ᠾᠧᠩ ᠰᠢᠶᠤᠤ ᠹᠠᠨ ᠠᠤᠬᠠᠨ ᠬᠤᠰᠢᠭᠤᠨ ᠳᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠬᠤ ᠳᠠᠭᠠᠨ ᠵᠢᠭᠠᠵᠤ ᠭᠠᠷᠭᠠᠭᠰᠠᠨ ᠨᠢ ᠭᠠᠵᠠᠷ ᠣᠷᠣᠨ ᠤ ᠪᠠᠶᠢᠳᠠᠯ ᠳᠤ ᠪᠠᠨ ᠲᠤᠬᠢᠷᠠᠭᠤᠯᠤᠨ ᠶᠠᠳᠠᠭᠤ ᠶᠢ ᠲᠡᠳᠬᠦᠬᠦ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠬᠦ ᠬᠡᠷᠡᠭᠲᠡᠢ ᠭᠡᠵᠡᠢ
ᠨᠡᠶᠢᠲᠡᠯᠡᠭᠰᠡᠨ ᠴᠠᠭ᠄
2020/4/23
     4 ᠳ᠋ᠦ᠋ᠭᠡᠷ ᠰᠠᠷ᠎ᠠ ᠶᠢᠨ 21᠎ ᠤ ᠡᠳᠦᠷ ᠠᠴᠠ 22᠎ ᠤᠨ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠾᠧᠩ ᠰᠢᠶᠤᠤ ᠹᠠᠨ ᠤᠯᠠᠭᠠᠨᠬᠠᠳᠠ ᠬᠤᠲᠠ ᠶᠢᠨ ᠠᠤᠬᠠᠨ ᠬᠤᠰᠢᠭᠤᠨ ᠳᠤ ᠬᠦᠷᠴᠦ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠤᠷᠢᠳ ᠬᠤᠵᠢᠳ ᠲᠦᠮᠡᠨ ᠮᠥ ᠪᠡᠯᠡᠳᠬᠡᠮᠵᠢᠲᠦ ᠲᠠᠷᠢᠶᠠᠯᠠᠩ ᠢᠶᠠᠷ ᠶᠠᠳᠠᠭᠤ ᠶᠢ ᠲᠡᠳᠬᠦᠬᠦ ᠠᠵᠤ ᠦᠶᠯᠡᠰ ᠤᠨ ᠬᠦᠷᠢᠶᠡᠯᠡᠩ ᠵᠡᠷᠭᠡ 7 ᠠᠵᠤ ᠦᠶᠯᠡᠰ ᠤᠨ ᠬᠦᠷᠢᠶᠡᠯᠡᠩ ᠳᠤ ᠭᠦᠨᠵᠡᠭᠡᠶᠢᠷᠡᠨ ᠶᠠᠳᠠᠭᠤ ᠎ ᠶᠢ ᠲᠡᠳᠬᠦᠬᠦ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ᠂ ᠦᠶᠯᠡᠳᠬᠦᠨ ᠤ ᠪᠣᠷᠣᠯᠠᠭᠤᠯᠤᠯᠲᠠ᠂ ᠠᠵᠤ ᠦᠶᠯᠡᠰ ᠤᠨ ᠬᠡᠯᠬᠢᠶ᠎ᠡ ᠶᠢ ᠤᠷᠲᠤᠳᠬᠠᠬᠤ᠂ ᠶᠠᠳᠠᠭᠤ ᠬᠦᠴᠢᠷᠳᠡᠯᠲᠡᠶ ᠲᠠᠷᠢᠶᠠᠴᠢᠨ ᠡᠷᠦᠬᠡ ᠶᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠶᠠᠳᠠᠭᠤ ᠬᠦᠴᠢᠷᠳᠡᠯᠲᠡᠶ ᠡᠷᠦᠬᠡ ᠶᠢᠨ ᠭᠡᠷ ᠲᠤ ᠭᠦᠨᠵᠡᠭᠡᠶᠢᠷᠡᠨ᠂ ᠦᠶᠯᠡᠳᠪᠦᠷᠢᠯᠡᠯ ᠠᠮᠢᠳᠤᠷᠠᠯ᠂ ᠤᠤᠭᠤᠬᠤ ᠤᠰᠤᠨ ᠤ ᠠᠮᠤᠷ ᠲᠦᠪᠰᠢᠨ᠂ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠎ ᠨᠢ ᠣᠶᠢᠯᠠᠭᠠᠪᠠ᠃ ᠯᠢᠨ ᠵᠢᠶᠠ ᠳ᠋ᠢ ᠲᠣᠰᠬᠤᠨ ᠤ ᠵᠥᠪᠯᠡᠯ ᠳᠤ ᠬᠦᠷᠴᠦ ᠲᠣᠰᠬᠤᠨ ᠳᠤ ᠰᠠᠭᠤᠵᠤ ᠪᠠᠶᠢᠭ᠎ᠠ ᠠᠵᠢᠯᠯᠠᠬᠤ ᠠᠩᠭᠢ ᠶᠢᠨ ᠠᠵᠢᠯ ᠢᠶᠠᠨ ᠦᠷᠨᠢᠭᠦᠯᠦᠭᠰᠡᠨ ᠪᠠᠶᠢᠳᠠᠯ ᠢ ᠨᠢ ᠣᠶᠢᠯᠠᠭᠠᠪᠠ᠃ ᠶᠠᠷᠢᠯᠴᠠᠬᠤ ᠬᠤᠷᠠᠯ ᠬᠤᠷᠠᠯᠳᠤᠭᠤᠯᠵᠤ᠂ ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠠᠵᠢᠯ ᠤᠨ ᠪᠠᠶᠢᠳᠠᠯ ᠢ ᠰᠣᠨᠣᠰᠴᠤ᠂ ᠣᠷᠣᠰᠢᠵᠤ ᠪᠠᠶᠢᠭ᠎ᠠ ᠠᠰᠠᠭᠤᠳᠠᠯ ᠢ ᠣᠶᠢᠯᠠᠭᠠᠨ᠂ ᠣᠯᠠᠨ ᠲᠠᠢ ᠬᠠᠮᠲᠤ ᠪᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠠᠷᠭ᠎ᠠ ᠬᠡᠮᠵᠢᠶ᠎ᠡ ᠶᠢ ᠰᠦᠪᠡᠭᠴᠢᠯᠡᠪᠡ᠃      ᠾᠧᠩ ᠰᠢᠶᠤᠤ ᠹᠠᠨ ᠵᠢᠭᠠᠵᠤ ᠭᠠᠷᠭᠠᠭᠰᠠᠨ ᠨᠢ᠂  ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠎ ᠤᠨ ᠪᠠᠶᠢᠳᠠᠯ ᠨᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠤ ᠥᠷᠢᠰᠥᠯᠳᠦᠭᠡᠨ ᠠᠪᠴᠢᠷᠠᠵᠤ᠂ ᠬᠦᠴᠢᠷ ᠎ ᠤᠨ ᠬᠡᠮᠵᠢᠶ᠎ᠡ ᠶᠢ ᠨᠡᠮᠡᠭᠳᠡᠭᠦᠯᠵᠡᠢ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤ ᠪᠠᠷ ᠢᠶᠠᠨ ᠲᠠᠷᠢᠬᠢ ᠲᠣᠯᠣᠭᠠᠶ ᠎ ᠪᠠᠨ ᠰᠡᠷᠭᠡᠭ ᠪᠠᠶᠢᠯᠭᠠᠵᠤ᠂ ᠶᠠᠳᠠᠭᠤ ᠠᠴᠠ ᠠᠩᠭᠢᠵᠢᠷᠠᠭᠤᠯᠬᠤ  ᠰᠢᠪᠲᠤᠯᠤᠯᠲᠠ ᠶᠢᠨ ᠪᠡᠷᠬᠡ ᠬᠠᠲᠠᠭᠤᠵᠢᠯᠲᠤ ᠴᠢᠨᠠᠷ ᠪᠠ ᠨᠠᠷᠢᠨ ᠪᠣᠳᠣᠯᠢᠶᠠᠨᠲᠠᠢ ᠴᠢᠨᠠᠷ ᠢ ᠭᠦᠶᠴᠡᠳ ᠲᠠᠨᠢᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠬᠠᠷᠢᠴᠠᠭ᠎ᠠ ᠶᠢ ᠵᠥᠪ ᠰᠢᠶᠳᠪᠦᠷᠢᠯᠡᠵᠦ᠂ ᠭᠠᠵᠠᠷ ᠣᠷᠣᠨ ᠤ ᠪᠠᠶᠢᠳᠠᠯ ᠳᠤ ᠪᠠᠨ ᠳᠣᠭᠢᠷᠠᠭᠤᠯᠤᠨ ᠶᠠᠳᠠᠭᠤ ᠶᠢ ᠲᠡᠳᠬᠦᠬᠦ ᠠᠵᠤ ᠦᠶᠯᠡᠰ ᠤᠨ ᠬᠥᠭᠵᠢᠯᠲᠡ ᠶᠢ ᠲᠦᠷᠭᠡᠳᠬᠡᠵᠦ᠂ ᠬᠢᠵᠢᠭ ᠤᠨ ᠪᠠᠶᠢᠳᠠᠯ ᠤᠨ ᠨᠥᠯᠥᠭᠡ ᠶᠢ ᠴᠢᠷᠮᠠᠶᠢᠨ ᠢᠯᠠᠨ ᠳᠠᠪᠠᠵᠤ᠂ ᠠᠶᠤᠯ ᠲᠦᠭᠰᠢᠭᠦᠷᠢ ᠶᠢ ᠠᠵᠠ ᠲᠣᠬᠢᠶᠠᠯ ᠪᠣᠯᠭᠠᠨ᠂ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ ᠺᠠᠳ᠋ᠷ ᠎ ᠤᠨ ᠰᠤᠷᠲᠠᠯ ᠤᠨ  ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠡᠯ᠎ᠡ ᠵᠦᠶᠯ ᠤᠨ ᠬᠠᠷᠠᠯᠲᠠ ᠶᠢᠨ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠬᠡᠷᠡᠭᠲᠡᠢ ᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号