ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ | ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶ ᠠᠴᠠ ᠣᠶᠢᠯᠠᠭᠠᠭᠰᠠᠨ ᠢᠶᠠᠷ᠂ ᠮᠠᠨ ᠤ ᠣᠷᠣᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠳᠠᠪᠤᠷᠢᠲᠠᠨ ᠤ ᠡᠩᠨᠡᠭᠡ ᠶᠢ ᠬᠥᠮᠦᠵᠢᠭᠦᠯᠬᠦ ᠶᠢ | ᠴᠢᠩᠭᠠᠳᠬᠠᠵᠤ᠂ ᠣᠯᠠᠨ ᠵᠦᠶᠯ ᠤᠨ ᠠᠷᠭ᠎ᠠ ᠪᠠᠷᠢᠯ ᠢᠶᠠᠷ ᠳᠠᠮᠵᠢᠭᠤᠯᠤᠨ ᠲᠤᠰᠬᠠᠶ ᠠᠰᠢᠭ ᠤᠨ ᠣᠷᠣᠯᠠᠨ | ᠭᠦᠶᠴᠡᠳᠬᠡᠭᠴᠢ ᠶᠢᠨ ᠰᠢᠯᠭᠠᠯᠲᠠ ᠳᠤ ᠦᠶᠯᠡᠴᠢᠯᠡᠭᠡᠨ ᠤ ᠠᠵᠢᠯ ᠢ ᠰᠠᠶᠢᠲᠤᠷ ᠬᠢᠵᠦ ᠪᠤᠢ᠃ | ᠲᠠᠨᠢᠯᠴᠠᠭᠤᠯᠤᠭᠰᠠᠨ ᠢᠶᠠᠷ᠂ 2017 ᠣᠨ ᠳᠤ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠲᠣᠪᠴᠢᠶ᠎ᠠ ᠠᠩᠬ᠎ᠠ ᠤᠳᠠᠭ᠎ᠠ ᠬᠥᠬᠡᠬᠤᠲᠠ ᠳᠤ ᠪᠥᠬᠦ ᠤᠯᠤᠰ ᠤᠨ ᠲᠤᠰᠬᠠᠶ ᠠᠰᠢᠭ ᠤᠨ ᠣᠷᠣᠯᠠᠨ | ᠭᠦᠶᠴᠡᠳᠬᠡᠭᠴᠢ ᠶᠢᠨ ᠬᠢᠷᠢ ᠬᠡᠮ ᠤᠨ ᠰᠢᠯᠭᠠᠯᠲᠠ ᠶᠢᠨ ᠴᠡᠭ ᠢ ᠪᠠᠶᠢᠭᠤᠯᠤᠭᠰᠠᠨ ᠠᠴᠠ ᠨᠠᠭᠠᠰᠢ᠂ ᠮᠠᠨ ᠤ ᠣᠷᠣᠨ | ᠰᠢᠯᠭᠠᠭᠤᠯᠤᠭᠴᠢ ᠳᠤ ᠰᠢᠯᠭᠠᠯᠲᠠ ᠶᠢᠨ ᠡᠮᠦᠨᠡᠬᠢ ᠪᠣᠯᠪᠠᠰᠤᠷᠠᠭᠤᠯᠤᠯ ᠤᠨ ᠠᠩᠭᠢ ᠶᠢ 3 ᠵᠢᠯ ᠳᠠᠷᠠᠭᠠᠯᠠᠨ ᠡᠷᠭᠢᠯᠡᠵᠦ᠂ | ᠮᠠᠨ ᠤ ᠣᠷᠣᠨ ᠤ ᠲᠤᠰᠬᠠᠶ ᠠᠰᠢᠭ ᠤᠨ ᠣᠷᠣᠯᠠᠨ ᠭᠦᠶᠴᠡᠳᠬᠡᠭᠴᠢ ᠴᠢᠳᠠᠪᠤᠷᠢᠲᠠᠨ ᠢ ᠬᠥᠮᠦᠵᠢᠭᠦᠯᠬᠦ ᠶᠢ | ᠬᠦᠴᠦᠲᠡᠶ ᠳᠥᠯᠭᠢᠨ ᠠᠬᠢᠭᠤᠯᠪᠠ᠃ 2019 ᠣᠨ ᠪᠣᠯ ᠲᠤᠰᠬᠠᠶ ᠠᠰᠢᠭ ᠤᠨ ᠣᠷᠣᠯᠠᠨ ᠭᠦᠶᠴᠡᠳᠬᠡᠭᠴᠢ ᠶᠢᠨ | ᠰᠢᠯᠭᠠᠯᠲᠠ ᠶᠢᠨ ᠲᠦᠷᠢᠮ ᠤᠨ ᠥᠭᠡᠷᠡᠴᠢᠯᠡᠯᠲᠡ ᠶᠢᠨ ᠳᠠᠷᠠᠭᠠᠬᠢ ᠠᠩᠬᠠᠨ ᠤ ᠰᠢᠯᠭᠠᠯᠲᠠ ᠪᠣᠯᠤᠨ᠎ᠠ᠂ ᠰᠢᠯᠭᠠᠯᠲᠠ | ᠳᠤ ᠨᠡᠷ᠎ᠡ ᠮᠡᠳᠡᠭᠦᠯᠬᠦ ᠪᠠᠷᠢᠮᠵᠢᠶ᠎ᠠ ᠶᠢ ᠪᠠᠭᠤᠷᠠᠭᠤᠯᠵᠤ᠂ ᠠᠵᠢᠯᠯᠠᠭᠰᠠᠨ ᠣᠨ ᠵᠢᠯ ᠤᠨ ᠬᠢᠵᠠᠭᠠᠷᠯᠠᠯ ᠢ ᠬᠦᠴᠦᠨ ᠥᠬᠡᠶ | ᠪᠣᠯᠭᠠᠪᠠ᠃ ᠪᠦᠷᠢᠳᠬᠡᠯ ᠢ ᠦᠨᠳᠦᠰᠦᠯᠡᠪᠡᠯ᠂ 2019 ᠣᠨ ᠤ ᠪᠥᠬᠦ ᠣᠷᠣᠨ ᠤ ᠲᠤᠰᠬᠠᠶ ᠠᠰᠢᠭ ᠤᠨ ᠣᠷᠣᠯᠠᠨ | ᠭᠦᠶᠴᠡᠳᠬᠡᠭᠴᠢ ᠶᠢᠨ ᠰᠢᠯᠭᠠᠯᠲᠠ ᠳᠤ ᠨᠡᠷ᠎ᠡ ᠮᠡᠳᠡᠭᠦᠯᠦᠭᠰᠡᠨ ᠬᠥᠮᠦᠨ ᠤ ᠲᠤᠭ᠎ᠠ 366 ᠪᠠᠶᠢᠵᠤ᠂ ᠳᠡᠭᠡᠷ᠎ᠡ ᠵᠢᠯ ᠤᠨ | ᠬᠢ ᠠᠴᠠ 88 ᠬᠥᠮᠦᠨ ᠨᠡᠮᠡᠭᠳᠡᠨ᠂ ᠠᠳᠠᠯᠢ ᠬᠤᠭᠤᠴᠠᠭᠠᠨ ᠤ ᠬᠢ ᠠᠴᠠ 32% ᠨᠡᠮᠡᠭᠳᠡᠪᠡ᠃ ᠥᠪᠡᠷᠲᠡᠭᠡᠨ | ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶ ᠣᠯᠠᠨ ᠵᠦᠶᠯ ᠤᠨ ᠠᠷᠭ᠎ᠠ ᠪᠠᠷᠢᠯ ᠢᠶᠠᠷ ᠰᠢᠯᠭᠠᠭᠤᠯᠤᠭᠴᠢ | ᠶᠢ ᠬᠠᠪᠰᠤᠷᠤᠨ ᠰᠢᠯᠭᠠᠯᠲᠠ ᠠᠴᠠ ᠡᠮᠦᠨᠡᠬᠢ ᠪᠡᠯᠡᠳᠬᠡᠯ ᠠᠵᠢᠯ ᠢ ᠰᠠᠶᠢᠲᠤᠷ ᠬᠢᠵᠦ᠂ ᠰᠢᠯᠭᠠᠯᠲᠠ ᠶᠢ ᠥᠩᠭᠡᠷᠡᠬᠦ | ᠨᠣᠷᠮ᠎ᠠ ᠶᠢ ᠳᠡᠭᠡᠭᠰᠢᠯᠡᠭᠦᠯᠪᠡ᠄ ᠪᠠᠯᠠ ᠮᠥᠩᠭᠦ ᠣᠷᠣᠭᠤᠯᠤᠨ ᠰᠢᠯᠭᠠᠯᠲᠠ ᠠᠴᠠ ᠡᠮᠦᠨᠡᠬᠢ ᠪᠣᠯᠪᠠᠰᠤᠷᠠᠭᠤᠯᠤᠯ ᠳᠤ | ᠬᠡᠷᠡᠭᠯᠡᠵᠦ᠂ ᠰᠢᠯᠭᠠᠯᠲᠠ ᠳᠤ ᠪᠡᠯᠡᠳᠬᠡᠬᠦ 160 ᠭᠠᠷᠤᠶ ᠢᠵᠢ ᠨᠣᠮ ᠪᠢᠴᠢᠭ ᠢ ᠰᠦᠶᠳᠬᠡᠯ ᠬᠤᠷᠢᠶᠠᠬᠤ ᠥᠬᠡᠶ ᠪᠠᠷ | ᠲᠠᠷᠬᠠᠭᠠᠪᠠ︔ ︽ᠲᠤᠰᠬᠠᠶ ᠠᠰᠢᠭ ᠤᠨ ᠣᠷᠣᠯᠠᠨ ᠭᠦᠶᠴᠡᠳᠬᠡᠭᠴᠢ ᠶᠢᠨ ᠰᠢᠯᠭᠠᠯᠲᠠ ᠶᠢᠨ ᠯᠠᠪᠯᠠᠭ᠎ᠠ ᠶᠢᠨ ᠰᠢᠭᠤᠳ | ᠤᠲᠠᠰᠤ︾ ᠨᠡᠭᠡᠭᠡᠬᠦ ᠶᠢᠨ ᠬᠠᠮᠲᠤ ᠮᠣᠩᠭᠤᠯ ᠬᠡᠯᠡᠨ ᠢᠶᠠᠷ ᠠᠰᠠᠭᠤᠨ ᠯᠠᠪᠯᠠᠬᠤ ᠦᠶᠯᠡᠴᠢᠯᠡᠭᠡ ᠬᠠᠩᠭᠠᠵᠤ᠂ ᠮᠣᠩᠭᠤᠯ | ᠦᠨᠳᠦᠰᠦᠲᠡᠨ ᠤ ᠰᠢᠯᠭᠠᠭᠤᠯᠤᠭᠴᠢᠳ ᠰᠠᠭᠠᠳ ᠥᠬᠡᠶ ᠰᠣᠯᠢᠯᠴᠠᠬᠤ ᠳᠤ ᠳᠦᠬᠦᠮ ᠦᠵᠡᠭᠦᠯᠪᠡ︔ ᠲᠤᠰᠬᠠᠶ | ᠠᠰᠢᠭ ᠤᠨ ᠣᠷᠣᠯᠠᠨ ᠭᠦᠶᠴᠡᠳᠬᠡᠭᠴᠢ ᠶᠢᠨ ᠰᠢᠯᠭᠠᠯᠲᠠ ᠶᠢᠨ ᠸᠢᠴᠠᠲ ᠤᠨ ᠴᠤᠭᠯᠠᠷᠠᠯ ᠢ ᠪᠠᠶᠢᠭᠤᠯᠵᠤ᠂ ᠬᠠᠮᠤᠭ | ᠤᠨ ᠰᠢᠨ᠎ᠡ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ ᠪᠠ ᠰᠢᠯᠭᠠᠯᠲᠠ ᠶᠢᠨ ᠮᠡᠳᠡᠭᠡ ᠵᠠᠩᠭᠢ ᠶᠢ ᠴᠠᠭ | ᠲᠣᠬᠠᠢ ᠳᠤ ᠨᠢ ᠨᠡᠶᠢᠲᠡᠯᠡᠵᠦ᠂ ᠰᠢᠯᠭᠠᠭᠤᠯᠤᠭᠴᠢ ᠳᠤ ᠲᠤᠶᠢᠯ ᠤᠨ ᠶᠡᠭᠡ ᠲᠥᠬᠦᠮ ᠦᠵᠡᠭᠦᠯᠪᠡ᠃ 2019 ᠣᠨ | ᠳᠤ ᠪᠥᠬᠦ ᠣᠷᠣᠨ ᠤ ᠨᠡᠶᠢᠲᠡ 26 ᠰᠢᠯᠭᠠᠭᠤᠯᠤᠭᠴᠢ ᠪᠥᠬᠦ ᠤᠯᠤᠰ ᠤᠨ ᠲᠤᠰᠬᠠᠶ ᠠᠰᠢᠭ ᠤᠨ ᠣᠷᠣᠯᠠᠨ | ᠭᠦᠶᠴᠡᠳᠬᠡᠭᠴᠢ ᠶᠢᠨ ᠬᠢᠷᠢ ᠬᠡᠮ ᠤᠨ ᠰᠢᠯᠭᠠᠯᠲᠠ ᠳᠤ ᠬᠢᠷᠢ ᠲᠡᠩᠴᠡᠭᠡᠳ᠂ ᠲᠤᠰᠬᠠᠶ ᠠᠰᠢᠭ ᠤᠨ ᠣᠷᠣᠯᠠᠨ | ᠭᠦᠶᠴᠡᠳᠬᠡᠭᠴᠢ ᠶᠢᠨ ᠬᠢᠷᠢ ᠬᠡᠮ ᠤᠨ ᠦᠨᠡᠮᠯᠡᠯ ᠢ ᠣᠯᠵᠠᠶ᠃ | ᠣᠶᠢᠯᠠᠭᠠᠭᠰᠠᠨ ᠢᠶᠠᠷ᠂ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ | ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠲᠣᠪᠴᠢᠶ᠎ᠠ︶ ᠨᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠳᠠᠪᠤᠷᠢᠲᠠᠨ ᠤ ᠡᠩᠨᠡᠭᠡ ᠶᠢ | ᠬᠥᠮᠥᠵᠢᠭᠦᠯᠬᠦ ᠶᠢ ᠦᠷᠭᠦᠯᠵᠢᠯᠡᠨ ᠴᠢᠩᠭᠠᠳᠬᠠᠵᠤ᠂ ᠣᠯᠠᠨ ᠵᠦᠶᠯ ᠤᠨ ᠠᠷᠭ᠎ᠠ ᠪᠠᠷᠢᠯ ᠢᠶᠠᠷ ᠳᠠᠮᠵᠢᠭᠤᠯᠤᠨ ᠲᠤᠰᠬᠠᠶ | ᠠᠰᠢᠭ ᠤᠨ ᠣᠷᠣᠯᠠᠨ ᠭᠦᠶᠴᠡᠳᠬᠡᠭᠴᠢ ᠴᠢᠳᠠᠪᠤᠷᠢᠲᠠᠨ ᠢ ᠬᠥᠮᠦᠵᠢᠭᠦᠯᠵᠦ᠂ ᠨᠠᠩ ᠣᠯᠠᠨ ᠲᠤᠰᠬᠠᠶ ᠮᠡᠷᠭᠡᠵᠢᠯ ᠤᠨ | ᠴᠢᠳᠠᠪᠤᠷᠢᠲᠠᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠶᠯᠡᠰ ᠲᠤ ᠣᠷᠣᠯᠴᠠᠬᠤ ᠶᠢ | ᠵᠣᠷᠢᠭᠵᠢᠭᠤᠯᠬᠤ ᠪᠣᠯᠣᠨ᠎ᠠ᠃ | |