ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠳᠣᠬᠠᠨ ᠳᠤ ᠪᠥᠬᠦ | ᠣᠷᠣᠨ ᠤ ᠬᠠᠪᠤᠷ ᠤᠨ ᠲᠠᠷᠢᠶᠠᠯᠠᠭ᠎ᠠ ᠶᠢᠨ ᠠᠵᠢᠯ ᠨᠢᠭᠡᠨᠲᠡ ᠶᠡᠭᠡ ᠬᠡᠪᠴᠢᠶ᠎ᠡ ᠪᠠᠷ ᠳᠠᠷᠢᠬᠤ ᠬᠤᠭᠤᠴᠠᠭᠠᠨ ᠳᠤ | ᠣᠷᠣᠵᠤ᠂ ᠣᠶᠢᠷ᠎ᠠ ᠶᠢᠨ ᠬᠤᠭᠤᠴᠠᠭᠠᠨ ᠤ ᠬᠤᠷ᠎ᠠ ᠲᠤᠨᠳᠠᠰᠤᠨ ᠤ ᠶᠠᠪᠤᠴᠠ ᠨᠢ ᠬᠥᠷᠥᠰᠥᠨ ᠤ ᠴᠢᠬᠢᠭ ᠢ | ᠬᠠᠮᠠᠭᠠᠯᠠᠬᠤ ᠵᠢᠴᠢ ᠨᠢᠭᠡᠨᠲᠡ ᠲᠠᠷᠢᠭᠰᠠᠨ ᠲᠠᠷᠢᠮᠠᠯ ᠤᠨ ᠨᠢᠯᠬ᠎ᠠ ᠴᠢᠬᠢ ᠶᠢᠨ ᠰᠣᠶᠣᠭᠠᠯᠠᠯ ᠳᠤ ᠨᠡᠯᠢᠶᠡᠳ ᠠᠰᠢᠭᠲᠠᠶ | ᠪᠠᠶᠢᠬᠤ ᠪᠣᠯᠬᠤᠷ ᠡᠯ᠎ᠡ ᠭᠠᠵᠠᠷ ᠤᠳ ᠭᠠᠵᠠᠷ ᠣᠷᠣᠨ ᠤ ᠪᠠᠶᠢᠳᠠᠯ ᠳᠤ ᠪᠠᠨ ᠳᠣᠭᠢᠷᠠᠭᠤᠯᠤᠨ᠂ ᠬᠤᠷ᠎ᠠ ᠲᠤᠨᠳᠠᠰᠤᠨ ᠤ | ᠴᠠᠭ ᠠᠭᠤᠷ ᠢ ᠠᠰᠢᠭᠯᠠᠨ ᠴᠢᠭᠢᠭ ᠢ ᠠᠮᠵᠢᠨ ᠳᠠᠷᠢᠵᠤ᠂ ᠬᠠᠪᠤᠷ ᠤᠨ ᠲᠠᠷᠢᠶᠠᠯᠠᠭ᠎ᠠ ᠶᠢᠨ ᠤᠷᠤᠭᠰᠢᠲᠠᠶ | ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠰᠠᠨᠠᠭᠤᠯᠵᠤ ᠪᠠᠶᠢᠨ᠎ᠠ᠃ | ᠣᠶᠢᠯᠠᠭᠠᠭᠰᠠᠨ ᠢᠶᠠᠷ᠂ ᠣᠳᠣᠬᠠᠨ ᠳᠤ ᠪᠥᠬᠦ ᠣᠷᠣᠨ ᠤ ᠬᠡᠪᠴᠢᠶᠡᠨ ᠠᠴᠠ ᠦᠵᠡᠪᠡᠯ ᠬᠠᠪᠤᠷ ᠤᠨ | ᠪᠣᠭᠤᠳᠠᠶ ᠶᠢ ᠪᠠᠷᠠᠭᠤᠨ ᠬᠡᠰᠡᠭ ᠤᠨ ᠶᠡᠬᠡᠩᠬᠢ ᠭᠠᠵᠠᠷ ᠣᠷᠣᠨ ᠳᠤ ᠳᠠᠷᠢᠵᠤ ᠳᠠᠭᠤᠰᠬᠠᠨ᠂ ᠵᠡᠭᠦᠨ ᠬᠡᠰᠡᠭ ᠤᠨ | ᠭᠠᠵᠠᠷ ᠣᠷᠣᠨ ᠳᠤ ᠨᠢᠭᠡᠨᠲᠡ ᠶᠡᠭᠡ ᠬᠡᠪᠴᠢᠶ᠎ᠡ ᠪᠠᠷ ᠳᠠᠷᠢᠬᠤ ᠬᠤᠭᠤᠴᠠᠭᠠᠨ ᠳᠤ ᠣᠷᠣᠵᠤ᠂ ᠪᠤᠭᠤᠲᠤ ᠬᠤᠲᠠ᠂ | ᠤᠯᠠᠭᠠᠨᠴᠠᠪ ᠬᠤᠲᠠ᠂ ᠤᠯᠠᠭᠠᠨᠬᠠᠳᠠ ᠬᠤᠲᠠ᠂ ᠲᠦᠩᠯᠢᠶᠣᠤ ᠬᠤᠲᠠ ᠲᠣᠰ ᠲᠣᠰ 7.3᠂ 47.3᠂ 4.9᠂ | 8.2 ᠲᠦᠮᠡᠨ ᠮᠥ ᠳᠠᠷᠢᠵᠤ᠂ ᠬᠥᠯᠥᠨ ᠪᠤᠶᠢᠷ ᠬᠤᠲᠠ ᠶᠢᠨ ᠳᠠᠪᠠᠭᠠᠨ ᠤ ᠵᠡᠭᠦᠨᠳᠡᠬᠢ ᠪᠣᠭᠤᠳᠠᠶ ᠲᠠᠷᠢᠭᠰᠠᠨ ᠲᠠᠯᠠᠪᠠᠶ | ᠨᠢᠭᠡᠨᠲᠡ 5.9 ᠲᠦᠮᠡᠨ ᠮᠥ ᠳᠤ ᠬᠦᠷᠴᠡᠶ︔ ᠡᠷᠳᠡᠨᠢ ᠰᠢᠰᠢ ᠶᠢ ᠪᠠᠷᠠᠭᠤᠨ ᠬᠡᠰᠡᠭ ᠵᠢᠴᠢ ᠵᠡᠭᠦᠨ ᠬᠡᠰᠡᠭ ᠤᠨ | ᠡᠮᠦᠨᠡᠬᠢ ᠲᠠᠷᠢᠶᠠᠯᠠᠬᠤ ᠣᠷᠣᠨ ᠳᠤ ᠳᠠᠷᠢᠵᠤ᠂ ᠪᠠᠶᠠᠨᠨᠠᠭᠤᠷ ᠬᠤᠲᠠ᠂ ᠤᠯᠠᠭᠠᠨᠴᠠᠪ ᠬᠤᠲᠠ᠂ ᠤᠯᠠᠭᠠᠨᠬᠠᠳᠠ ᠬᠤᠲᠠ | ᠲᠣᠰ ᠲᠣᠰ 1.2᠂ 0.7᠂ 0.3 ᠲᠦᠮᠡᠨ ᠮᠥ ᠳᠠᠷᠢᠪᠠ︔ ᠲᠥᠮᠥᠰᠥ ᠶᠢ ᠪᠠᠷᠠᠭᠤᠨ ᠬᠡᠰᠡᠭ ᠪᠣᠯᠤᠨ ᠵᠡᠭᠦᠨ | ᠡᠮᠦᠨᠡᠲᠦ ᠬᠡᠰᠡᠭ ᠤᠨ ᠭᠠᠵᠠᠷ ᠣᠷᠣᠨ ᠳᠤ ᠬᠡᠰᠡᠭ ᠪᠤᠰᠠᠭ ᠢᠶᠠᠷ ᠲᠠᠷᠢᠵᠤ᠂ ᠤᠯᠠᠭᠠᠨᠴᠠᠪ ᠬᠤᠲᠠ᠂ ᠤᠯᠠᠭᠠᠨᠬᠠᠳᠠ | ᠬᠤᠲᠠ᠂ ᠲᠦᠩᠯᠢᠶᠣᠤ ᠬᠤᠲᠠ ᠲᠣᠰ ᠲᠣᠰ 2᠂ 11.5᠂ 1.8 ᠲᠦᠮᠡᠨ ᠮᠥ ᠲᠠᠷᠢᠪᠠ᠃ ᠵᠢᠱᠢᠯᠲᠡ ᠪᠠᠷ ᠡᠷᠳᠡᠨᠢ | ᠰᠢᠰᠢ᠂ ᠲᠥᠮᠥᠰᠥ ᠪᠠ ᠰᠢᠷ᠎ᠠ ᠪᠤᠷᠴᠠᠭ ᠢ 4 ᠳ᠋ᠦ᠋ᠭᠡᠷ ᠰᠠᠷ᠎ᠠ ᠶᠢᠨ ᠰᠡᠭᠦᠯᠴᠢ ᠠᠴᠠ 5 ᠳ᠋ᠤᠭᠠᠷ ᠰᠠᠷ᠎ᠠ ᠶᠢᠨ ᠡᠬᠢᠨ | ᠪᠣᠯᠲᠠᠯ᠎ᠠ ᠶᠡᠭᠡ ᠬᠡᠪᠴᠢᠶ᠎ᠡ ᠪᠠᠷ ᠳᠠᠷᠢᠬᠤ ᠪᠣᠯᠤᠨ᠎ᠠ᠃ | ᠣᠳᠣᠬᠠᠨ ᠳᠤ᠂ ᠪᠣᠷᠣᠲᠣᠬᠤᠶ ᠶᠢᠨ ᠤᠰᠤᠯᠠᠯᠲᠠ ᠶᠢᠨ ᠣᠷᠣᠨ ᠪᠣᠯᠤᠨ ᠵᠡᠭᠦᠨ ᠬᠡᠰᠡᠭ ᠤᠨ ᠡᠮᠦᠨᠡᠬᠢ | ᠲᠠᠷᠢᠶᠠᠯᠠᠬᠤ ᠣᠷᠣᠨ ᠤ ᠬᠠᠪᠤᠷ ᠤᠨ ᠪᠣᠭᠤᠳᠠᠶ ᠶᠢᠨ ᠶᠡᠬᠡᠩᠬᠢ ᠬᠡᠰᠡᠭ ᠨᠢ ᠴᠢᠬᠢᠯᠡᠬᠦ ᠠᠴᠠ ᠭᠤᠷᠪᠠ ᠨᠠᠪᠴᠢᠯᠠᠬᠤ | ᠬᠤᠭᠤᠴᠠᠭᠠᠨ ᠳᠤ ᠣᠷᠣᠰᠢᠵᠤ᠂ ᠪᠠᠶᠠᠨᠨᠠᠭᠤᠷ ᠬᠤᠲᠠ ᠶᠢᠨ ᠳ᠋ᠧᠩᠺᠸᠤ ᠰᠢᠶᠠᠨ ᠤ ᠬᠢ ᠪᠤᠲᠠᠯᠠᠬᠤ ᠬᠤᠭᠤᠴᠠᠭᠠᠨ ᠳᠤ | ᠣᠷᠣᠰᠢᠵᠤ᠂ ᠪᠤᠰᠤᠳ ᠭᠠᠵᠠᠷ ᠣᠷᠣᠨ ᠨᠢ ᠮᠥᠨ ᠯᠡ ᠳᠠᠷᠢᠬᠤ ᠬᠤᠭᠤᠴᠠᠭᠠᠨ ᠳᠠᠭᠠᠨ ᠪᠠᠶᠢᠵᠤ᠂ ᠨᠢᠭᠡᠳᠦᠭᠡᠷ᠂ | ᠬᠤᠶᠠᠳᠤᠭᠠᠷ ᠲᠥᠷᠥᠯ ᠤᠨ ᠴᠢᠬᠢ ᠪᠠᠷ ᠭᠤᠣᠯᠯᠠᠵᠤ ᠪᠠᠶᠢᠨ᠎ᠠ᠃ | ᠶᠡᠷᠦᠩᠬᠡᠶ ᠳᠤ ᠨᠢ ᠠᠪᠴᠤ ᠦᠵᠡᠪᠡᠯ᠂ ᠣᠳᠣᠬᠠᠨ ᠤ ᠶᠡᠬᠡᠩᠬᠢ ᠬᠡᠰᠡᠭ ᠲᠠᠷᠢᠶᠠᠯᠠᠬᠤ ᠣᠷᠣᠨ ᠤ ᠠᠭᠠᠷ ᠤᠨ | ᠳᠤᠯᠠᠭᠠᠨ ᠳᠣᠣᠷ᠎ᠠ ᠪᠠᠶᠢᠵᠤ᠂ ᠨᠢᠭᠡᠨᠲᠡ ᠲᠠᠷᠢᠭᠰᠠᠨ ᠭᠠᠵᠠᠷ ᠣᠷᠣᠨ ᠳᠤ ᠴᠠᠭ ᠠᠭᠤᠷ ᠤᠨ ᠬᠤᠪᠢᠷᠠᠯᠲᠠ ᠶᠢ ᠨᠢᠭᠲᠠ | ᠠᠩᠬᠠᠷᠬᠤ ᠬᠡᠷᠡᠭᠲᠡᠶ︔ ᠳᠤᠮᠳᠠ ᠬᠡᠰᠡᠭ ᠪᠠᠷᠠᠭᠤᠨ ᠬᠡᠰᠡᠭ ᠤᠨ ᠭᠠᠵᠠᠷ ᠣᠷᠣᠨ ᠤ ᠬᠤᠷ᠎ᠠ ᠲᠤᠨᠳᠠᠰᠤ ᠴᠥᠭᠡᠨ᠂ | ᠬᠥᠷᠥᠰᠥᠨ ᠤ ᠴᠢᠭᠢᠭ ᠤᠨ ᠪᠠᠶᠢᠳᠠᠯ ᠠᠨᠠᠢ ᠭᠠᠵᠠᠷ ᠣᠷᠣᠨ ᠴᠠᠭ ᠠᠭᠤᠷ ᠤᠨ ᠪᠠᠶᠢᠳᠠᠯ ᠤᠨ ᠬᠥᠭᠵᠢᠯᠲᠡ | ᠬᠤᠪᠢᠷᠠᠯᠲᠠ ᠲᠠᠢ ᠤᠶᠠᠯᠳᠤᠭᠤᠯᠤᠨ᠂ ᠢᠳᠡᠪᠬᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠭᠠᠩ ᠬᠠᠭᠰᠠᠷᠠᠭᠠᠨ ᠲᠠᠢ | ᠲᠡᠮᠡᠴᠡᠬᠦ ᠠᠵᠢᠯ ᠢᠶᠠᠨ ᠴᠢᠩᠭᠠᠳᠬᠠᠬᠤ ᠬᠡᠷᠡᠭᠲᠡᠢ︔ ᠵᠡᠭᠦᠨ ᠬᠡᠰᠡᠭ ᠤᠨ ᠣᠷᠣᠨ ᠤ ᠬᠤᠷ᠎ᠠ ᠲᠤᠨᠳᠠᠰᠤᠨ ᠤ ᠠᠭᠤᠷ | ᠠᠮᠢᠰᠬᠤᠯ ᠨᠡᠯᠢᠶᠡᠳ ᠣᠯᠠᠨ ᠪᠣᠯᠬᠤᠷ ᠬᠤᠷ᠎ᠠ ᠲᠤᠨᠳᠠᠰᠤᠨ ᠤ ᠠᠭᠤᠷ ᠠᠮᠢᠰᠬᠤᠯ ᠤᠨ ᠨᠥᠬᠦᠴᠡᠯ ᠢ ᠠᠰᠢᠭᠯᠠᠨ | ᠴᠢᠬᠢᠭ ᠢ ᠵᠠᠪᠳᠤᠨ ᠲᠠᠷᠢᠵᠤ᠂ ᠬᠠᠪᠤᠷ ᠤᠨ ᠲᠠᠷᠢᠶᠠᠯᠠᠭ᠎ᠠ ᠶᠢᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ | ᠬᠡᠷᠡᠭᠲᠡᠶ᠃ |