᠠᠪᠤᠷᠢᠵᠢᠭᠤᠯᠤᠨ᠂ ︽231︾ ᠪᠡᠶ᠎ᠡ ᠶᠢᠨ ᠲᠠᠮᠢᠷ ᠤᠨ ᠠᠮᠢᠳᠤᠷᠠᠯ ᠤᠨ ᠬᠥᠭ ᠠᠶᠠᠰ ᠢ ᠦᠷᠭᠦᠯᠵᠢᠯᠡᠨ | ᠴᠢᠪᠬᠠᠳᠠᠵᠤ᠂ ︽ᠭᠤᠷᠪᠠᠨ ᠨᠢᠭᠡ︾ ᠶᠢᠨ ᠢᠨᠵᠧᠨᠧᠷᠢᠩ ᠢ ᠢᠳᠡᠪᠬᠢᠲᠡᠢ ᠳᠡᠯᠭᠡᠷᠡᠭᠦᠯᠦᠨ᠎ᠡ᠃ ᠲᠠᠯᠠᠪᠠᠢ ᠶᠢᠨ ᠪᠥᠵᠢᠭ᠂ | ᠴᠢᠭᠢᠷᠠᠭᠵᠢᠬᠤ ᠲᠠᠮᠢᠷ᠂ ᠢᠳᠡᠷᠡᠭᠦᠨ ᠠᠯᠬᠤᠭ᠎ᠠ᠂ ᠤᠨᠤᠭ᠎ᠠ ᠬᠦᠰᠬᠡ᠂ ᠠᠭᠤᠯᠠ ᠠᠪᠠᠷᠢᠬᠤ᠂ ᠪᠥᠮᠪᠥᠭᠡᠨ ᠤ | ᠲᠥᠷᠥᠯ᠂ ᠴᠢᠭᠢᠷᠠᠭᠵᠢᠬᠤ ᠠᠮᠢᠰᠬᠤᠯ ᠤᠨ ᠲᠠᠮᠢᠷ ᠵᠡᠷᠭᠡ ᠣᠯᠠᠨ ᠲᠦᠮᠡᠨ ᠳᠤ ᠲᠦᠭᠡᠮᠡᠯᠵᠢᠭᠦᠯᠬᠦ ᠬᠡᠮᠵᠢᠶ᠎ᠡ ᠪᠠᠷ | ᠨᠡᠯᠢᠶᠡᠳ ᠰᠠᠶᠢᠨ ᠲᠠᠮᠢᠷ ᠤᠨ ᠲᠥᠷᠥᠯ ᠵᠦᠢᠯ ᠢ ᠥᠷᠭᠡᠨ ᠢᠶᠠᠷ ᠥᠷᠨᠢᠭᠦᠯᠵᠦ᠂ ᠮᠣᠷᠢᠨ ᠮᠡᠷᠭᠡᠵᠢᠯ᠂ ᠪᠥᠭᠡ᠂ ᠰᠤᠷ | ᠬᠠᠷᠪᠤᠯᠲᠠ᠂ ᠠᠨᠳᠠᠶ ᠪᠡᠶ᠎ᠡ ᠴᠢᠭᠢᠷᠠᠭᠵᠢᠭᠤᠯᠬᠤ ᠲᠠᠮᠢᠷ᠂ ᠪᠤᠶᠢᠺᠤ ᠪᠥᠮᠪᠦᠭᠡ ᠵᠡᠷᠭᠡ ᠦᠨᠳᠦᠰᠦᠲᠡᠨ ᠤ ᠤᠯᠠᠮᠵᠢᠯᠠᠯᠲᠤ | ᠪᠡᠶ᠎ᠡ ᠶᠢᠨ ᠲᠠᠮᠢᠷ ᠤᠨ ᠲᠥᠷᠥᠯ ᠵᠦᠢᠯ ᠢ ᠢᠳᠡᠪᠬᠢᠲᠡᠶ ᠳᠡᠯᠭᠡᠷᠡᠭᠦᠯᠦᠨ᠂ ᠭᠡᠷ ᠤᠨ ᠭᠠᠳᠠᠨᠠᠬᠢ᠂ ᠮᠥᠰᠥ ᠴᠠᠰᠤ ᠵᠡᠷᠭᠡ | ᠴᠠᠭ ᠤᠨ ᠤᠷᠤᠰᠬᠠᠯ ᠳᠠᠭᠠᠭᠰᠠᠨ ᠰᠡᠯᠡᠭᠦᠴᠡᠯ ᠤᠨ ᠪᠡᠶ᠎ᠡ ᠶᠢᠨ ᠲᠠᠮᠢᠷ ᠤᠨ ᠲᠥᠷᠥᠯ ᠵᠦᠢᠯ ᠢ ᠪᠣᠢ ᠪᠣᠯᠭᠠᠨ᠎ᠠ᠃ | ᠡᠷᠭᠢᠨ ᠲᠣᠭᠤᠷᠢᠨ ᠤ ᠮᠣᠵᠢ ︵ᠣᠷᠣᠨ᠂ ᠬᠤᠲᠠ︶ ᠵᠢᠴᠢ ᠣᠷᠣᠰ ᠮᠣᠩᠭᠤᠯ ᠯᠤᠭ᠎ᠠ ᠶᠢᠨ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠰᠣᠯᠢᠯᠴᠠᠭ᠎ᠠ ᠬᠠᠮᠲᠤᠷᠠᠯᠴᠠᠭ᠎ᠠ ᠶᠢ ᠰᠠᠨᠠᠭᠠᠴᠢᠯᠠᠭ᠎ᠠ ᠠᠴᠠ ᠪᠠᠨ ᠴᠢᠩᠭᠠᠳᠬᠠᠨ᠂ ᠡᠷᠡᠭᠦᠯ | ᠴᠢᠬᠢᠷᠠᠭ ᠤᠨ ᠲᠠᠯ᠎ᠠ ᠳᠠᠬᠢ ᠡᠯᠧᠮᠧᠨ᠋ᠲ ᠢ ᠨᠡᠮᠡᠨ ᠪᠠᠶᠢᠭᠤᠯᠵᠤ᠂ ᠪᠡᠶ᠎ᠡ ᠮᠠᠬᠠᠪᠣᠳ ᠤᠨ ᠡᠷᠡᠭᠦᠯ ᠴᠢᠭᠢᠷᠠᠭ᠂ | ᠰᠡᠳᠬᠢᠴᠡ ᠶᠢᠨ ᠡᠷᠡᠭᠦᠯ ᠰᠠᠷᠠᠭᠤᠯ᠂ ᠶᠣᠰᠣ ᠰᠤᠷᠲᠠᠬᠤᠨ ᠤ ᠡᠷᠡᠭᠦᠯ ᠰᠠᠶᠢᠬᠠᠨ᠂ ᠨᠡᠶᠢᠭᠡᠮ ᠤᠨ ᠬᠠᠷᠢᠯᠴᠠᠭᠠᠨ ᠤ | ᠡᠶᠡᠯᠰᠡᠭ ᠰᠠᠶᠢᠨ ᠪᠠᠶᠢᠬᠤ ᠳᠤ ᠠᠰᠢᠭᠲᠠᠢ ᠰᠢᠨ᠎ᠡ ᠬᠡᠯᠪᠡᠷᠢ ᠪᠦᠬᠦᠢ ᠪᠡᠶ᠎ᠡ ᠴᠢᠭᠢᠷᠠᠭᠵᠢᠭᠤᠯᠬᠤ ᠪᠠ ᠡᠷᠡᠭᠦᠯ ᠴᠢᠬᠢᠷᠠᠭ ᠢ | ᠠᠬᠢᠭᠤᠯᠬᠤ ᠠᠵᠢᠯᠯᠠᠭ᠎ᠠ ᠲᠠᠢ ᠪᠣᠯᠭᠠᠨ᠎ᠠ᠃ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠠᠷᠢᠶᠠᠨ ᠤ ᠲᠠᠩᠬᠢᠮ︾᠂ | ︽ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠲᠠᠯ᠎ᠠ ᠨᠤᠲᠤᠭ ᠤᠨ ᠠᠶᠠᠯᠠᠯ︾᠂ ᠡᠷᠡᠭᠦᠯ ᠮᠡᠨᠳᠦ ᠶᠢᠨ | ᠠᠯᠪᠠᠨ ᠵᠢᠷᠤᠮ ᠤᠨ ᠡᠮᠴᠢᠯᠡᠭᠡ ᠵᠡᠷᠭᠡ ᠬᠡᠯᠪᠡᠷᠢ ᠶᠢ ᠠᠪᠴᠤ᠂ ᠪᠡᠶ᠎ᠡ ᠴᠢᠭᠢᠷᠠᠭᠵᠢᠭᠤᠯᠬᠤ ᠪᠠ ᠡᠷᠡᠭᠦᠯ ᠴᠢᠬᠢᠷᠠᠭ ᠤᠨ | ᠠᠵᠢᠯᠯᠠᠭ᠎ᠠ ᠶᠢ ᠪᠠᠶᠢᠭᠤᠯᠭ᠎ᠠ᠂ ᠠᠵᠤ ᠠᠬᠤᠶᠢᠯᠠᠯ᠂ ᠰᠤᠷᠭᠠᠭᠤᠯᠢ᠂ ᠨᠡᠶᠢᠭᠡᠮ ᠲᠣᠭᠤᠷᠢᠭ᠂ ᠬᠥᠳᠡᠭᠡ ᠲᠣᠰᠬᠤᠨ᠂ | ᠭᠡᠷ ᠪᠦᠯᠢ ᠳᠤ ᠣᠷᠣᠭᠤᠯᠬᠤ ᠶᠢ ᠠᠬᠢᠭᠤᠯᠤᠨ᠎ᠠ᠃ ᠡᠯ᠎ᠡ ᠠᠶᠢᠮᠠᠭ ᠬᠤᠲᠠ ᠨᠢ ᠲᠠᠮᠢᠷ ᠤᠨ ᠬᠥᠳᠡᠯᠭᠡᠭᠡᠨ ᠳᠤ ᠠᠳᠡᠬᠦ | ᠠᠶᠤᠯ ᠪᠠᠭᠠᠲᠠᠢ ᠬᠥᠮᠦᠰ ᠲᠤ ᠴᠢᠭᠯᠡᠭᠦᠯᠦᠨ᠂ ︽ᠵᠠᠭᠤᠨ ᠬᠥᠮᠦᠨ ᠤ ᠵᠠᠭᠤᠨ ᠡᠳᠦᠷ ᠤᠨ ᠪᠡᠶ᠎ᠡ ᠴᠢᠭᠢᠷᠠᠭᠵᠢᠭᠤᠯᠬᠤ | ᠪᠠ ᠡᠷᠡᠭᠦᠯ ᠴᠢᠬᠢᠷᠠᠭ︾ ᠢᠶᠠᠷ ᠬᠠᠮᠢᠶᠠᠷᠤᠨ ᠨᠥᠯᠥᠭᠡᠯᠡᠬᠦ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ | ᠥᠷᠨᠢᠭᠦᠯᠦᠨ᠎ᠡ᠃ | ︵ᠲᠠᠪᠤ︶ ᠪᠡᠶ᠎ᠡ ᠴᠢᠭᠢᠷᠠᠭᠵᠢᠭᠤᠯᠬᠤ ᠪᠠ ᠡᠷᠡᠭᠦᠯ ᠴᠢᠬᠢᠷᠠᠭ ᠤᠨ ᠴᠢᠳᠠᠪᠤᠷᠢᠲᠠᠨ ᠤ ᠠᠭᠤᠰᠤᠯᠴᠠᠯ ᠢ | ᠴᠢᠩᠭᠠᠳᠬᠠᠨ᠎ᠠ᠃ ᠪᠡᠶ᠎ᠡ ᠴᠢᠭᠢᠷᠠᠭᠵᠢᠭᠤᠯᠬᠤ ᠬᠢᠭᠡᠳ ᠡᠷᠡᠭᠦᠯ ᠴᠢᠬᠢᠷᠠᠭ ᠤᠨ ᠴᠢᠳᠠᠪᠤᠷᠢᠲᠠᠨ ᠬᠥᠮᠦᠵᠢᠭᠦᠯᠬᠦ ᠶᠢ | ᠥᠪᠡᠷᠲᠡᠭᠡᠨ ᠵᠠᠰᠠᠬᠤ ᠣᠷᠣᠨ ᠤ ᠤᠷᠲᠤᠪᠲᠤᠷ ᠪᠠ ᠤᠷᠲᠤ ᠬᠤᠭᠤᠴᠠᠭᠠᠨ ᠤ ᠴᠢᠳᠠᠪᠤᠷᠢᠲᠠᠨ ᠤ ᠬᠥᠭᠵᠢᠯᠲᠡ ᠶᠢᠨ | ᠲᠥᠯᠥᠪᠵᠢᠭᠦᠯᠭᠡ ᠳᠤ ᠣᠷᠣᠭᠤᠯᠵᠤ᠂ ᠪᠡᠶ᠎ᠡ ᠶᠢᠨ ᠲᠠᠮᠢᠷ ᠬᠢᠭᠡᠳ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠨ | ᠬᠥᠮᠦᠵᠢᠯ᠂ ᠨᠠᠰᠤᠵᠢᠯ ᠵᠡᠷᠭᠡ ᠲᠠᠯ᠎ᠠ ᠪᠠᠷ ᠬᠢ ᠴᠢᠳᠠᠪᠤᠷᠢᠲᠠᠨ ᠤ ᠠᠭᠤᠰᠤᠯᠴᠠᠬᠤ ᠲᠣᠭᠲᠠᠴᠠ ᠶᠢ ᠰᠦᠪᠡᠭᠴᠢᠯᠡᠨ | ᠪᠠᠶᠢᠭᠤᠯᠤᠨ᠎ᠠ᠃ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠳᠤ ᠪᠡᠶ᠎ᠡ ᠴᠢᠭᠢᠷᠠᠭᠵᠢᠭᠤᠯᠬᠤ ᠪᠠ | ᠡᠷᠡᠭᠦᠯ ᠴᠢᠬᠢᠷᠠᠭ ᠤᠨ ᠬᠠᠮᠢᠶᠠᠷᠤᠯᠲᠠ ᠶᠢᠨ ᠪᠣᠯᠪᠠᠰᠤᠷᠠᠭᠤᠯᠤᠯ ᠢ ᠴᠢᠩᠭᠠᠷᠠᠭᠤᠯᠵᠤ᠂ ᠣᠯᠠᠨ ᠵᠦᠢᠯ ᠤᠨ ᠬᠡᠯᠪᠡᠷᠢ | ᠮᠠᠶ᠋ᠢᠭ ᠪᠦᠬᠦᠢ ᠲᠠᠮᠢᠷ ᠤᠨ ᠬᠥᠳᠡᠯᠭᠡᠭᠡᠨ ᠤ ᠵᠣᠷ ᠲᠠᠢ ᠪᠠᠭᠰᠢ ᠶᠢᠨ ᠪᠣᠯᠪᠠᠰᠤᠷᠠᠭᠤᠯᠬᠤ ᠠᠩᠭᠢ ᠶᠢ ᠡᠷᠬᠢᠯᠡᠵᠦ᠂ ᠪᠡᠶ᠎ᠡ | ᠴᠢᠭᠢᠷᠠᠭᠵᠢᠭᠤᠯᠬᠤ ᠪᠠ ᠡᠷᠡᠭᠦᠯ ᠴᠢᠬᠢᠷᠠᠭ ᠤᠨ ᠠᠵᠢᠯᠲᠠᠨ ᠤ ᠠᠭᠤᠰᠤᠯᠴᠠᠯ ᠢ ᠠᠬᠢᠭᠤᠯᠤᠨ᠎ᠠ᠃ ᠪᠠᠭᠰᠢ ᠶᠢᠨ | ᠲᠥᠷᠥᠯ᠂ ᠠᠨᠠᠭᠠᠬᠤ ᠤᠬᠠᠭᠠᠨ ᠤ ᠲᠥᠷᠥᠯ ᠪᠣᠯᠤᠨ ᠪᠡᠶ᠎ᠡ ᠶᠢᠨ ᠲᠠᠮᠢᠷ ᠤᠨ ᠲᠥᠷᠥᠯ ᠤᠨ ᠨᠥᠬᠦᠴᠡᠯ | ᠪᠦᠷᠢᠯᠳᠦᠭᠦᠯᠦᠭᠰᠡᠨ ᠳᠡᠭᠡᠳᠦ ᠵᠡᠷᠭᠡ ᠶᠢᠨ ᠰᠤᠷᠭᠠᠭᠤᠯᠢ ᠬᠢᠭᠡᠳ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ︽ | ᠪᠡᠶ᠎ᠡ ᠶᠢᠨ ᠲᠠᠮᠢᠷ ᠪᠠ ᠠᠨᠠᠭᠠᠬᠤ ᠤᠬᠠᠠᠭᠠᠨ ᠢ ᠤᠶᠠᠯᠳᠤᠭᠤᠯᠤᠭᠰᠠᠨ︾ ᠣᠨᠴᠠᠯᠢᠭ ᠪᠦᠬᠦᠢ ᠲᠤᠰᠬᠠᠶ ᠮᠡᠷᠭᠡᠵᠢᠯ ᠤᠨ | ᠬᠢᠴᠢᠶᠡᠯ ᠨᠡᠭᠡᠭᠡᠬᠦ ᠶᠢ ᠵᠣᠷᠢᠬᠵᠢᠭᠤᠯᠵᠤ᠂ ᠪᠡᠶ᠎ᠡ ᠶᠢᠨ ᠲᠠᠮᠢᠷ ᠤᠨ ᠤᠬᠠᠭᠠᠨ ᠪᠣᠯᠤᠨ ᠠᠨᠠᠭᠠᠬᠤ ᠤᠬᠠᠭᠠᠨ ᠬᠤᠶᠠᠷ | ᠲᠠᠯ᠎ᠠ ᠶᠢᠨ ᠮᠡᠳᠡᠯᠭᠡ ᠶᠢ ᠡᠵᠡᠮᠰᠢᠭᠰᠡᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠶᠡᠭᠡ ᠪᠠᠷ ᠬᠥᠮᠥᠵᠢᠭᠦᠯᠦᠨ᠎ᠡ᠃ | ᠲᠠᠮᠢᠷ ᠤᠨ ᠬᠥᠳᠡᠯᠭᠡᠭᠡᠨ ᠢ ᠨᠢ ᠵᠢᠭᠠᠨ ᠵᠢᠯᠣᠭᠤᠳᠬᠤ ᠶᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠰᠢᠰᠲ᠋ᠧᠮᠵᠢ ᠳᠤ ᠣᠷᠣᠭᠤᠯᠬᠤ ᠶᠢ ᠰᠦᠪᠡᠭᠴᠢᠯᠡᠵᠦ᠂ ᠬᠥᠮᠦᠨ ᠤ ᠪᠡᠶ᠎ᠡ ᠶᠢᠨ ᠲᠠᠮᠢᠷ ᠤᠨ | ᠬᠥᠳᠡᠯᠭᠡᠭᠡᠨ ᠤ ᠰᠢᠨᠵᠢᠯᠡᠬᠦ ᠤᠬᠠᠭᠠᠨ ᠵᠢᠴᠢ ᠲᠠᠮᠢᠷ ᠤᠨ ᠬᠥᠳᠡᠯᠭᠡᠭᠡᠨ ᠤ ᠡᠷᠡᠭᠦᠯᠵᠢᠯ ᠤᠨ ᠲᠤᠰᠬᠠᠶ ᠮᠡᠷᠭᠡᠵᠢᠯ ᠤᠨ | ᠴᠢᠳᠠᠪᠤᠷᠢᠳᠠᠳ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ ᠳᠤ ᠣᠴᠢᠵᠤ | ᠠᠵᠢᠯᠯᠠᠬᠤ ᠶᠢ ᠵᠣᠷᠢᠬᠵᠢᠭᠤᠯᠤᠨ᠎ᠠ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠠᠶᠢᠨ ᠳᠤᠷ᠎ᠠ ᠶᠢᠨ | ᠦᠢᠯᠡᠴᠢᠯᠡᠭᠡᠨ ᠤ ᠲᠣᠭᠲᠠᠴᠠ ᠶᠢ ᠪᠠᠶᠢᠭᠤᠯᠵᠤ᠂ ᠵᠢᠯ ᠪᠦᠷᠢ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠦᠮᠡᠨ | ᠨᠡᠷᠡᠰ ᠰᠠᠶᠢᠨ ᠳᠤᠷᠠᠴᠤᠳ ᠢ ᠵᠣᠬᠢᠶᠠᠨ ᠪᠠᠶᠢᠭᠤᠯᠵᠤ ᠵᠠᠭᠤᠨ ᠬᠤᠰᠢᠭᠤ ᠰᠢᠶᠠᠨ ᠮᠢᠩᠭᠠᠨ ᠰᠤᠮᠤ ᠰᠢᠶᠠᠩ ᠳᠤ | ᠦᠢᠯᠡᠴᠢᠯᠡᠬᠦ ᠠᠵᠢᠯᠯᠠᠭ᠎ᠠ ᠬᠢᠯᠭᠡᠨ᠎ᠡ᠃ | ︵ᠵᠢᠷᠭᠤᠭ᠎ᠠ︶ ᠪᠡᠶ᠎ᠡ ᠴᠢᠭᠢᠷᠠᠭᠵᠢᠭᠤᠯᠬᠤ ᠪᠠ ᠡᠷᠡᠭᠦᠯ ᠴᠢᠬᠢᠷᠠᠭ ᠤᠨ ᠠᠵᠤ ᠦᠢᠯᠡᠰ ᠤᠨ ᠠᠭᠤᠰᠤᠯᠴᠠᠯ ᠢ | ᠴᠢᠩᠭᠠᠳᠬᠠᠨ᠎ᠠ᠃ ᠠᠯᠪᠠᠨ ᠠᠴᠠ ᠪᠠᠶᠢᠭᠤᠯᠤᠭᠰᠠᠨ ᠪᠠ ᠠᠯᠪᠠᠨ ᠤ ᠪᠤᠰᠤ ᠡᠮᠴᠢᠯᠡᠭᠡᠨ ᠤ ᠠᠵᠢᠯ ᠦᠢᠯᠡᠰ ᠲᠤ ᠠᠳᠠᠯᠢ | ᠲᠡᠭᠰᠢ ᠪᠠᠷ ᠳᠡᠮᠵᠢᠬᠦ ᠲᠥᠷᠥ ᠶᠢᠨ ᠪᠣᠳᠣᠯᠭ᠎ᠠ ᠶᠢ ᠬᠦᠷᠲᠡᠭᠡᠨ᠂ ᠡᠮᠴᠢᠯᠡᠭᠡᠨ ᠤ ᠡᠬᠢ ᠪᠠᠶᠠᠯᠢᠭ ᠢᠶᠠᠷ ᠠᠨᠠᠢ ᠣᠷᠣᠨ | ᠪᠦᠰᠡ ᠪᠣᠯᠤᠨ ᠲᠤᠰᠬᠠᠶ ᠰᠠᠯᠠᠭᠠᠨ ᠤ ᠮᠡᠷᠭᠡᠵᠢᠯ ᠢᠶᠠᠷ ᠳᠤᠲᠠᠮᠠᠭ ᠬᠦᠷᠢᠶᠡᠨ ᠳᠤ ᠨᠡᠶᠢᠭᠡᠮ ᠤᠨ ᠬᠦᠴᠦᠨ ᠤ ᠬᠢᠨ ᠤ | ᠠᠰᠢᠭ ᠣᠯᠵᠠᠪᠤᠷᠢ ᠶᠢᠨ ᠪᠤᠰᠤ ᠴᠢᠨᠠᠷᠲᠠᠶ ᠡᠮᠴᠢᠯᠡᠭᠡᠨ ᠤ ᠪᠠᠶᠢᠭᠤᠯᠤᠮᠵᠢ ᠡᠷᠬᠢᠯᠡᠬᠦ ᠲᠥᠷᠥ ᠶᠢᠨ ᠪᠣᠳᠣᠯᠭ᠎ᠠ ᠶᠢ | ᠰᠠᠶᠢᠲᠤᠷ ᠨᠠᠶᠢᠳᠠᠪᠤᠷᠢᠵᠢᠭᠤᠯᠵᠤ᠂ ᠡᠷᠡᠭᠦᠯ ᠴᠢᠬᠢᠷᠠᠭ ᠤᠨ ᠡᠬᠢ ᠪᠠᠶᠠᠯᠢᠭ ᠢ ᠲᠣᠬᠢᠷᠠᠭᠤᠯᠬᠤ ᠲᠠᠯ᠎ᠠ ᠪᠠᠷ ᠬᠢ ᠵᠠᠬ᠎ᠠ | ᠳᠡᠯᠭᠡᠭᠦᠷ ᠤᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠤᠨ᠂ ︽ᠲᠡᠭᠦᠰ ᠡᠷᠡᠭᠦᠯ ᠴᠢᠬᠢᠷᠠᠭ︾ ᠤᠨ ᠠᠵᠤ | ᠠᠬᠤᠶᠢᠯᠠᠯ ᠢ ᠢᠳᠡᠪᠬᠢᠲᠡᠶ ᠪᠠᠶᠢᠭᠤᠯᠤᠨ᠂ ᠴᠢᠬᠢᠷᠠᠭᠵᠢᠭᠤᠯᠬᠤ ᠢᠳᠡᠭᠡᠨ᠂ ᠴᠢᠬᠢᠷᠠᠭᠵᠢᠭᠤᠯᠬᠤ ᠡᠮ ᠡᠮᠨᠡᠯᠭᠡ ᠵᠡᠷᠭᠡ ᠶᠢ | ᠰᠤᠳᠤᠯᠤᠨ ᠨᠡᠭᠡᠭᠡᠨ᠎ᠡ᠃ ᠪᠡᠶ᠎ᠡ ᠴᠢᠭᠢᠷᠠᠭᠵᠢᠭᠤᠯᠬᠤ ᠰᠡᠯᠡᠭᠦᠴᠡᠯ ᠤᠨ ᠠᠵᠤ ᠦᠢᠯᠡᠰ ᠢ ᠬᠥᠭᠵᠢᠭᠦᠯᠵᠦ᠂ ᠪᠡᠶ᠎ᠡ ᠶᠢᠨ | ᠲᠠᠮᠢᠷ ᠤᠨ ᠵᠢᠭᠤᠯᠴᠢᠯᠠᠯ ᠤᠨ ᠦᠢᠯᠡᠰ᠂ ᠪᠡᠶ᠎ᠡ ᠶᠢᠨ ᠲᠠᠮᠢᠷ ᠤᠨ ᠰᠣᠶᠣᠯ ᠤᠨ ᠦᠢᠯᠡᠰ᠂ ᠪᠡᠶ᠎ᠡ ᠶᠢᠨ ᠲᠠᠮᠢᠷ ᠤᠨ | ᠪᠣᠯᠪᠠᠰᠤᠷᠠᠭᠤᠯᠬᠤ ᠦᠢᠯᠡᠰ ᠵᠡᠷᠭᠡ ᠠᠵᠤ ᠦᠢᠯᠡᠰ ᠤᠨ ᠭᠦᠨᠵᠡᠭᠡᠶ ᠠᠭᠤᠰᠤᠯᠴᠠᠯ ᠢ ᠠᠬᠢᠭᠤᠯᠤᠨ᠂ ᠨᠥᠬᠦᠴᠡᠯ ᠲᠠᠢ | ᠳᠠᠭᠠᠭᠤᠯᠢ ᠬᠤᠲᠠ ᠪᠠᠯᠭᠠᠰᠤ ᠳᠤ ᠨᠢᠭᠡ ᠪᠦᠯᠦᠭ ᠵᠢᠭᠤᠯᠴᠢᠯᠠᠬᠤ᠂ ᠪᠡᠶ᠎ᠡ ᠴᠢᠭᠢᠷᠠᠭᠵᠢᠭᠤᠯᠬᠤ᠂ ᠰᠡᠯᠡᠭᠦᠴᠡᠬᠦ ᠶᠢ ᠨᠢᠭᠡ | ᠴᠣᠭᠴᠠᠵᠢᠭᠤᠯᠤᠭᠰᠠᠨ ᠭᠤᠤᠯᠳᠠᠯᠭ᠎ᠠ ᠲᠠᠢ ᠲᠥᠷᠥᠯ ᠵᠦᠢᠯ ᠢ ᠪᠦᠲᠦᠭᠡᠨ ᠪᠠᠶᠢᠭᠤᠯᠵᠤ᠂ ᠵᠠᠬ᠎ᠠ ᠳᠡᠯᠭᠡᠭᠦᠷ ᠲᠤ ᠣᠯᠠᠨ | ᠡᠰᠢᠵᠢᠭᠰᠡᠨ᠂ ᠥᠪᠡᠷᠮᠢᠴᠡ ᠣᠨᠴᠠᠯᠢᠭ ᠲᠠᠢ ᠡᠷᠡᠭᠦᠯ ᠴᠢᠬᠢᠷᠠᠭᠵᠢᠭᠤᠯᠬᠤ ᠦᠢᠯᠡᠳᠬᠦᠨ ᠢ ᠬᠠᠩᠭᠠᠨ᠎ᠠ᠃ ᠥᠪᠥᠷ | ᠮᠣᠩᠭᠤᠯ ᠤᠨ ᠢᠯᠡ ᠲᠣᠳᠣ ᠣᠨᠴᠠᠯᠢᠭ ᠲᠠᠢ ᠡᠷᠡᠭᠦᠯ ᠴᠢᠬᠢᠷᠠᠭ ᠤᠨ ᠠᠵᠤ ᠦᠢᠯᠡᠰ ᠢ ᠶᠡᠭᠡ ᠪᠠᠷ ᠬᠥᠭᠵᠢᠭᠦᠯᠵᠦ᠂ | ᠮᠣᠩᠭᠤᠯ ᠡᠮ ᠡᠮᠨᠡᠯᠭᠡ ᠶᠢᠨ ᠪᠡᠶ᠎ᠡ ᠴᠢᠭᠢᠷᠠᠭᠵᠢᠭᠤᠯᠬᠤ᠂ ᠴᠢᠬᠢᠷᠠᠭᠵᠢᠭᠤᠯᠬᠤ ᠠᠷᠭ᠎ᠠ ᠶᠢ ᠠᠭᠤᠳᠠᠯᠵᠦ ᠵᠦᠶ | ᠵᠣᠬᠢᠰᠲᠠᠶ ᠠᠰᠢᠭᠯᠠᠨ᠂ ᠲᠣᠮᠣ ᠬᠡᠯᠪᠡᠷᠢ ᠶᠢᠨ ᠡᠮ ᠡᠮᠨᠡᠯᠭᠡ ᠶᠢᠨ ᠠᠵᠤ ᠠᠬᠤᠶᠢᠯᠠᠯ ᠢᠶᠠᠷ ᠲᠦᠰᠢᠭ ᠪᠣᠯᠭᠠᠵᠤ᠂ | ᠮᠣᠩᠭᠤᠯ ᠡᠮᠨᠡᠯᠭᠡ ᠪᠠᠷ ᠡᠮᠨᠡᠨ ᠵᠠᠰᠠᠬᠤ᠂ ᠪᠡᠶ᠎ᠡ ᠰᠤᠪᠢᠯᠠᠵᠤ ᠡᠷᠡᠭᠦᠯᠵᠢᠭᠦᠯᠬᠦ ᠶᠢ ᠲᠥᠪᠯᠡᠷᠡᠭᠦᠯᠦᠨ ᠨᠢᠭᠡ | ᠴᠣᠭᠴᠠᠵᠢᠭᠤᠯᠤᠭᠰᠠᠨ ᠮᠣᠩᠭᠤᠯ ᠡᠮ ᠡᠮᠨᠡᠯᠭᠡ ᠶᠢᠨ ᠪᠡᠶ᠎ᠡ ᠰᠤᠪᠢᠯᠠᠵᠤ ᠡᠷᠡᠭᠦᠯᠵᠢᠭᠦᠯᠬᠦ ᠰᠢᠰᠲ᠋ᠧᠮᠵᠢ ᠶᠢ ᠪᠠᠶᠢᠭᠤᠯᠵᠤ᠂ | ᠣᠬᠢ ᠰᠠᠶᠢᠨ ᠣᠨᠴᠠᠯᠢᠭ ᠲᠠᠢ ᠦᠢᠯᠡᠴᠢᠯᠡᠭᠡᠨ ᠬᠠᠩᠭᠠᠵᠤ᠂ ᠮᠣᠩᠭᠤᠯ ᠡᠮ ᠡᠮᠨᠡᠯᠭᠡ ᠶᠢᠨ ᠠᠵᠤ ᠦᠢᠯᠡᠰ ᠪᠣᠯᠤᠨ | ᠮᠣᠩᠭᠤᠯ ᠡᠮ ᠡᠮᠨᠡᠯᠭᠡ ᠶᠢᠨ ᠡᠷᠡᠭᠦᠯ ᠡᠩᠬᠡ ᠵᠢᠭᠤᠯᠴᠢᠯᠠᠯ ᠤᠨ ᠠᠵᠤ ᠦᠢᠯᠡᠰ ᠢ ᠴᠢᠷᠮᠠᠶᠢᠨ ᠪᠠᠶᠢᠭᠤᠯᠤᠨ᠎ᠠ᠃ | ᠲᠦᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠪᠡᠶ᠎ᠡ ᠴᠢᠭᠢᠷᠠᠭᠵᠢᠭᠤᠯᠬᠤ ᠪᠠ ᠡᠷᠡᠭᠦᠯ ᠴᠢᠬᠢᠷᠠᠭ ᠤᠨ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ ᠲᠤᠰᠬᠠᠶ ᠵᠦᠢᠯ ᠤᠨ ᠪᠡᠯᠡ ᠮᠥᠩᠭᠦ ᠪᠠᠷ ᠲᠡᠳᠬᠦᠬᠦ᠂ ᠡᠷᠬᠡ ᠣᠯᠭᠤᠨ ᠨᠠᠶᠢᠳᠠᠬᠤ᠂ ᠦᠢᠯᠡᠴᠢᠯᠡᠭᠡ | ᠬᠤᠳᠠᠯᠳᠤᠨ ᠠᠪᠬᠤ᠂ ᠲᠥᠬᠦᠭᠡᠷᠦᠮᠵᠢ ᠬᠠᠩᠭᠠᠬᠤ᠂ ᠥᠭᠡᠷᠡᠴᠢᠯᠡᠯᠲᠡ ᠶᠢᠨ ᠲᠤᠷᠰᠢᠯᠲᠠ ᠬᠢᠬᠦ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠳᠠᠩ ᠵᠦᠢᠯ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ᠂ ᠠᠵᠢᠯ ᠲᠥᠷᠥᠯ ᠤᠨ ᠪᠡᠶ᠎ᠡ ᠶᠢᠨ | ᠲᠠᠮᠢᠷ ᠤᠨ ᠨᠡᠶᠢᠭᠡᠮᠯᠢᠭ᠂ ᠬᠠᠮᠲᠤ ᠣᠯᠠᠨ ᠤ ᠪᠡᠶ᠎ᠡ ᠶᠢᠨ ᠲᠠᠮᠢᠷ ᠤᠨ ᠨᠡᠶᠢᠭᠡᠮᠯᠢᠭ᠂ ᠪᠡᠶ᠎ᠡ ᠴᠢᠭᠢᠷᠠᠭᠵᠢᠭᠤᠯᠬᠤ ᠺᠯᠦ᠋ᠪ | ᠵᠡᠷᠭᠡ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠪᠣᠢ ᠪᠣᠯᠭᠠᠬᠤ ᠪᠠ | ᠲᠡᠳᠬᠦᠵᠦ᠂ ᠲᠡᠳᠡᠭᠡᠷ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠳᠠᠭᠠᠭᠠᠨ ᠠᠪᠴᠤ ᠵᠠᠯᠭᠠᠭᠤᠯᠬᠤ | ᠴᠢᠳᠠᠪᠤᠷᠢ ᠪᠠ ᠶᠠᠰᠤ ᠴᠢᠨᠠᠷ ᠢ ᠳᠡᠭᠡᠭᠰᠢᠯᠡᠭᠦᠯᠦᠨ᠂ ᠪᠡᠶ᠎ᠡ ᠴᠢᠭᠢᠷᠠᠭᠵᠢᠭᠤᠯᠬᠤ ᠣᠯᠠᠨ ᠲᠦᠮᠡᠨ ᠲᠠᠢ ᠬᠠᠷᠢᠯᠴᠠᠬᠤ ᠪᠠ | ᠲᠡᠳᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠰᠠᠭᠠᠳ ᠦᠭᠡᠢ ᠪᠣᠯᠭᠠᠨ᠎ᠠ᠃ ᠠᠶᠢᠮᠠᠭ ᠬᠤᠲᠠ᠂ | ᠬᠤᠰᠢᠭᠤ ᠰᠢᠶᠠᠨ ︵ᠬᠤᠲᠠ᠂ ᠲᠣᠭᠤᠷᠢᠭ︶ ᠳᠤ ᠪᠡᠶ᠎ᠡ ᠴᠢᠭᠢᠷᠠᠭᠵᠢᠭᠤᠯᠬᠤ ᠪᠠ ᠡᠷᠡᠭᠦᠯ ᠴᠢᠬᠢᠷᠠᠭ ᠤᠨ | ᠠᠭᠤᠰᠤᠯᠴᠠᠯ ᠤᠨ ᠲᠥᠪ ᠪᠠᠶᠢᠭᠤᠯᠬᠤ ᠲᠤᠷᠰᠢᠯᠲᠠ ᠶᠢᠨ ᠴᠡᠭ ᠥᠷᠨᠢᠭᠦᠯᠬᠦ ᠶᠢ ᠰᠦᠪᠡᠭᠴᠢᠯᠡᠵᠦ᠂ ᠨᠢᠭᠡ ᠪᠦᠯᠦᠭ | ᠡᠮᠴᠢᠯᠡᠭᠡ᠂ ᠰᠤᠪᠢᠯᠠᠯᠲᠠ᠂ ᠨᠠᠰᠤᠵᠢᠯ᠂ ᠡᠮᠴᠢᠯᠡᠭᠡᠨ ᠤ ᠪᠠᠭᠠᠵᠢ ᠦᠢᠯᠡᠳᠪᠦᠷᠢᠯᠡᠵᠦ ᠪᠣᠷᠣᠯᠠᠭᠤᠯᠬᠤ᠂ ᠪᠡᠶ᠎ᠡ | ᠴᠢᠭᠢᠷᠠᠭᠵᠢᠭᠤᠯᠬᠤ ᠵᠡᠷᠭᠡ ᠬᠦᠷᠢᠶᠡᠨ ᠳᠠᠬᠢ ᠲᠥᠯᠥᠭᠡᠯᠡᠬᠦ ᠨᠢᠭᠡᠴᠢ ᠶᠢ ᠦᠨᠡᠯᠡᠨ ᠵᠢᠱᠢᠵᠦ ᠰᠢᠯᠢᠨ ᠰᠣᠩᠭᠤᠭᠠᠳ ᠪᠡᠶ᠎ᠡ | ᠴᠢᠭᠢᠷᠠᠭᠵᠢᠭᠤᠯᠬᠤ ᠪᠠ ᠡᠷᠡᠭᠦᠯ ᠴᠢᠬᠢᠷᠠᠭ ᠤᠨ ᠠᠭᠤᠰᠤᠯᠴᠠᠯ ᠤᠨ ᠲᠥᠪ ᠤᠨ ᠵᠢᠱᠢᠶ᠎ᠡ ᠦᠵᠡᠭᠦᠯᠬᠦ ᠲᠤᠷᠰᠢᠯᠲᠠ ᠶᠢᠨ | ᠴᠡᠭ ᠤᠨ ᠨᠢᠭᠡᠴᠢ ᠪᠣᠯᠭᠠᠨ᠂ ᠨᠡᠶᠢᠭᠡᠮ ᠳᠤ ᠵᠣᠷᠢᠭᠤᠯᠤᠭᠰᠠᠨ ᠠᠷᠠᠳ ᠢᠷᠭᠡᠳ ᠤᠨ ᠪᠡᠶ᠎ᠡ ᠮᠠᠬᠠᠪᠣᠳ ᠢ ᠶᠡᠷᠦᠩᠬᠡᠶᠢᠯᠡᠨ | ᠰᠢᠯᠭᠠᠵᠤ ᠰᠢᠨᠵᠢᠬᠦ᠂ ᠪᠡᠶ᠎ᠡ ᠶᠢᠨ ᠲᠠᠮᠢᠷ ᠢᠶᠠᠷ ᠴᠢᠭᠢᠷᠠᠭᠵᠢᠬᠤ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ᠂ | ᠡᠷᠡᠭᠦᠯ ᠴᠢᠬᠢᠷᠠᠭ ᠤᠨ ᠬᠥᠮᠦᠵᠢᠯ᠂ ᠡᠷᠡᠭᠦᠯᠵᠢᠭᠦᠯᠬᠦ ᠰᠤᠪᠢᠯᠠᠯᠲᠠ᠂ ᠰᠣᠶᠣᠯ ᠤᠨ ᠠᠵᠢᠯᠯᠠᠭ᠎ᠠ ᠵᠡᠷᠭᠡ ᠡᠷᠡᠭᠦᠯ | ᠴᠢᠬᠢᠷᠠᠭ ᠤᠨ ᠠᠵᠢᠯᠯᠠᠭ᠎ᠠ ᠶᠢ ᠥᠷᠨᠢᠭᠦᠯᠵᠦ᠂ ︽ᠨᠢᠭᠡ ᠥᠷᠲᠡᠭᠡᠴᠢᠯᠡᠭᠰᠡᠨ ᠮᠠᠶ᠋ᠢᠭ︾ ᠪᠦᠬᠦᠢ ᠡᠷᠡᠭᠦᠯ ᠴᠢᠬᠢᠷᠠᠭ ᠤᠨ | ᠦᠢᠯᠡᠴᠢᠯᠡᠭᠡᠨ ᠤ ᠵᠠᠭᠪᠤᠷ ᠢ ᠴᠢᠷᠮᠠᠶᠢᠨ ᠪᠠᠶᠢᠭᠤᠯᠤᠨ᠎ᠠ᠃ | ︵ᠬᠤᠶᠠᠷ︶ ᠪᠡᠶ᠎ᠡ ᠴᠢᠭᠢᠷᠠᠭᠵᠢᠭᠤᠯᠬᠤ ᠪᠠ ᠡᠷᠡᠭᠦᠯ ᠴᠢᠬᠢᠷᠠᠭ ᠤᠨ ᠡᠬᠢ ᠪᠠᠶᠠᠯᠢᠭ ᠤᠨ ᠬᠠᠩᠭᠠᠯᠭ᠎ᠠ ᠶᠢ | ᠪᠠᠲᠤᠯᠠᠨ᠎ᠠ᠃ ᠪᠥᠬᠦ ᠣᠷᠣᠨ ᠤ ︽ᠡᠮᠴᠢᠯᠡᠭᠡᠨ ᠤ ᠬᠤᠯᠪᠣᠭᠠᠲᠤ ᠴᠣᠭᠴᠠ︾ ︽ᠡᠮᠴᠢᠯᠡᠭᠡᠨ ᠤ ᠬᠠᠮᠲᠤ ᠴᠣᠭᠴᠠ︾ | ᠶᠢᠨ ᠳᠠᠪᠠᠭᠤᠯᠢᠭ ᠢ ᠪᠠᠳᠠᠷᠠᠭᠤᠯᠵᠤ᠂ ᠡᠯ᠎ᠡ ᠱᠠᠲᠤᠨ ᠤ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠠᠷ | ᠵᠢᠯᠣᠭᠤᠳᠣᠯᠭ᠎ᠠ ᠪᠣᠯᠭᠠᠨ᠂ ᠬᠤᠲᠠ ᠪᠠᠯᠭᠠᠰᠤᠨ ᠤ ᠨᠡᠶᠢᠭᠡᠮ ᠲᠣᠭᠤᠷᠢᠭ ᠤᠨ ᠡᠮᠨᠡᠯᠭᠡ ᠶᠢᠨ ᠬᠤᠷᠢᠶ᠎ᠠ᠂ ᠰᠤᠮᠤ | ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠᠷ ᠲᠦᠰᠢᠭ ᠪᠣᠯᠭᠠᠵᠤ᠂ ᠪᠡᠶ᠎ᠡ ᠮᠠᠬᠠᠪᠣᠳ ᠢ ᠰᠢᠯᠭᠠᠨ | ᠲᠣᠭᠲᠠᠭᠠᠬᠤ ᠪᠠ ᠲᠠᠮᠢᠷ ᠤᠨ ᠬᠥᠳᠡᠯᠭᠡᠭᠡᠨ ᠢᠶᠠᠷ ᠴᠢᠭᠢᠷᠠᠭᠵᠢᠬᠤ ᠶᠢ ᠨᠢ ᠵᠢᠭᠠᠨ ᠵᠢᠯᠣᠭᠤᠳᠬᠤ ᠲᠥᠪ ᠢ | ᠰᠦᠪᠡᠭᠴᠢᠯᠡᠨ ᠪᠠᠶᠢᠭᠤᠯᠵᠤ᠂ ᠠᠷᠠᠳ ᠢᠷᠭᠡᠳ ᠤᠨ ᠪᠡᠶ᠎ᠡ ᠮᠠᠬᠠᠪᠣᠳ ᠢ ᠬᠢᠨᠠᠨ ᠰᠢᠨᠵᠢᠬᠦ ᠪᠠ ᠪᠡᠶ᠎ᠡ | ᠴᠢᠭᠢᠷᠠᠭᠵᠢᠭᠤᠯᠬᠤ ᠶᠢ ᠵᠢᠭᠠᠨ ᠵᠢᠯᠣᠭᠤᠳᠬᠤ ᠠᠵᠢᠯ ᠢᠶᠠᠨ ᠨᠡᠶᠢᠭᠡᠮ ᠲᠣᠭᠤᠷᠢᠭ᠂ ᠬᠥᠳᠡᠭᠡ ᠲᠣᠰᠬᠤᠨ᠂ | ᠰᠤᠷᠭᠠᠭᠤᠯᠢ᠂ ᠠᠵᠤ ᠠᠬᠤᠶᠢᠯᠠᠯ ᠳᠤ ᠣᠷᠣᠭᠤᠯᠬᠤ ᠠᠵᠢᠯᠯᠠᠭ᠎ᠠ ᠥᠷᠨᠢᠭᠦᠯᠦᠨ᠎ᠡ᠃ ᠠᠵᠤ ᠠᠬᠤᠶ ᠨᠡᠶᠢᠭᠡᠮ ᠤᠨ | ᠬᠥᠭᠵᠢᠯᠲᠡ᠂ ᠬᠤᠲᠠ ᠪᠠᠯᠭᠠᠰᠤᠵᠢᠯᠲᠠ ᠶᠢᠨ ᠠᠬᠢᠴᠠ ᠪᠣᠯᠤᠨ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ | ᠦᠨᠳᠦᠰᠦᠯᠡᠨ᠂ ᠵᠠᠰᠠᠭ ᠤᠨ ᠣᠷᠳᠣᠨ ᠪᠣᠯᠤᠨ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ ︵PPP︶ ᠶᠢᠨ | ᠵᠠᠭᠪᠤᠷ ᠢ ᠢᠳᠡᠪᠬᠢᠲᠡᠶ ᠳᠡᠯᠭᠡᠷᠡᠭᠦᠯᠵᠦ᠂ ᠨᠡᠶᠢᠭᠡᠮ ᠤᠨ ᠬᠦᠴᠦᠨ ᠢ ᠵᠣᠷᠢᠬᠵᠢᠭᠤᠯᠵᠤ ᠪᠠᠶᠢᠭᠠᠳ ᠵᠢᠵᠢᠭ ᠬᠡᠯᠪᠡᠷᠢ | ᠪᠦᠬᠦᠢ ᠣᠯᠠᠨ ᠶᠠᠩᠵᠤ ᠶᠢᠨ ᠪᠡᠶ᠎ᠡ ᠴᠢᠭᠢᠷᠠᠭᠵᠢᠭᠤᠯᠬᠤ ᠡᠷᠡᠭᠦᠯ ᠴᠢᠬᠢᠷᠠᠭ ᠤᠨ ᠲᠠᠯᠠᠪᠠᠢ ᠪᠡᠯᠡᠳᠬᠡᠮᠵᠢ ᠶᠢ | ᠪᠠᠶᠢᠭᠤᠯᠤᠨ᠎ᠠ᠃ ᠨᠥᠬᠦᠴᠡᠯ ᠲᠠᠢ ᠭᠠᠵᠠᠷ ᠣᠷᠣᠨ ᠨᠢ ᠪᠣᠳᠠᠲᠠᠶ ᠲᠠᠢ ᠪᠠᠨ ᠤᠶᠠᠯᠳᠤᠭᠤᠯᠤᠨ᠂ ᠲᠣᠮᠣ ᠬᠡᠯᠪᠡᠷᠢ ᠶᠢᠨ | ᠬᠤᠳᠠᠯᠳᠤᠭᠠᠨ ᠤ ᠲᠠᠯᠠᠪᠤᠷ᠂ ᠦᠢᠯᠡᠳᠪᠦᠷᠢ ᠶᠢᠨ ᠬᠡᠷᠡᠭ ᠦᠭᠡᠢ ᠭᠡᠷ ᠪᠠᠶᠢᠰᠢᠩ ᠵᠡᠷᠭᠡ ᠶᠢ ᠠᠰᠢᠭᠯᠠᠨ ᠬᠤᠲᠠ ᠶᠢᠨ | ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠭᠴᠠ ᠪᠣᠯᠭᠠᠵᠤ ᠥᠭᠡᠷᠡᠴᠢᠯᠡᠨ ᠪᠠᠶᠢᠭᠤᠯᠤᠨ᠎ᠠ︔ | ᠨᠥᠬᠦᠴᠡᠯ ᠪᠦᠷᠢᠳᠦᠭᠦᠯᠦᠭᠰᠡᠨ ᠦᠵᠡᠮᠵᠢ ᠶᠢᠨ ᠣᠷᠣᠨ ᠳᠤ ᠪᠡᠶ᠎ᠡ ᠶᠢᠨ ᠲᠠᠮᠢᠷ ᠤᠨ ᠲᠥᠷᠥᠯ ᠵᠦᠢᠯ ᠢ ᠣᠷᠣᠭᠤᠯᠵᠤ᠂ | ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠶᠡᠷᠦᠩᠬᠡᠶᠢᠯᠡᠭᠰᠡᠨ ᠴᠣᠭᠴᠠ ᠶᠢ ᠪᠠᠶᠢᠭᠤᠯᠤᠨ᠎ᠠ︔ ᠲᠠᠮᠢᠷ ᠤᠨ | ᠬᠦᠳᠡᠯᠭᠡᠭᠡᠨ ᠤ ᠰᠡᠯᠡᠭᠦᠴᠡᠯ ᠤᠨ ᠣᠨᠴᠠᠯᠢᠭᠲᠤ ᠵᠢᠵᠢᠭ ᠪᠠᠯᠭᠠᠰᠤᠨ ᠳᠤ ᠣᠯᠠᠨ ᠵᠦᠢᠯ ᠤᠨ ᠲᠠᠮᠢᠷ ᠤᠨ | ᠬᠥᠳᠡᠯᠭᠡᠭᠡᠨ ᠤ ᠲᠥᠷᠥᠯ ᠵᠦᠢᠯ ᠢ ᠣᠷᠣᠭᠤᠯᠵᠤ᠂ ᠪᠡᠶ᠎ᠡ ᠶᠢᠨ ᠲᠠᠮᠢᠷ ᠤᠨ ᠵᠢᠵᠢᠭ ᠪᠠᠯᠭᠠᠰᠤᠨ ᠤ ᠦᠢᠯᠡᠴᠢᠯᠡᠭᠡᠨ ᠤ | ᠶᠡᠷᠦᠩᠬᠡᠶᠢᠯᠡᠭᠰᠡᠨ ᠴᠣᠭᠴᠠ ᠶᠢ ᠪᠠᠶᠢᠭᠤᠯᠤᠨ᠎ᠠ︔ ᠭᠡᠷ ᠤᠨ ᠭᠠᠳᠠᠨᠠᠬᠢ ᠬᠤᠸᠠᠷᠠᠨ ᠭᠠᠵᠠᠷ ᠤᠨ ᠴᠢᠳᠠᠮᠵᠢ ᠪᠠᠨ | ᠥᠷᠭᠡᠳᠬᠡᠬᠦ ᠶᠢ ᠵᠣᠷᠢᠬᠵᠢᠭᠤᠯᠵᠤ᠂ ᠪᠡᠶ᠎ᠡ ᠶᠢᠨ ᠲᠠᠮᠢᠷ ᠤᠨ ᠬᠤᠸᠠᠷᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ ᠶᠢ | ᠪᠠᠶᠢᠭᠤᠯᠤᠨ᠎ᠠ︔ ᠪᠠᠶᠢᠭᠠᠯᠢ ᠬᠥᠮᠦᠨ ᠨᠡᠶᠢᠬᠡᠮ ᠤᠨ ᠡᠬᠢ ᠪᠠᠶᠠᠯᠢᠭ ᠢ ᠶᠡᠷᠦᠩᠬᠡᠶᠢᠯᠡᠨ ᠬᠤᠷᠢᠶᠠᠩᠭᠤᠶᠢᠯᠠᠵᠤ᠂ | ᠨᠣᠭᠤᠭᠠᠷᠠᠭᠤᠯᠤᠭᠰᠠᠨ ᠵᠠᠮ᠂ ᠳᠤᠭᠤᠶ ᠲᠡᠷᠭᠡᠨ ᠤ ᠵᠠᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠥᠳᠡᠭᠡ | ᠲᠣᠰᠬᠤᠨ ᠤ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠭᠴᠠ ᠶᠢ ᠪᠠᠶᠢᠭᠤᠯᠤᠨ᠎ᠠ᠃ | ︵ᠭᠤᠷᠪᠠ︶ ᠠᠳᠠᠯᠢ ᠪᠤᠰᠤ ᠨᠠᠰᠤᠨ ᠤ ᠬᠥᠮᠦᠰ ᠤᠨ ᠪᠡᠶ᠎ᠡ ᠮᠠᠬᠠᠪᠣᠳ ᠤᠨ ᠡᠷᠡᠭᠦᠯ ᠴᠢᠬᠢᠷᠠᠭ ᠢ ᠬᠠᠮᠢᠶᠠᠷᠤᠨ | ᠨᠥᠯᠥᠭᠡᠯᠡᠬᠦ ᠪᠠᠨ ᠴᠢᠩᠭᠠᠷᠠᠭᠤᠯᠤᠨ᠎ᠠ᠃ ᠵᠠᠯᠠᠭᠤᠴᠤᠳ ᠪᠠᠭᠠᠴᠤᠳ᠂ ᠨᠠᠰᠤᠲᠠᠶᠢᠴᠤᠳ᠂ ᠠᠵᠢᠯ ᠮᠡᠷᠭᠡᠵᠢᠯ ᠤᠨ | ᠬᠥᠮᠦᠰ᠂ ᠵᠡᠮᠳᠡᠭᠴᠦᠳ ᠵᠡᠷᠭᠡ ᠬᠠᠮᠲᠤ ᠣᠯᠠᠨ ᠤ ᠪᠡᠶ᠎ᠡ ᠮᠠᠬᠠᠪᠣᠳ ᠤᠨ ᠡᠷᠡᠭᠦᠯ ᠴᠢᠬᠢᠷᠠᠭ ᠤᠨ ᠬᠠᠮᠢᠶᠠᠷᠤᠨ | ᠨᠥᠯᠥᠭᠡᠯᠡᠬᠦ ᠲᠥᠯᠥᠪᠯᠡᠭᠡ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠪᠡᠶ᠎ᠡ ᠶᠢᠨ ᠲᠠᠮᠢᠷ ᠢᠶᠠᠷ ᠴᠢᠭᠢᠷᠠᠭᠵᠢᠭᠤᠯᠬᠤ | ᠠᠵᠢᠯᠯᠠᠭ᠎ᠠ ᠶᠢ ᠵᠠᠯᠠᠭᠤᠴᠤᠳ ᠪᠠᠭᠠᠴᠤᠳ ᠤᠨ ᠡᠷᠡᠭᠦᠯ ᠴᠢᠬᠢᠷᠠᠭ ᠤᠨ ᠬᠥᠮᠦᠵᠢᠯ ᠪᠣᠯᠤᠨ ᠬᠡᠪ ᠴᠢᠨᠠᠷ ᠤᠨ | ᠬᠥᠮᠦᠵᠢᠯ ᠯᠦᠭᠡ ᠨᠢᠭᠡᠳᠬᠡᠨ ᠵᠢᠭᠠᠵᠤ᠂ ᠵᠠᠯᠠᠭᠤᠴᠤᠳ ᠪᠠᠭᠠᠴᠤᠳ ᠤᠨ ︽ᠨᠠᠰᠤᠨ ᠲᠤᠷᠰᠢᠳᠠ ᠳᠤ ᠪᠠᠨ ᠪᠡᠶ᠎ᠡ ᠶᠢᠨ | ᠲᠠᠮᠢᠷ ᠲᠤ ᠣᠷᠣᠯᠴᠠᠬᠤ︾ ᠦᠵᠡᠯ ᠤᠬᠠᠮᠰᠠᠷ ᠢ ᠬᠥᠮᠦᠵᠢᠭᠦᠯᠦᠨ᠎ᠡ᠃ ᠠᠵᠢᠯ ᠮᠡᠷᠭᠡᠵᠢᠯ ᠤᠨ ᠬᠥᠮᠦᠰ ᠲᠤ ᠪᠡᠶ᠎ᠡ | ᠴᠢᠭᠢᠷᠠᠭᠵᠢᠭᠤᠯᠬᠤ ᠦᠢᠯᠡᠴᠢᠯᠡᠭᠡ ᠪᠠ ᠪᠠᠲᠤᠯᠠᠬᠤ ᠠᠵᠢᠯ ᠢ ᠴᠢᠩᠭᠠᠳᠬᠠᠵᠤ᠂ ᠠᠵᠢᠯ ᠮᠡᠷᠭᠡᠵᠢᠯ ᠤᠨ ᠬᠥᠮᠦᠰ ᠤᠨ | ᠡᠷᠡᠭᠦᠯ ᠴᠢᠬᠢᠷᠠᠭ ᠪᠠᠶᠢᠬᠤ ᠡᠷᠬᠡ ᠠᠰᠢᠭ ᠢ ᠦᠨᠡᠨ ᠬᠦ ᠨᠠᠶᠢᠳᠠᠪᠤᠷᠢᠵᠢᠭᠤᠯᠤᠨ᠂ ᠠᠵᠢᠯ ᠤᠨ ᠵᠠᠪᠰᠠᠷᠯᠠᠭ᠎ᠠ ᠶᠢᠨ ᠪᠡᠶ᠎ᠡ | ᠴᠢᠭᠢᠷᠠᠭᠵᠢᠭᠤᠯᠬᠤ ᠳᠦᠷᠢᠮ ᠢ ᠬᠡᠷᠡᠭᠵᠢᠭᠦᠯᠵᠦ᠂ ᠪᠡᠶ᠎ᠡ ᠴᠢᠭᠢᠷᠠᠭᠵᠢᠭᠤᠯᠬᠤ ᠳᠤ ᠠᠮᠢᠳᠤᠯᠢᠭ ᠪᠥᠭᠡᠳ ᠣᠯᠠᠨ | ᠶᠠᠩᠵᠤ ᠶᠢᠨ ᠠᠵᠢᠯᠯᠠᠭ᠎ᠠ ᠪᠣᠯᠣᠨ ᠦᠢᠯᠡᠴᠢᠯᠡᠭᠡ ᠶᠢ ᠰᠢᠨ᠎ᠡ ᠡᠭᠦᠳᠦᠯᠲᠡ ᠲᠠᠢ ᠪᠠᠷ ᠥᠷᠨᠢᠭᠦᠯᠵᠦ᠂ ︽ᠠᠵᠢᠯ | ᠠᠯᠪᠠ ᠲᠠᠢ ᠬᠥᠮᠥᠰ︾ ᠤᠨ ᠣᠶᠢᠷ᠎ᠠ ᠬᠠᠪᠢ ᠳᠤ ᠪᠠᠨ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠣᠷᠣᠯᠴᠠᠬᠤ ᠳᠤ ᠨᠢ | ᠲᠥᠬᠦᠮ ᠦᠵᠡᠭᠦᠯᠬᠦ ᠶᠢ ᠠᠬᠢᠭᠤᠯᠤᠨ᠎ᠠ᠃ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠳᠤ | ᠰᠢᠨᠵᠢᠯᠡᠬᠦ ᠤᠬᠠᠭᠠᠨᠴᠢ ᠪᠠᠷ ᠵᠢᠭᠠᠨ ᠵᠢᠯᠣᠭᠤᠳᠬᠤ ᠶᠢ ᠴᠢᠩᠭᠠᠳᠬᠠᠵᠤ᠂ ᠨᠠᠰᠤᠲᠠᠶᠢᠴᠤᠳ ᠤᠨ ᠣᠯᠠᠨ ᠨᠡᠶᠢᠲᠡ ᠶᠢᠨ | ᠪᠡᠶ᠎ᠡ ᠶᠢᠨ ᠲᠠᠮᠢᠷ ᠤᠨ ᠦᠢᠯᠡᠴᠢᠯᠡᠵᠦ ᠪᠠᠲᠤᠯᠠᠬᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ︽ᠵᠡᠮᠳᠡᠭᠴᠦᠳ ᠲᠤ | ᠲᠤᠰᠠᠯᠠᠮᠵᠢ ᠦᠵᠡᠭᠦᠯᠵᠦ ᠪᠡᠶ᠎ᠡ ᠴᠢᠭᠢᠷᠠᠭᠵᠢᠭᠤᠯᠬᠤ ᠢᠨᠵᠧᠨᠧᠷᠢᠩ︾ ᠢ ᠢᠳᠡᠪᠬᠢᠲᠡᠶ ᠠᠬᠢᠭᠤᠯᠵᠤ᠂ | ᠵᠡᠮᠳᠡᠭᠴᠦᠳ ᠤᠨ ᠡᠷᠡᠭᠦᠯᠵᠢᠬᠦ ᠪᠡᠶ᠎ᠡ ᠶᠢᠨ ᠲᠠᠮᠢᠷ ᠪᠣᠯᠤᠨ ᠪᠡᠶ᠎ᠡ ᠴᠢᠭᠢᠷᠠᠭᠵᠢᠭᠤᠯᠬᠤ ᠪᠡᠶ᠎ᠡ ᠶᠢᠨ ᠲᠠᠮᠢᠷ ᠤᠨ | ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠎ᠡ᠃ | ︵ᠳᠥᠷᠪᠡ︶ ᠪᠡᠶ᠎ᠡ ᠴᠢᠭᠢᠷᠠᠭᠵᠢᠭᠤᠯᠬᠤ ᠪᠠ ᠡᠷᠡᠭᠦᠯ ᠴᠢᠬᠢᠷᠠᠭ ᠤᠨ ᠤᠷᠮᠠᠰᠢᠭᠤᠯᠬᠤ ᠲᠣᠭᠲᠠᠴᠠ ᠳᠤ | ᠰᠢᠨ᠎ᠡ ᠶᠢ ᠡᠭᠦᠳᠦᠨ᠎ᠡ᠃ ᠥᠪᠡᠷᠲᠡᠭᠡᠨ ᠵᠠᠰᠠᠬᠤ ᠣᠷᠣᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ | ᠠᠷᠠᠳ ᠤᠨ ᠡᠷᠡᠭᠦᠯ ᠴᠢᠬᠢᠷᠠᠭ ᠤᠨ ᠭᠦᠨᠵᠡᠭᠡᠶ ᠠᠭᠤᠰᠤᠯᠴᠠᠬᠤ ᠳᠤ ᠤᠷᠮᠠᠰᠢᠭᠤᠯᠬᠤ ᠠᠷᠭ᠎ᠠ ᠶᠢ ᠲᠣᠭᠲᠠᠭᠠᠵᠤ᠂ | ᠲᠡᠷᠢᠭᠦᠨ ᠤ ᠭᠠᠵᠠᠷ ᠣᠷᠣᠨ ᠤ ᠣᠳᠣ ᠶᠢᠨ ᠪᠠᠶᠢᠭ᠎ᠠ ᠲᠥᠷᠥᠯ ᠵᠦᠢᠯ ᠤᠨ ᠪᠠᠯᠠ ᠮᠥᠩᠭᠦ ᠶᠢ ᠨᠢᠭᠡᠳᠦᠯᠲᠡᠶ | ᠲᠥᠯᠥᠪᠯᠡᠬᠦ ᠳᠤ ᠳᠡᠮᠵᠢᠯᠭᠡ ᠦᠵᠡᠭᠦᠯᠵᠦ᠂ ᠢᠯᠡᠳᠲᠡ ᠠᠮᠵᠢᠯᠲᠠ ᠣᠯᠤᠭᠰᠠᠨ ᠨᠢᠭᠡᠴᠢ ᠪᠣᠯᠣᠨ ᠬᠤᠪᠢ ᠬᠥᠮᠦᠨ ᠢ | ᠣᠯᠠᠨ ᠲᠦᠮᠡᠨ ᠤ ᠪᠡᠶ᠎ᠡ ᠶᠢᠨ ᠲᠠᠮᠢᠷ ᠤᠨ ᠲᠡᠷᠢᠭᠦᠨ ᠤ ᠨᠢᠭᠡᠴᠢ ᠪᠣᠯᠣᠨ ᠲᠡᠷᠢᠭᠦᠨ ᠤ ᠬᠤᠪᠢ ᠬᠥᠮᠦᠨ ᠢᠶᠠᠷ | ᠰᠠᠶᠢᠰᠢᠶᠠᠨ ᠬᠥᠬᠢᠭᠦᠯᠦᠨ᠎ᠡ᠃ | ︵ᠲᠠᠪᠤ︶ ᠪᠡᠶ᠎ᠡ ᠴᠢᠭᠢᠷᠠᠭᠵᠢᠭᠤᠯᠬᠤ ᠪᠠ ᠡᠷᠡᠭᠦᠯ ᠴᠢᠬᠢᠷᠠᠭ ᠤᠨ ᠬᠢᠨᠠᠨ ᠰᠢᠨᠵᠢᠬᠦ ᠰᠢᠰᠲ᠋ᠧᠮᠵᠢ ᠶᠢ | ᠪᠦᠷᠢᠨᠰᠢᠭᠦᠯᠦᠨ᠎ᠡ᠃ ᠥᠪᠥᠷ ᠮᠣᠩᠭᠤᠯ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ | ᠦᠢᠯᠡᠴᠢᠯᠡᠭᠡᠨ ᠤ ᠲᠠᠪᠴᠠᠩ ᠪᠣᠯᠣᠨ ᠡᠷᠡᠭᠦᠯ ᠮᠡᠨᠳᠦ ᠶᠢᠨ ᠡᠮᠴᠢᠯᠡᠭᠡᠨ ᠤ ᠲᠣᠮᠣ ᠳ᠋ᠠᠶᠢᠲ᠋ᠠ ᠶᠢᠨ ᠲᠠᠪᠴᠠᠩ ᠢ | ᠭᠦᠢᠴᠡᠳ ᠠᠰᠢᠭᠯᠠᠨ᠂ ᠡᠷᠬᠡᠲᠦ ᠠᠷᠠᠳ ᠤᠨ ᠬᠤᠪᠢ ᠪᠡᠶ᠎ᠡ ᠶᠢᠨ ᠡᠷᠡᠭᠦᠯ ᠴᠢᠬᠢᠷᠠᠭ ᠤᠨ ᠳ᠋ᠠᠶᠢᠲ᠋ᠠ ᠵᠡᠷᠭᠡ ᠮᠣᠳᠦ᠋ᠯ | ᠮᠡᠳᠡᠭᠡ ᠵᠠᠩᠭᠢ ᠶᠢ ᠨᠡᠮᠡᠭᠳᠡᠭᠦᠯᠵᠦ᠂ ᠬᠤᠪᠢ ᠬᠥᠮᠦᠨ ᠤ ᠡᠷᠡᠭᠦᠯ ᠴᠢᠬᠢᠷᠠᠭ ᠤᠨ ᠳᠠᠩᠰᠠ ᠡᠪᠬᠡᠮᠡᠯ ᠤᠨ | ᠬᠠᠮᠢᠶᠠᠷᠤᠯᠲᠠ ᠶᠢᠨ ᠲᠣᠮᠣ ᠳ᠋ᠠᠶᠢᠲ᠋ᠠ ᠶᠢ ᠪᠠᠶᠢᠭᠤᠯᠤᠨ᠂ ᠡᠷᠡᠭᠦᠯ ᠴᠢᠬᠢᠷᠠᠭ ᠤᠨ ᠵᠢᠭᠠᠨ ᠵᠢᠯᠣᠭᠤᠳᠬᠤ ᠲᠠᠮᠢᠷ ᠤᠨ | ᠬᠥᠳᠡᠯᠭᠡᠭᠡᠨ ᠤ ᠵᠣᠷ ᠢ ᠬᠡᠷᠡᠭᠯᠡᠬᠦ ᠪᠠ ᠳᠡᠯᠭᠡᠷᠡᠭᠦᠯᠬᠦ ᠳᠤ ᠲᠦᠢᠯ ᠤᠨ ᠣᠨᠣᠪᠴᠢᠲᠠᠶ ᠰᠢᠨᠵᠢᠯᠡᠬᠦ ᠤᠬᠠᠭᠠᠨᠴᠢ ᠲᠣᠮᠣ | ᠳ᠋ᠠᠶᠢᠲ᠋ᠠ ᠪᠠᠷ ᠵᠠᠳᠠᠯᠤᠯᠲᠠ ᠬᠢᠵᠦ ᠲᠥᠰᠦᠭᠡᠯᠡᠬᠦ ᠳᠡᠮᠵᠢᠯᠭᠡ ᠬᠠᠩᠭᠠᠨ᠎ᠠ᠃ ᠬᠤᠰᠢᠭᠤ ᠰᠢᠶᠠᠨ ︵ᠬᠤᠲᠠ᠂ | ᠲᠣᠭᠤᠷᠢᠭ︶᠂ ᠰᠤᠮᠤ ᠰᠢᠶᠠᠩ ᠪᠠᠯᠭᠠᠰᠤᠨ ᠳᠤ ᠠᠷᠠᠳ ᠢᠷᠭᠡᠳ ᠤᠨ ᠪᠡᠶ᠎ᠡ ᠮᠠᠬᠠᠪᠣᠳ ᠤᠨ ᠬᠢᠨᠠᠨ ᠰᠢᠨᠵᠢᠬᠦ ᠲᠥᠪ | ᠪᠣᠯᠣᠨ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠶᠢᠨ ᠵᠢᠭᠠᠨ ᠵᠢᠯᠣᠭᠤᠳᠬᠤ ᠥᠷᠲᠡᠭᠡ ᠶᠢ ᠪᠠᠶᠢᠭᠤᠯᠤᠨ | ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠳᠦᠷ ᠲᠤᠲᠤᠮ ᠤᠨ ᠪᠡᠶ᠎ᠡ ᠮᠠᠬᠠᠪᠣᠳ ᠢ ᠰᠢᠯᠭᠠᠨ ᠲᠣᠭᠲᠠᠭᠠᠬᠤ᠂ | ᠲᠠᠮᠢᠷ ᠤᠨ ᠬᠥᠳᠡᠯᠭᠡᠭᠡᠨ ᠤ ᠴᠢᠳᠠᠪᠤᠷᠢ ᠶᠢ ᠦᠨᠡᠯᠡᠨ ᠲᠣᠭᠲᠠᠭᠠᠬᠤ᠂ ᠪᠡᠶ᠎ᠡ ᠶᠢᠨ ᠪᠢᠷ᠎ᠠ ᠲᠠᠮᠢᠷ ᠲᠤ ᠦᠨᠡᠯᠡᠨ | ᠵᠢᠱᠢᠯᠲᠡ ᠬᠢᠬᠦ ᠠᠵᠢᠯ ᠢ ᠥᠷᠨᠢᠭᠦᠯᠵᠦ᠂ ᠡᠷᠡᠭᠦᠯ ᠴᠢᠬᠢᠷᠠᠭ ᠤᠨ ᠳᠠᠩᠰᠠ ᠡᠪᠬᠡᠮᠡᠯ ᠵᠣᠬᠢᠶᠠᠨ᠂ ︽ᠲᠠᠮᠢᠷ ᠤᠨ | ᠬᠥᠳᠡᠯᠭᠡᠭᠡᠨ ᠤ ᠵᠣᠷ︾ ᠭᠠᠷᠭᠠᠨ ᠥᠭᠴᠦ᠂ ᠲᠠᠮᠢᠷ ᠤᠨ ᠬᠥᠳᠡᠯᠭᠡᠭᠡᠨ ᠢᠶᠠᠷ ᠪᠡᠶ᠎ᠡ ᠴᠢᠭᠢᠷᠠᠭᠵᠢᠭᠤᠯᠬᠤ ᠶᠢ ᠨᠢ ᠵᠢᠭᠠᠨ | ᠵᠢᠯᠣᠭᠤᠳᠤᠨ᠎ᠠ᠃ ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯ ᠤᠨ ᠠᠵᠢᠯᠲᠠᠨ᠂ ᠪᠡᠶ᠎ᠡ ᠶᠢᠨ ᠲᠠᠮᠢᠷ ᠤᠨ ᠭᠤᠤᠯᠯᠠᠭᠴᠢ | ᠬᠦᠴᠦᠨ ᠪᠣᠯᠣᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢ ᠶᠡᠭᠡ ᠪᠠᠷ ᠪᠣᠯᠪᠠᠰᠤᠷᠠᠭᠤᠯᠵᠤ᠂ | ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠰᠢᠯᠭᠠᠨ ᠪᠠᠶᠢᠴᠠᠭᠠᠬᠤ ᠡᠩᠨᠡᠭᠡ ᠶᠢ ᠪᠠᠶᠢᠭᠤᠯᠤᠨ᠂ ︽ᠤᠯᠤᠰ ᠤᠨ | ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠪᠠᠷᠢᠮᠵᠢᠶ᠎ᠠ︾ ᠶᠢᠨ ᠪᠠᠷᠢᠮᠵᠢᠶ᠎ᠠ ᠳᠤ ᠬᠦᠷᠦᠭᠰᠡᠨ ᠢ ᠨᠢ ᠰᠢᠯᠭᠠᠨ ᠰᠢᠨᠵᠢᠬᠦ | ᠠᠵᠢᠯ ᠢ ᠥᠷᠨᠢᠭᠦᠯᠬᠦ ᠶᠢᠨ ᠬᠠᠮᠲᠤ ᠪᠠᠷᠢᠮᠵᠢᠶ᠎ᠠ ᠳᠤ ᠬᠦᠷᠦᠭᠰᠡᠨ ᠦᠨᠡᠮᠯᠡᠯ ᠪᠣᠯᠣᠨ ᠲᠡᠮᠳᠡᠭ ᠣᠯᠭᠤᠵᠤ᠂ ᠨᠠᠩ ᠶᠡᠭᠡ | ᠬᠡᠪᠴᠢᠶᠡᠨ ᠤ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠪᠡᠶ᠎ᠡ ᠶᠢᠨ ᠲᠠᠮᠢᠷ ᠢᠶᠠᠷ ᠴᠢᠭᠢᠷᠠᠭᠵᠢᠬᠤ | ᠠᠵᠢᠯᠯᠠᠭ᠎ᠠ ᠳᠤ ᠣᠷᠣᠯᠴᠠᠭᠤᠯᠤᠨ᠎ᠠ᠃ ᠨᠥᠬᠦᠴᠡᠯ ᠲᠠᠢ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠢ | ᠵᠣᠷᠢᠬᠵᠢᠭᠤᠯᠵᠤ ᠪᠠᠶᠢᠭᠠᠳ ᠪᠡᠶ᠎ᠡ ᠮᠠᠬᠠᠪᠣᠳ ᠢ ᠰᠢᠯᠭᠠᠨ ᠲᠣᠭᠲᠠᠭᠠᠬᠤ ᠪᠠ ᠲᠠᠮᠢᠷ ᠤᠨ ᠬᠥᠳᠡᠯᠭᠡᠭᠡᠨ ᠢᠶᠠᠷ | ᠡᠷᠡᠭᠦᠯᠵᠢᠭᠦᠯᠬᠦ ᠵᠡᠷᠭᠡ ᠡᠵᠡᠩᠨᠡᠯᠲᠡ ᠶᠢᠨ ᠪᠣᠳᠠᠲᠤ ᠴᠣᠭᠴᠠ ᠶᠢ ᠨᠡᠭᠡᠭᠡᠨ ᠡᠷᠬᠢᠯᠡᠭᠦᠯᠵᠦ᠂ ᠠᠷᠠᠳ ᠢᠷᠭᠡᠳ ᠤᠨ ᠪᠡᠶ᠎ᠡ | ᠮᠠᠬᠠᠪᠣᠳ ᠢ ᠰᠢᠯᠭᠠᠨ ᠰᠢᠨᠵᠢᠬᠦ᠂ ᠪᠡᠶ᠎ᠡ ᠴᠢᠭᠢᠷᠠᠭᠵᠢᠭᠤᠯᠬᠤ ᠪᠠ ᠡᠷᠡᠭᠦᠯ ᠴᠢᠬᠢᠷᠠᠭ ᠤᠨ ᠠᠰᠠᠭᠤᠨ ᠯᠠᠪᠯᠠᠬᠤ ᠵᠡᠷᠭᠡ | ᠦᠢᠯᠡᠴᠢᠯᠡᠭᠡ ᠶᠢ ᠥᠷᠨᠢᠭᠦᠯᠦᠨ᠎ᠡ᠃ | ︵ᠵᠢᠷᠭᠤᠭ᠎ᠠ︶ ᠪᠡᠶ᠎ᠡ ᠴᠢᠭᠢᠷᠠᠭᠵᠢᠭᠤᠯᠬᠤ ᠪᠠ ᠡᠷᠡᠭᠦᠯ ᠴᠢᠭᠢᠷᠠᠭ ᠤᠨ ᠪᠣᠯᠪᠠᠰᠤᠨ ᠰᠢᠨ᠎ᠡ ᠰᠤᠷᠲᠠᠯ ᠲᠠᠢ | ᠪᠣᠯᠬᠤ ᠶᠢ ᠬᠥᠲᠥᠯᠥᠨ ᠵᠢᠯᠣᠭᠤᠳᠤᠨ᠎ᠠ᠃ ᠪᠡᠶ᠎ᠡ ᠴᠢᠭᠢᠷᠠᠭᠵᠢᠭᠤᠯᠬᠤ ᠪᠠ ᠡᠷᠡᠭᠦᠯ ᠴᠢᠬᠢᠷᠠᠭ ᠤᠨ ᠰᠣᠶᠣᠯ ᠢ ᠮᠠᠨ ᠤ | ᠣᠷᠣᠨ ᠤ ᠦᠨᠳᠦᠰᠦᠲᠡᠨ ᠤ ᠡᠮ ᠡᠮᠨᠡᠯᠭᠡ᠂ ᠮᠣᠩᠭᠤᠯ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ | ᠬᠥᠳᠡᠯᠭᠡᠭᠡᠨ ᠤ ᠰᠣᠶᠣᠯ᠂ ᠵᠠᠩ ᠦᠢᠯᠡ ᠶᠢᠨ ᠰᠣᠶᠣᠯ ᠢ ᠪᠠᠳᠠᠷᠠᠭᠤᠯᠬᠤ ᠠᠵᠢᠯᠯᠠᠭ᠎ᠠ ᠵᠢᠴᠢ ᠬᠤᠲᠠ ᠬᠥᠳᠡᠭᠡ ᠶᠢᠨ | ᠣᠷᠴᠢᠨ ᠲᠣᠭᠤᠷᠢᠨ ᠢ ᠰᠢᠯᠢᠳᠡᠭᠵᠢᠭᠦᠯᠬᠦ ᠯᠦᠭᠡ ᠤᠶᠠᠯᠳᠤᠭᠤᠯᠵᠤ᠂ ᠪᠡᠶ᠎ᠡ ᠴᠢᠭᠢᠷᠠᠭᠵᠢᠭᠤᠯᠬᠤ ᠶᠢ ᠵᠢᠭᠠᠨ | ᠵᠢᠯᠣᠭᠤᠳᠬᠤ᠂ ᠪᠡᠶ᠎ᠡ ᠮᠠᠬᠠᠪᠣᠳ ᠢᠶᠠᠨ ᠪᠣᠯᠪᠠᠰᠤᠷᠠᠭᠤᠯᠬᠤ᠂ ᠪᠡᠶ᠎ᠡ ᠰᠤᠪᠢᠯᠠᠵᠤ ᠡᠷᠡᠭᠦᠯᠵᠢᠬᠦ᠂ ᠪᠡᠶ᠎ᠡ ᠮᠠᠬᠠᠪᠣᠳ ᠢ ᠨᠢ | ᠬᠢᠨᠠᠨ ᠰᠢᠨᠵᠢᠬᠦ ᠵᠡᠷᠭᠡ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠂ | ᠨᠡᠶᠢᠲᠡ ᠣᠯᠠᠨ ᠢ ᠡᠪᠡᠳᠴᠢᠯᠡᠬᠦ ᠥᠬᠡᠶ᠂ ᠡᠪᠡᠳᠴᠢᠯᠡᠬᠦ ᠨᠢ ᠪᠠᠭ᠎ᠠ᠂ ᠡᠪᠡᠳᠴᠢᠯᠡᠬᠦ ᠶᠢ ᠨᠢ ᠬᠤᠶᠢᠰᠢᠯᠠᠭᠤᠯᠬᠤ ᠪᠠᠷ | ᠴᠢᠷᠮᠠᠶᠢᠬᠤ ᠲᠡᠶᠢᠰᠢ ᠬᠥᠲᠥᠯᠥᠨ ᠵᠢᠯᠣᠭᠤᠳᠤᠨ᠎ᠠ᠃ ᠲᠤᠰᠬᠠᠶ ᠮᠡᠷᠭᠡᠵᠢᠯᠲᠡᠨ ᠤ ᠳᠤᠭᠤᠶᠢᠯᠠᠩ ᠪᠠᠶᠢᠭᠤᠯᠵᠤ᠂ ᠪᠡᠶ᠎ᠡ | ᠴᠢᠭᠢᠷᠠᠭᠵᠢᠭᠤᠯᠬᠤ ᠬᠢᠭᠡᠳ ᠡᠷᠡᠭᠦᠯ ᠴᠢᠬᠢᠷᠠᠭ ᠤᠨ ᠰᠠᠭᠤᠷᠢ ᠰᠤᠳᠤᠯᠤᠯ ᠤᠨ ᠠᠵᠢᠯ ᠢ ᠴᠢᠩᠭᠠᠳᠬᠠᠨ᠂ ᠪᠡᠶ᠎ᠡ | ᠴᠢᠭᠢᠷᠠᠭᠵᠢᠭᠤᠯᠬᠤ ᠪᠠ ᠡᠷᠡᠭᠦᠯ ᠴᠢᠬᠢᠷᠠᠭ ᠤᠨ ᠠᠭᠤᠰᠤᠯᠴᠠᠯ ᠢ ᠠᠬᠢᠭᠤᠯᠬᠤ ᠳᠤ ᠰᠢᠨᠵᠢᠯᠡᠬᠦ ᠤᠬᠠᠭᠠᠨᠴᠢ | ᠵᠢᠯᠣᠭᠤᠳᠣᠯᠭ᠎ᠠ ᠬᠠᠩᠭᠠᠨ᠎ᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ | ᠴᠢᠬᠢᠷᠠᠭ ᠤᠨ ᠭᠦᠨᠵᠡᠭᠡᠶ ᠠᠭᠤᠰᠤᠯᠴᠠᠬᠤ ᠶᠢ ᠪᠣᠯᠪᠠᠰᠤᠨ ᠬᠤᠲᠠ ᠪᠠᠯᠭᠠᠰᠤ ᠪᠣᠯᠣᠨ ᠠᠷᠢᠭᠤᠨ ᠴᠡᠪᠡᠷ ︵ᠡᠷᠡᠭᠦᠯ | ᠡᠩᠬᠡ︶ ᠤᠨ ᠬᠤᠲᠠ ᠪᠠᠯᠭᠠᠰᠤ ᠵᠢᠴᠢ ᠤᠵᠢᠭ ᠡᠪᠡᠳᠴᠢᠨ ᠢ ᠰᠡᠷᠭᠡᠶᠢᠯᠡᠵᠦ ᠡᠵᠡᠮᠳᠡᠭᠰᠡᠨ ᠵᠢᠱᠢᠶ᠎ᠡ ᠦᠵᠡᠭᠦᠯᠬᠦ | ᠲᠣᠭᠤᠷᠢᠭ᠂ ᠡᠷᠡᠭᠦᠯ ᠴᠢᠬᠢᠷᠠᠭ ᠢ ᠠᠬᠢᠭᠤᠯᠤᠭᠰᠠᠨ ᠵᠢᠱᠢᠶ᠎ᠡ ᠦᠵᠡᠭᠦᠯᠬᠦ ᠲᠣᠭᠤᠷᠢᠭ᠂ ᠪᠥᠬᠦ ᠠᠷᠠᠳ ᠤᠨ ᠪᠡᠶ᠎ᠡ | ᠴᠢᠬᠢᠷᠠᠭᠵᠢᠭᠤᠯᠤᠭᠰᠠᠨ ᠵᠢᠱᠢᠶ᠎ᠡ ᠦᠵᠡᠭᠦᠯᠬᠦ ᠲᠣᠭᠤᠷᠢᠭ᠂ ᠲᠠᠮᠢᠷ ᠤᠨ ᠬᠥᠳᠡᠯᠭᠡᠭᠡᠨ ᠤ ᠰᠡᠯᠡᠭᠦᠴᠡᠯ ᠤᠨ ᠣᠨᠴᠠᠯᠢᠭᠲᠤ | ᠵᠢᠵᠢᠭ ᠪᠠᠯᠭᠠᠰᠤ᠂ ᠣᠷᠣᠰᠢᠨ ᠰᠠᠭᠤᠬᠤ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ | ᠡᠭᠦᠳᠦᠨ ᠪᠠᠶᠢᠭᠤᠯᠬᠤ ᠯᠤᠭ᠎ᠠ ᠤᠶᠠᠯᠳᠤᠭᠤᠯᠵᠤ᠂ ᠡᠯ᠎ᠡ ᠲᠣᠮᠣ ᠬᠤᠲᠠ ᠳᠤ ᠨᠥᠯᠥᠭᠡᠯᠡᠬᠦ ᠬᠦᠴᠦᠨ ᠲᠠᠢ ᠨᠡᠷᠡᠲᠦ | ᠲᠡᠮᠳᠡᠭ ᠤᠨ ᠠᠵᠢᠯᠯᠠᠭ᠎ᠠ ᠶᠢ ᠭᠤᠤᠯᠳᠠᠯᠭ᠎ᠠ ᠲᠠᠢ ᠬᠢᠵᠦ᠂ ᠥᠪᠡᠷ ᠥᠪᠡᠷ ᠤᠨ ᠣᠨᠴᠠᠯᠢᠭ ᠢᠶᠠᠷ ᠢᠶᠠᠨ ᠠᠭᠤᠰᠤᠯᠴᠠᠨ | ᠬᠥᠭᠵᠢᠬᠦ ᠰᠢᠨ᠎ᠡ ᠵᠠᠭᠪᠤᠷ ᠢ ᠴᠢᠷᠮᠠᠶᠢᠨ ᠪᠤᠢ ᠪᠣᠯᠭᠠᠵᠤ᠂ ᠪᠡᠶ᠎ᠡ ᠶᠢᠨ ᠲᠠᠮᠢᠷ ᠢᠶᠠᠷ ᠴᠢᠭᠢᠷᠠᠭᠵᠢᠬᠤ ᠶᠢ ᠡᠷᠬᠢᠮᠯᠡᠭᠰᠡᠨ᠂ | ᠡᠷᠡᠭᠦᠯ ᠰᠠᠷᠠᠭᠤᠯ ᠠᠮᠢᠳᠤᠷᠠᠯ ᠢ ᠬᠥᠭᠡᠭᠡᠴᠡᠯᠳᠦᠭᠰᠡᠨ ᠨᠡᠶᠢᠭᠡᠮ ᠤᠨ ᠰᠢᠨ᠎ᠡ ᠬᠡᠪ ᠰᠤᠷᠲᠠᠯ ᠢ ᠪᠣᠢ ᠪᠣᠯᠭᠠᠬᠤ ᠪᠠᠷ | ᠬᠥᠲᠥᠯᠥᠨ ᠳᠠᠭᠠᠭᠤᠯᠤᠨ᠎ᠠ᠃ | ᠲᠠᠪᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ᠂ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ | ᠡᠷᠡᠭᠦᠯ ᠴᠢᠬᠢᠷᠠᠭ ᠤᠨ ᠭᠦᠨᠵᠡᠭᠡᠶ ᠠᠭᠤᠰᠤᠯᠴᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ | ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠵᠣᠬᠢᠶᠠᠨ ᠪᠠᠶᠢᠭᠤᠯᠵᠤ ᠤᠳᠤᠷᠢᠳᠬᠤ ᠪᠠᠨ | ᠴᠢᠩᠭᠠᠳᠬᠠᠵᠤ᠂ ᠠᠭᠤᠰᠤᠯᠴᠠᠭᠤᠯᠬᠤ ᠠᠵᠢᠯ ᠤᠨ ︽ᠭᠤᠷᠪᠠ ᠳᠤ ᠣᠷᠣᠭᠤᠯᠬᠤ︾ ᠳᠦᠷᠢᠮ ︵ᠡᠯ᠎ᠡ ᠱᠠᠲᠤᠨ ᠤ | ᠵᠠᠰᠠᠭ ᠤᠨ ᠣᠷᠳᠣᠨ ᠤ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠤ ᠣᠷᠣᠭᠤᠯᠬᠤ᠂ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠳᠤ ᠣᠷᠣᠭᠤᠯᠬᠤ᠂ ᠵᠠᠰᠠᠭ ᠤᠨ ᠣᠷᠳᠣᠨ ᠤ ᠠᠮᠵᠢᠯᠲᠠ ᠪᠦᠲᠦᠮᠵᠢ ᠶᠢ ᠰᠢᠯᠭᠠᠨ ᠬᠢᠨᠠᠬᠤ | ᠬᠠᠷᠠᠯᠲᠠ ᠳᠤ ᠣᠷᠣᠭᠤᠯᠬᠤ︶ ᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ | ᠲᠣᠪᠴᠢᠶ᠎ᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ | ᠣᠷᠣᠯᠴᠠᠭᠰᠠᠨ ᠥᠪᠡᠷᠲᠡᠭᠡᠨ ᠵᠠᠰᠠᠬᠤ ᠣᠷᠣᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ | ᠡᠷᠡᠭᠦᠯ ᠴᠢᠬᠢᠷᠠᠭ ᠤᠨ ᠭᠦᠨᠵᠡᠭᠡᠶ ᠠᠭᠤᠰᠤᠯᠴᠠᠭᠤᠯᠬᠤ ᠠᠵᠢᠯ ᠤᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ | ᠬᠤᠷᠠᠯ ᠤᠨ ᠳᠦᠷᠢᠮ ᠢ ᠪᠠᠶᠢᠭᠤᠯᠵᠤ᠂ ᠪᠥᠬᠦ ᠣᠷᠣᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ | ᠠᠷᠠᠳ ᠤᠨ ᠡᠷᠡᠭᠦᠯ ᠴᠢᠬᠢᠷᠠᠭ ᠤᠨ ᠭᠦᠨᠵᠡᠭᠡᠶ ᠠᠭᠤᠰᠤᠯᠴᠠᠭᠤᠯᠬᠤ ᠠᠵᠢᠯ ᠢ ᠨᠢᠭᠡᠳᠦᠯᠲᠡᠶ ᠲᠥᠯᠥᠪᠯᠡᠨ ᠵᠢᠯᠣᠭᠤᠳᠴᠤ | ᠲᠣᠬᠢᠷᠠᠭᠤᠯᠤᠨ᠎ᠠ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠴᠤ ᠵᠣᠬᠢᠴᠠᠯᠳᠤᠬᠤ | ᠠᠵᠢᠯ ᠤᠨ ᠳᠦᠷᠢᠮ ᠢ ᠪᠠᠶᠢᠭᠤᠯᠵᠤ᠂ ᠲᠣᠰ ᠭᠠᠵᠠᠷ ᠣᠷᠣᠨ ᠤ ᠬᠠᠮᠢᠶ᠎ᠠ ᠪᠦᠬᠦᠢ ᠠᠵᠢᠯ ᠢ ᠨᠢᠭᠡᠳᠦᠯᠲᠡᠶ ᠲᠥᠯᠥᠪᠯᠡᠨ | ᠠᠬᠢᠭᠤᠯᠬᠤ ᠬᠡᠷᠡᠭᠲᠡᠶ᠃ | ︵ᠬᠤᠶᠠᠷ︶ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠎ᠠ᠃ ᠡᠯ᠎ᠡ ᠭᠠᠵᠠᠷ | ᠣᠷᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠪᠣᠳᠠᠲᠠᠶ ᠲᠠᠢ ᠪᠠᠨ | ᠤᠶᠠᠯᠳᠤᠭᠤᠯᠤᠨ᠂ ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ ᠤᠨ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠴᠢᠬᠢᠷᠠᠭ ᠤᠨ ᠭᠦᠨᠵᠡᠭᠡᠶ ᠠᠭᠤᠰᠤᠯᠴᠠᠭᠤᠯᠬᠤ ᠶᠢ ᠠᠬᠢᠭᠤᠯᠬᠤ | ᠪᠣᠳᠠᠲᠠᠶ ᠠᠵᠢᠯ ᠤᠨ ᠲᠥᠰᠦᠯ ᠢ ᠲᠣᠭᠲᠠᠭᠠᠵᠤ᠂ ᠬᠠᠷᠠᠯᠳᠠᠳᠤ ᠡᠭᠦᠷᠭᠡ ᠶᠢ ᠬᠤᠪᠢᠶᠠᠷᠢᠯᠠᠨ ᠨᠠᠷᠢᠯᠢᠬᠵᠢᠭᠤᠯᠵᠤ᠂ | ᠬᠠᠷᠢᠭᠤᠴᠠᠬᠤ ᠰᠠᠯᠠᠭ᠎ᠠ ᠮᠥᠴᠢᠷ ᠪᠠ ᠠᠵᠢᠯᠲᠠᠨ ᠢ ᠨᠠᠶᠢᠳᠠᠪᠤᠷᠢᠵᠢᠭᠤᠯᠤᠨ᠂ ᠪᠡᠶᠡᠯᠡᠭᠦᠯᠬᠦ ᠴᠠᠭ ᠬᠤᠭᠤᠴᠠᠭ᠎ᠠ ᠶᠢ | ᠲᠣᠳᠣᠷᠬᠠᠶᠢᠯᠠᠵᠤ᠂ ︽ᠡᠷᠡᠭᠦᠯ ᠡᠩᠬᠡ ᠥᠪᠥᠷ ᠮᠣᠩᠭᠤᠯ︾ ᠢ ᠪᠠᠶᠢᠭᠤᠯᠬᠤ ᠠᠵᠢᠯ ᠯᠤᠭ᠎ᠠ ᠬᠠᠮᠲᠤ ᠳᠤ ᠨᠢ | ᠪᠠᠶᠢᠷᠢᠯᠠᠭᠤᠯᠤᠨ ᠬᠠᠮᠲᠤ ᠳᠤ ᠨᠢ ᠲᠥᠯᠥᠪᠵᠢᠭᠦᠯᠵᠦ ᠬᠠᠮᠲᠤ ᠳᠤ ᠨᠢ ᠨᠠᠶᠢᠳᠠᠪᠤᠷᠢᠵᠢᠭᠤᠯᠬᠤ ᠬᠡᠷᠡᠭᠲᠡᠢ᠃ ᠪᠡᠶ᠎ᠡ ᠶᠢᠨ | ᠲᠠᠮᠢᠷ ᠤᠨ ᠰᠠᠯᠠᠭ᠎ᠠ ᠮᠥᠴᠢᠷ ᠤᠳ ᠵᠣᠬᠢᠶᠠᠨ ᠪᠠᠶᠢᠭᠤᠯᠵᠤ ᠵᠣᠬᠢᠴᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠪᠥᠬᠦ | ᠠᠷᠠᠳ ᠤᠨ ᠪᠡᠶ᠎ᠡ ᠴᠢᠬᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠴᠢᠬᠢᠷᠠᠭ ᠤᠨ ᠭᠦᠨᠵᠡᠭᠡᠶ ᠠᠭᠤᠰᠤᠯᠴᠠᠬᠤ ᠶᠢ | ᠠᠬᠢᠭᠤᠯᠬᠤ ᠶᠠᠪᠤᠴᠠ ᠳᠤ ᠲᠤᠯᠭᠠᠷᠠᠭᠰᠠᠨ ᠴᠢᠬᠤᠯᠠ ᠶᠡᠭᠡ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠶ᠃ | ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠳ ᠪᠡᠶ᠎ᠡ ᠶᠢᠨ ᠲᠠᠮᠢᠷ ᠤᠨ ᠪᠡᠯᠡᠳᠬᠡᠮᠵᠢ ᠳᠤ ᠬᠡᠷᠡᠭᠯᠡᠬᠦ | ᠭᠠᠵᠠᠷ ᠢ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠪᠡ ᠪᠣᠯᠤᠨ ᠣᠨ ᠤ ᠬᠡᠷᠡᠭᠯᠡᠬᠦ | ᠭᠠᠵᠠᠷ ᠤᠨ ᠲᠥᠯᠥᠪᠯᠡᠭᠡ ᠳᠤ ᠪᠠᠨ ᠣᠷᠣᠭᠤᠯᠵᠤ᠂ ᠭᠠᠵᠠᠷ ᠰᠢᠷᠣᠶ ᠬᠡᠷᠡᠭᠯᠡᠬᠦ ᠭᠠᠵᠠᠷ ᠤᠨ ᠬᠡᠷᠡᠭᠴᠡᠭᠡ | ᠱᠠᠭᠠᠷᠳᠠᠯᠭ᠎ᠠ ᠶᠢ ᠵᠣᠬᠢᠰᠲᠠᠢ ᠲᠣᠬᠢᠷᠠᠭᠤᠯᠬᠤ ᠬᠡᠷᠡᠭᠲᠡᠶ᠃ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ᠂ | ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠰᠠᠯᠠᠭ᠎ᠠ ᠮᠥᠴᠢᠷ ᠨᠢ ᠪᠥᠬᠦ ᠠᠷᠠᠳ ᠤᠨ ᠪᠡᠶ᠎ᠡ | ᠴᠢᠬᠢᠷᠠᠭᠵᠢᠭᠤᠯᠬᠤ ᠬᠢᠭᠡᠳ ᠪᠥᠬᠦ ᠠᠷᠠᠳ ᠤᠨ ᠡᠷᠡᠭᠦᠯ ᠴᠢᠬᠢᠷᠠᠭ ᠤᠨ ᠲᠥᠷᠥᠯ ᠵᠦᠢᠯ ᠢ ᠣᠳᠣ ᠶᠢᠨ ᠬᠡᠷᠡᠭᠵᠢᠭᠦᠯᠵᠦ | ᠪᠠᠶᠢᠭ᠎ᠠ ᠲᠣᠭᠲᠠᠭᠠᠯ ᠳᠦᠷᠢᠮ᠂ ᠲᠥᠷᠥ ᠶᠢᠨ ᠪᠣᠳᠣᠯᠭ᠎ᠠ ᠳᠤ ᠠᠭᠤᠰᠤᠯᠴᠠᠭᠤᠯᠵᠤ᠂ ᠦᠨᠳᠦᠰᠦᠨ ᠱᠠᠲᠤᠨ ᠤ ᠣᠯᠠᠨ | ᠨᠡᠶᠢᠲᠡ ᠶᠢᠨ ᠦᠢᠯᠡᠴᠢᠯᠡᠭᠡᠨ ᠤ ᠴᠢᠳᠠᠮᠵᠢ ᠪᠠᠷ ᠪᠦᠷᠢᠨ ᠲᠡᠭᠦᠯᠳᠡᠷ ᠶᠡᠷᠦᠩᠬᠡᠶᠢᠯᠡᠭᠰᠡᠨ ᠴᠢᠨᠠᠷᠲᠠᠶ ᠠᠴᠢᠶᠠᠯᠠᠪᠤᠷᠢ ᠶᠢ | ᠪᠠᠶᠢᠭᠤᠯᠤᠨ᠂ ᠡᠷᠡᠭᠦᠯ ᠴᠢᠬᠢᠷᠠᠭ ᠢ ᠠᠬᠢᠭᠤᠯᠬᠤ ᠪᠠ ᠨᠠᠰᠤᠵᠢᠯ ᠤᠨ ᠦᠢᠯᠡᠴᠢᠯᠡᠭᠡᠨ ᠤ ᠲᠠᠯ᠎ᠠ ᠳᠠᠬᠢ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠠᠯᠠᠭ᠎ᠠ ᠮᠥᠴᠢᠷ ᠤᠳ ᠬᠠᠮᠲᠤᠷᠠᠨ | ᠬᠦᠳᠡᠯᠦᠯᠴᠡᠭᠰᠡᠨ ᠪᠠ ᠠᠭᠤᠰᠤᠯᠴᠠᠬᠤ ᠶᠢ ᠬᠠᠮᠲᠤ ᠪᠠᠷ ᠠᠬᠢᠭᠤᠯᠤᠭᠰᠠᠨ ᠠᠵᠢᠯ ᠤᠨ ᠲᠥᠯᠥᠪ ᠪᠠᠶᠢᠳᠠᠯ ᠢ ᠪᠤᠢ | ᠪᠣᠯᠭᠠᠬᠤ ᠬᠡᠷᠡᠭᠲᠡᠶ᠃ | ︵ᠭᠤᠷᠪᠠ︶ ᠬᠢᠨᠠᠯᠲᠠ ᠲᠠᠯᠪᠢᠵᠤ ᠦᠨᠡᠯᠡᠨ ᠵᠢᠱᠢᠬᠦ ᠠᠵᠢᠯ ᠢ ᠴᠢᠩᠳᠠᠯᠠᠨ᠎ᠠ᠃ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠬᠢᠨᠠᠯᠲᠠ ᠲᠠᠯᠪᠢᠵᠤ ᠬᠠᠮᠢᠶᠠᠷᠬᠤ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ | ᠮᠥᠴᠢᠷ ᠤᠨ ᠬᠢᠨᠠᠯᠲᠠ ᠲᠠᠯᠪᠢᠵᠤ ᠪᠠᠶᠢᠴᠠᠭᠠᠬᠤ ᠡᠭᠦᠷᠭᠡ ᠴᠢᠳᠠᠪᠤᠷᠢ ᠶᠢ ᠬᠠᠤᠯᠢ ᠶᠣᠰᠣᠭᠠᠷ ᠴᠢᠩᠭᠠᠷᠠᠭᠤᠯᠤᠨ᠂ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠴᠢᠬᠢᠷᠠᠭ ᠤᠨ ᠭᠦᠨᠵᠡᠭᠡᠢ ᠠᠭᠤᠰᠤᠯᠴᠠᠬᠤ ᠶᠢ | ᠤᠷᠤᠭᠰᠢᠲᠠᠶ ᠶᠠᠪᠤᠭᠳᠠᠭᠤᠯᠬᠤ ᠪᠠᠨ ᠦᠨᠡᠨ ᠬᠦ ᠪᠠᠲᠤᠯᠠᠬᠤ ᠬᠡᠷᠡᠭᠲᠡᠶ᠃ ᠭᠤᠷᠪᠠᠳᠠᠬᠢ ᠡᠲᠡᠭᠡᠳ ᠤᠨ ᠦᠨᠡᠯᠡᠨ ᠵᠢᠱᠢᠬᠦ | ᠲᠣᠭᠲᠠᠴᠠ ᠶᠢ ᠪᠠᠶᠢᠭᠤᠯᠵᠤ᠂ ᠭᠤᠷᠪᠠᠳᠠᠬᠢ ᠡᠲᠡᠭᠡᠳ ᠤᠨ ᠦᠨᠡᠯᠡᠨ ᠵᠢᠱᠢᠬᠦ ᠪᠠ ᠨᠡᠶᠢᠭᠡᠮ ᠤᠨ ᠬᠢᠨ ᠤ ᠰᠡᠳᠬᠢᠯ | ᠬᠠᠨᠤᠮᠵᠢᠲᠠᠶ ᠪᠠᠶᠢᠬᠤ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠯᠲᠠ ᠬᠢᠨ᠎ᠡ᠃ ᠡᠯ᠎ᠡ ᠱᠠᠲᠤᠨ ᠤ | ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠨᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠠᠢ | ᠬᠠᠮᠲᠤᠷᠠᠨ ᠲᠤᠰ ᠱᠠᠲᠤᠨ ᠤ ᠪᠠ ᠳᠣᠣᠷᠠᠳᠤ ᠱᠠᠲᠤᠨ ᠤ ᠠᠵᠢᠯ ᠤᠨ ᠠᠬᠢᠴᠠ ᠶᠢᠨ ᠪᠠᠶᠢᠳᠠᠯ ᠢ ᠬᠢᠨᠠᠨ ᠰᠢᠨᠵᠢᠵᠦ | ᠵᠠᠳᠠᠯᠤᠯᠲᠠ ᠬᠢᠵᠦ᠂ ᠠᠵᠢᠯ ᠤᠨ ᠲᠠᠯ᠎ᠠ ᠪᠠᠷ ᠬᠢ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤ ᠨᠢ ᠰᠤᠳᠤᠯᠤᠨ | ᠰᠢᠢᠳᠪᠦᠷᠢᠯᠡᠵᠦ᠂ ᠰᠠᠶᠢᠨ ᠬᠢᠳᠡᠯ ᠪᠣᠯᠣᠨ ᠰᠠᠶᠢᠨ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠬᠦ ᠶᠢᠨ ᠬᠠᠮᠲᠤ᠂ 2025 | ᠣᠨ ᠪᠠ 2030 ᠣᠨ ᠳᠤ ᠲᠤᠰ ᠭᠠᠵᠠᠷ ᠣᠷᠣᠨ ᠤ ᠬᠡᠷᠡᠭᠵᠢᠭᠦᠯᠦᠭᠰᠡᠨ ᠦᠷ᠎ᠡ ᠪᠦᠲᠦᠮᠵᠢ ᠳᠤ ᠳᠤᠮᠳᠠ | ᠬᠤᠭᠤᠴᠠᠭᠠᠨ ᠤ ᠦᠨᠡᠯᠡᠨ ᠵᠢᠱᠢᠯᠲᠡ ᠪᠠ ᠰᠡᠭᠦᠯᠴᠢ ᠶᠢᠨ ᠬᠤᠭᠤᠴᠠᠭᠠᠨ ᠤ ᠦᠨᠡᠯᠡᠨ ᠵᠢᠱᠢᠯᠲᠡ ᠬᠢᠵᠦ᠂ ᠦᠨᠡᠯᠡᠨ | ᠵᠢᠱᠢᠭᠰᠡᠨ ᠦᠷ᠎ᠡ ᠳ᠋ᠦᠩ ᠢ ᠬᠤᠷᠢᠶᠠᠩᠭᠤᠶᠢᠯᠠᠭᠰᠠᠨ ᠤ ᠳᠠᠷᠠᠭ᠎ᠠ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ | ᠪᠠ ᠳᠡᠭᠡᠳᠦ ᠱᠠᠲᠤᠨ ᠤ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃ |