ᠰᠦ ᠰᠠᠭᠠᠯᠢ ᠶᠢᠨ ᠦᠢᠯᠡᠰ ᠤᠨ ᠦᠷᠨᠢᠬᠦᠨ ᠬᠦᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ᠢ ᠳᠠᠷᠤᠮᠠᠯᠯᠠᠨ ᠶᠠᠪᠤᠭᠤᠯᠬᠤ ᠲᠤᠬᠠᠢ ᠦᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2020/4/23
                ᠥᠪᠥᠷ ᠵᠠᠰᠠᠭ ᠠᠯᠪᠠᠨ ᠲᠠᠷᠬᠠᠭᠠᠭᠰᠠᠨ ﹇2019﹈ 33 ᠳ᠋ᠤᠭᠠᠷ ᠲᠤᠭᠠᠳᠤ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ︽ᠰᠦ ᠰᠠᠭᠠᠯᠢ ᠶᠢᠨ ᠦᠢᠯᠡᠰ ᠤᠨ ᠦᠷᠨᠢᠬᠦᠨ ᠬᠦᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾᠎ ᠢ ᠥᠪᠡᠷᠲᠡᠭᠡᠡ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠭᠡᠳ᠂ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠳᠦᠭᠡᠢ᠃          ᠰᠦ ᠰᠠᠭᠠᠯᠢ ᠶᠢᠨ ᠦᠢᠯᠡᠰ ᠤᠨ ᠦᠷᠨᠢᠬᠦᠨ ᠬᠦᠭᠵᠢᠯᠲᠡ ᠶᠢ ᠠᠬᠢᠭᠤᠯᠬᠤ          ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ      2025 ᠣᠨ ᠳᠤ ᠮᠠᠨ ᠤ ᠣᠷᠣᠨ ᠤ ᠰᠠᠭᠠᠯᠢ ᠶᠢᠨ ᠮᠠᠯ ᠤᠨ ᠲᠤᠭ᠎ᠠ ᠲᠣᠯᠣᠭᠠᠢ ᠶᠢ 350 ᠲᠦᠮᠡ ᠪᠣᠯᠭᠠᠬᠤ ᠪᠠ ᠰᠦ ᠰᠠᠭᠠᠯᠢ ᠶᠢᠨ ᠭᠠᠷᠤᠯᠲᠠ ᠶᠢ 1000 ᠲᠦᠮᠡᠨ ᠳᠤᠨ ᠳᠤ ᠬᠦᠷᠭᠡᠬᠦ ᠬᠠᠷᠠᠯᠲᠠ ᠶᠢ ᠪᠠᠲᠤᠯᠠᠬᠤ ᠶᠢᠨ ᠲᠤᠰᠠᠳᠠ᠂ ᠡᠳᠦᠭᠡ ᠰᠦ ᠰᠠᠭᠠᠯᠢ ᠶᠢᠨ ᠦᠢᠯᠡᠰ ᠤᠨ ᠦᠷᠨᠢᠬᠦᠨ ᠬᠦᠭᠵᠢᠯᠲᠡ ᠶᠢ ᠠᠬᠢᠭᠤᠯᠬᠤ ᠪᠠᠷ ᠳᠣᠣᠷᠠᠬᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠪᠠ᠃      ᠨᠢᠭᠡ᠂ ᠲᠠᠷᠢᠵᠤ ᠤᠷᠭᠤᠭᠤᠯᠬᠤ ᠪᠠ ᠠᠷᠠᠴᠢᠯᠠᠨ ᠲᠡᠵᠢᠭᠡᠬᠦ ᠶᠢ ᠤᠶᠠᠯᠳᠤᠭᠤᠯᠬᠤ ᠡᠷᠴᠢᠮ ᠢᠶᠠᠨ ᠴᠢᠩᠭᠠᠷᠠᠭᠤᠯᠤᠨ᠎ᠠ      ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠢ ᠶᠢᠨ ᠡᠷᠳᠡᠨᠢ ᠰᠢᠰᠢ᠂ ᠴᠠᠷᠭᠠᠰᠤ ᠵᠡᠷᠭᠡ ᠲᠡᠵᠢᠭᠡᠯ ᠡᠪᠡᠰᠦ ᠪᠣᠷᠳᠤᠭ᠎ᠠ ᠲᠠᠷᠢᠵᠤ ᠬᠠᠳᠤᠵᠤ ᠬᠤᠷᠢᠶᠠᠨ ᠬᠠᠳᠠᠭᠠᠯᠠᠵᠤ ᠳᠠᠷᠤᠰᠢᠭᠤᠯᠬᠤ ᠶᠢ ᠢᠳᠡᠪᠬᠢᠲᠡᠢ ᠳᠡᠮᠵᠢᠨ᠎ᠡ᠃ ᠤᠯᠤᠰ ᠠᠴᠠ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠲᠤᠷᠰᠢᠯᠲᠠ ᠶᠢᠨ ᠴᠡᠭ ᠤᠨ ᠲᠥᠷᠥᠯ ᠵᠦᠢᠯ ᠳᠤ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠢ ᠪᠣᠯᠣᠨ ᠰᠠᠭᠠᠯᠢ ᠶᠢᠨ ᠮᠠᠯᠴᠢᠨ ᠤ ᠬᠤᠷᠰᠢᠶᠠᠯᠠᠯ ᠳᠤ ᠡᠩ ᠲᠡᠷᠢᠭᠦᠨ ᠳᠤ ᠨᠡᠮᠡᠭᠦᠷᠢ ᠥᠭᠭᠦᠨ᠎ᠡ᠂ ᠲᠤᠷᠰᠢᠯᠲᠠ ᠶᠢᠨ ᠴᠡᠭ ᠤᠨ ᠲᠥᠷᠥᠯ ᠵᠦᠢᠯ ᠳᠤ ᠥᠯᠥ ᠬᠠᠮᠤᠷᠤᠭᠳᠠᠬᠤ ᠪᠣᠰᠣᠳ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠪᠣᠯᠣᠨ ᠰᠠᠭᠠᠯᠢ ᠶᠢᠨ ᠮᠠᠯᠴᠢᠨ ᠤ ᠬᠤᠷᠰᠢᠶᠠᠯᠠᠯ᠂ ᠬᠠᠳᠤᠵᠤ ᠬᠤᠷᠢᠶᠠᠨ ᠬᠠᠳᠠᠭᠠᠯᠠᠬᠤ ᠲᠡᠵᠢᠭᠡᠯ ᠡᠪᠡᠰᠦ ᠪᠣᠷᠳᠤᠭ᠎ᠠ ᠶᠢᠨ ᠳᠤᠨ ᠪᠦᠷᠢ ᠳᠤ 50 ᠲᠥᠭᠦᠷᠢᠭ ᠤᠨ ᠨᠡᠮᠡᠭᠦᠷᠢ ᠥᠭᠭᠦᠨ᠎ᠡ᠂ ᠡᠭᠦᠨ ᠳᠤ ᠥᠪᠡᠷᠲᠡᠭᠡᠨ ᠵᠠᠰᠠᠬᠤ ᠣᠷᠣᠨ ᠠᠴᠠ ᠳᠤᠨ ᠪᠦᠷᠢ ᠳᠤ 30 ᠲᠥᠭᠦᠷᠢᠭ ᠤᠨ ᠨᠡᠮᠡᠭᠦᠷᠢ ᠥᠭᠴᠦ᠂ ᠠᠶᠢᠮᠠᠭ ᠬᠤᠲᠠ ᠠᠴᠠ 20 ᠲᠥᠭᠦᠷᠢᠭ ᠤᠨ ᠨᠡᠮᠡᠭᠦᠷᠢ ᠲᠥᠬᠦᠷᠵᠢᠭᠦᠯᠦᠨ ᠥᠭᠭᠦᠨ᠎ᠡ᠃ ᠰᠢᠯᠢᠳᠡᠭ ᠴᠢᠨᠠᠷᠲᠠᠢ ᠴᠠᠷᠭᠠᠰᠤ ᠶᠢ 500 ᠮᠦ ᠠᠴᠠ ᠳᠡᠭᠡᠭᠰᠢ ᠲᠥᠪᠯᠡᠷᠡᠭᠦᠯᠦᠨ ᠵᠠᠯᠭᠠᠯᠳᠤᠭᠤᠯᠵᠤ ᠲᠠᠷᠢᠭᠰᠠᠨ᠂ ᠤᠰᠤ ᠠᠷᠪᠢᠯᠠᠬᠤ ᠤᠰᠤᠯᠠᠯᠲᠠ ᠪᠣᠯᠣᠨ ᠮᠧᠬᠠᠨᠢᠬᠵᠢᠭᠤᠯᠤᠭᠰᠠᠨ ᠬᠠᠳᠤᠵᠤ ᠬᠤᠷᠢᠶᠠᠨ ᠬᠠᠳᠠᠭᠠᠯᠠᠬᠤ ᠨᠦᠬᠦᠴᠡᠯ ᠪᠦᠷᠢᠯᠳᠦᠭᠦᠯᠦᠭᠰᠡᠨ ᠤ ᠬᠠᠮᠲᠤ᠂ ᠣᠷᠣᠨ ᠤ ᠳᠣᠲᠣᠷᠠᠬᠢ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠢ ᠡᠷᠦᠬᠡ ᠯᠦᠭᠡ ᠬᠤᠳᠠᠯᠳᠤᠨ ᠠᠪᠴᠤ ᠪᠣᠷᠤᠯᠠᠭᠤᠯᠬᠤ ᠭᠡᠷ᠎ᠡ ᠪᠠᠶᠢᠭᠤᠯᠤᠭᠰᠠᠨ ᠲᠠᠷᠢᠵᠤ ᠤᠷᠭᠤᠭᠤᠯᠬᠤ ᠡᠷᠦᠬᠡ᠂ ᠲᠠᠷᠢᠵᠤ ᠲᠡᠵᠢᠭᠡᠬᠦ ᠶᠢ ᠤᠶᠠᠯᠳᠤᠭᠤᠯᠤᠭᠰᠠᠨ ᠡᠷᠦᠬᠡ ᠵᠢᠴᠢ ᠲᠠᠷᠢᠵᠤ ᠤᠷᠭᠤᠭᠤᠯᠬᠤ ᠠᠵᠤ ᠠᠬᠤᠶᠢᠯᠠᠯ ᠳᠤ᠂ ᠮᠦ ᠪᠦᠷᠢ ᠳᠤ 600 ᠲᠥᠭᠦᠷᠢᠭ ᠤᠨ ᠪᠠᠷᠢᠮᠵᠢᠶ᠎ᠠ ᠶᠣᠰᠤᠭᠠᠷ ᠨᠡᠮᠡᠭᠦᠷᠢ ᠣᠯᠭᠤᠨ᠎ᠠ᠃      ᠬᠤᠶᠠᠷ᠂ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠪᠡᠯᠡᠳᠭᠡᠮᠵᠢ ᠲᠣᠨᠤᠭ ᠲᠥᠬᠦᠭᠡᠷᠦᠮᠵᠢ ᠶᠢᠨ ᠨᠡᠮᠡᠭᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ      ᠲᠠᠷᠢᠶᠠᠯᠠᠩ ᠤᠨ ᠮᠠᠰᠢᠨ ᠤ ᠨᠡᠮᠡᠭᠦᠷᠢ ᠥᠭᠬᠦ ᠭᠠᠷᠴᠠᠭ ᠢ ᠲᠣᠬᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠢ ᠳᠤ ᠪᠦᠬᠦᠯᠢ ᠡᠳᠦᠷ ᠤᠨ ᠬᠤᠯᠢᠮᠠᠭ ᠠᠮᠤ ᠪᠣᠷᠳᠣᠭᠠᠨ ︵TMR︶᠎ ᠤ ᠲᠦᠬᠦᠭᠡᠷᠦᠮᠵᠢ ᠬᠤᠳᠠᠯᠳᠤᠨ ᠠᠪᠬᠤ ᠵᠢᠴᠢ ᠪᠣᠰᠣᠳ ᠲᠡᠵᠢᠭᠡᠨ ᠦᠷᠡᠵᠢᠭᠦᠯᠬᠦ᠂ ᠲᠡᠵᠢᠭᠡᠯ ᠡᠪᠡᠰᠦ ᠪᠣᠷᠳᠤᠭ᠎ᠠ ᠬᠠᠳᠤᠵᠤ ᠬᠤᠷᠢᠶᠠᠨ ᠠᠪᠴᠤ ᠡᠳ᠋ᠰᠢᠭᠦᠯᠦᠨ ᠨᠦᠬᠡᠴᠡᠯᠡᠬᠦ ᠮᠧᠬᠠᠨᠢᠭ᠂ ᠰᠢᠬᠢᠭ ᠰᠠᠩᠭᠠᠰᠤ ᠶᠢ ᠰᠢᠢᠳᠪᠦᠷᠢᠯᠡᠬᠦ ᠲᠣᠨᠤᠭ ᠲᠦᠬᠦᠭᠡᠷᠦᠮᠵᠢ ᠮᠠᠰᠢᠨ ᠬᠡᠷᠡᠭᠰᠡᠯ ᠵᠡᠷᠭᠡ ᠪᠦᠬᠦ ᠶᠠᠪᠤᠴᠠ ᠪᠠᠷ ᠠᠵᠢᠯᠯᠠᠬᠤ ᠮᠠᠰᠢᠨ ᠬᠡᠷᠡᠭᠰᠡᠯ ᠢ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠡᠮᠡᠭᠦᠷᠢ ᠶᠢᠨ ᠭᠠᠷᠴᠠᠭ ᠤᠨ ᠬᠡᠪᠴᠢᠶᠡᠨ ᠳᠤ ᠣᠷᠤᠭᠤᠯᠵᠤ᠂ ᠴᠢᠯᠦᠭᠡᠲᠡᠢ ᠨᠡᠮᠡᠭᠦᠷᠢ ᠥᠭᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠰᠠᠭᠠᠬᠤ ᠮᠧᠬᠠᠨᠢᠭ ᠤᠨ ᠭᠠᠭᠴᠠ ᠬᠡᠷᠡᠭᠯᠡᠭᠡᠨ ᠲᠠᠢ ᠮᠠᠰᠢᠨ ᠤ ᠨᠡᠮᠡᠭᠦᠷᠢ ᠶᠢ ᠬᠠᠮᠤᠭ ᠦᠨᠳᠦᠷ ᠲᠤ ᠪᠠᠨ 12 ᠲᠦᠮᠡᠨ ᠲᠦᠭᠦᠷᠢᠭ ᠪᠣᠯᠲᠠᠯ᠎ᠠ ᠳᠡᠭᠡᠭᠰᠢᠯᠡᠭᠦᠯᠵᠦ᠂ ᠳᠠᠷᠤᠰᠢᠭᠤᠯᠬᠤ ᠪᠠᠷ ᠬᠠᠳᠤᠵᠤ ᠬᠤᠷᠢᠶᠠᠨ ᠠᠪᠬᠤ ᠮᠠᠰᠢᠨ ᠬᠡᠷᠡᠭᠰᠡᠯ ᠤᠨ ᠭᠠᠭᠴᠠ ᠬᠡᠷᠡᠭᠯᠡᠭᠡᠨ ᠲᠠᠢ ᠮᠠᠰᠢᠨ ᠤ ᠨᠡᠮᠡᠭᠦᠷᠢ ᠶᠢ ᠬᠠᠮᠤᠭ ᠦᠨᠳᠦᠷ ᠲᠤ ᠪᠠᠨ 15 ᠲᠦᠮᠡᠨ ᠲᠦᠭᠦᠷᠢᠭ ᠪᠣᠯᠲᠠᠯ᠎ᠠ ᠳᠡᠭᠡᠭᠰᠢᠯᠡᠭᠦᠯᠦᠨ᠎ᠡ᠃ ᠮᠠᠯᠵᠢᠬᠤ ᠣᠷᠣᠨ ᠤ ᠰᠠᠭᠠᠯᠢ ᠶᠢᠨ ᠮᠠᠯ ᠠᠷᠠᠴᠢᠯᠠᠨ ᠲᠡᠵᠢᠭᠡᠬᠦ ᠭᠡᠷ ᠪᠦᠯᠢ ᠶᠢᠨ ᠮᠠᠯᠵᠢᠯ ᠤᠨ ᠲᠠᠯᠠᠪᠠᠢ᠂ ᠰᠠᠭᠠᠯᠢ ᠶᠢᠨ ᠮᠠᠯᠴᠢᠨ ᠤ ᠬᠤᠷᠰᠢᠶᠠᠯᠠᠯ ᠤᠨ ᠮᠠᠯ ᠠᠵᠤ ᠠᠬᠤᠢ ᠶᠢᠨ ᠮᠠᠰᠢᠨ ᠬᠡᠷᠡᠭᠰᠡᠯ ᠬᠤᠳᠠᠯᠳᠤᠨ ᠠᠪᠬᠤ ᠨᠡᠮᠡᠭᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠲᠥᠪ ᠤᠨ ᠡᠳ᠋ ᠤᠨ ᠵᠠᠰᠠᠭ ᠠᠴᠠ ᠥᠭᠬᠦ ᠨᠡᠮᠡᠭᠦᠷᠢ ᠶᠢᠨ 30 %᠎ ᠶᠢᠨ ᠰᠠᠭᠤᠷᠢᠨ ᠳᠡᠭᠡᠷ᠎ᠡ᠂ 50% ᠪᠣᠯᠲᠠᠯ᠎ᠠ ᠳᠡᠭᠡᠭᠰᠢᠯᠡᠭᠦᠯᠦᠨ᠎ᠡ᠃ ᠮᠠᠯᠵᠢᠬᠤ ᠣᠷᠣᠨ ᠤ ᠰᠠᠭᠠᠬᠤ ᠮᠧᠬᠠᠨᠢᠭ ᠪᠠ ᠳᠠᠷᠤᠰᠢᠭᠤᠯᠬᠤ ᠪᠠᠷ ᠬᠠᠳᠤᠵᠤ ᠬᠤᠷᠢᠶᠠᠨ ᠠᠪᠬᠤ ᠮᠠᠰᠢᠨ ᠬᠡᠷᠡᠭᠰᠡᠯ ᠤᠨ ᠭᠠᠭᠴᠠ ᠬᠡᠷᠡᠭᠯᠡᠭᠡᠨ ᠲᠠᠢ ᠮᠠᠰᠢᠨ ᠤ ᠬᠠᠮᠤᠭ ᠦᠨᠳᠦᠷ ᠨᠡᠮᠡᠭᠦᠷᠢ ᠶᠢᠨ ᠬᠡᠮᠵᠢᠶ᠎ᠡ ᠶᠢ 20 ᠲᠦᠮᠡᠨ ᠲᠥᠭᠦᠷᠢᠭ ᠪᠣᠯᠲᠠᠯ᠎ᠠ ᠳᠡᠭᠡᠭᠰᠢᠯᠡᠭᠦᠯᠦᠨ᠎ᠡ᠃      ᠭᠤᠷᠪᠠ᠂ ᠦᠷ᠎ᠡ ᠡᠭᠦᠯᠳᠡᠷ ᠤᠨ ᠢᠷᠡᠯᠲᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ      ᠭᠤᠣᠯᠯᠠᠠᠬᠤ ᠦᠷ᠎ᠡ ᠡᠭᠦᠯᠳᠡᠷ ᠪᠤᠶᠢᠵᠢᠭᠤᠯᠬᠤ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠂ ᠡᠭᠦᠯᠳᠡᠷ ᠪᠤᠶᠢᠵᠢᠭᠤᠯᠬᠤ ᠠᠵᠤ ᠠᠬᠤᠶᠢᠯᠠᠯ ᠤᠨ ᠪᠣᠬ᠎ᠠ ᠠᠷᠠᠴᠢᠯᠠᠬᠤ ᠦᠷᠲᠡᠭᠡ ᠬᠢᠭᠡᠳ ᠡᠭᠦᠯᠳᠡᠷ ᠤᠨ ᠦᠨᠢᠶ᠎ᠡ ᠠᠷᠠᠴᠢᠯᠠᠬᠤ ᠲᠠᠯᠠᠪᠠᠢ ᠬᠤᠯᠪᠣᠭᠠᠯᠠᠨ ᠡᠭᠦᠯᠳᠡᠷ ᠪᠤᠶᠢᠵᠢᠭᠤᠯᠬᠤ ᠶᠢ ᠨᠢ ᠳᠡᠮᠵᠢᠵᠦ᠂ ᠡᠭᠦᠯᠳᠡᠷ ᠪᠤᠶᠢᠵᠢᠭᠤᠯᠬᠤ ᠬᠢᠷᠢ ᠲᠦᠪᠰᠢᠨ ᠢ ᠨᠢ ᠳᠡᠭᠡᠭᠰᠢᠯᠡᠭᠦᠯᠦᠨ᠎ᠡ᠃ ᠰᠠᠭᠠᠯᠢ ᠶᠢᠨ ᠦᠨᠢᠶ᠎ᠡ ᠪᠣᠯᠣᠨ ᠰᠦ ᠠᠯᠠᠰᠢᠨ ᠤ ᠬᠤᠣᠰ ᠬᠡᠷᠡᠭᠴᠡᠭᠡᠨ ᠤ ᠦᠬᠡᠷ ᠡᠭᠦᠯᠳᠡᠷ ᠤᠨ ᠮᠠᠯ ᠵᠢᠭᠦᠷᠲᠡᠨ ᠦᠢᠯᠡᠳᠪᠦᠷᠢᠯᠡᠵᠦ ᠡᠵᠡᠩᠨᠡᠬᠦ ᠵᠦᠪᠰᠢᠶᠡᠷᠡᠯ ᠤᠨ ᠦᠨᠡᠮᠯᠡᠯ ᠲᠠᠢ᠂ ᠣᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠰᠠᠶᠢᠨ ᠡᠭᠦᠯᠳᠡᠷ ᠲᠤ ᠲᠣᠭᠠᠴᠠᠭᠳᠠᠬᠤ ᠪᠣᠬ᠎ᠠ ᠶᠢ ᠪᠤᠶᠢᠵᠢᠭᠤᠯᠤᠭᠰᠠᠨ ᠪᠠᠶᠢᠬᠤ ᠶᠢᠨ ᠬᠠᠮᠲᠤ᠂ ᠰᠢᠯᠭᠠᠨ ᠬᠢᠨᠠᠬᠤ ᠪᠠᠷ ᠳᠠᠮᠵᠢᠭᠤᠯᠵᠤ ᠪᠠᠷᠢᠮᠵᠢᠶ᠎ᠠ ᠳᠤ ᠨᠡᠶᠢᠴᠡᠭᠦᠯᠵᠦ ᠡᠭᠦᠯᠳᠡᠷ ᠪᠤᠶᠢᠵᠢᠭᠤᠯᠤᠭᠰᠠᠨ ᠠᠵᠤ ᠠᠬᠤᠶᠢᠯᠠᠯ ᠪᠦᠷᠢ ᠳᠤ᠂ ᠵᠢᠯ ᠪᠦᠷᠢ ᠳᠤᠮᠳᠠᠴᠢ ᠪᠠᠷ 1000 ᠲᠦᠮᠡᠨ ᠲᠥᠭᠦᠷᠢᠭ ᠤᠨ ᠨᠦᠬᠦᠪᠦᠷᠢ ᠥᠭᠴᠦ ᠱᠠᠩᠨᠠᠨ᠎ᠠ᠃ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ ᠡᠷᠦᠬᠡ ᠳᠤ ᠪᠣᠳᠤᠭᠲᠤ ᠴᠣᠭᠴᠠ ᠪᠠᠷ ᠨᠢ ᠡᠵᠡᠮᠰᠢᠭᠰᠡᠨ ᠰᠢᠯᠢᠳᠡᠭ ᠴᠢᠨᠠᠷᠲᠠᠢ ᠢᠴᠡᠭᠡᠯ ᠦᠷ᠎ᠡ ᠶᠢ ᠠᠰᠢᠭᠯᠠᠨ ᠬᠡᠷᠡᠭᠯᠡᠪᠡᠯ ᠨᠡᠮᠡᠭᠦᠷᠢ ᠥᠭᠴᠦ᠂ ᠦᠨᠢᠶᠡᠨ ᠤ ᠦᠷᠡᠵᠢᠯᠲᠡ ᠶᠢ ᠲᠦᠷᠭᠡᠳᠭᠡᠨ᠂ ᠰᠠᠭᠠᠯᠢ ᠶᠢᠨ ᠦᠨᠢᠶᠡᠨ ᠰᠦᠷᠦᠭ ᠤᠨ ᠨᠡᠮᠡᠭᠳᠡᠬᠦ ᠶᠢ ᠠᠬᠢᠭᠤᠯᠤᠨ᠎ᠠ᠂ ᠨᠡᠮᠡᠭᠦᠷᠢ ᠥᠭᠬᠦ ᠠᠷᠭ᠎ᠠ ᠮᠠᠶ᠋ᠢᠭ ᠨᠢ ᠪᠣᠯ ︽ᠤᠷᠢᠳ ᠢᠶᠠᠷ ᠨᠡᠮᠡᠭᠳᠡᠭᠦᠯᠵᠦ ᠳᠠᠷᠠᠭ᠎ᠠ ᠳᠤ ᠨᠢ ᠨᠡᠮᠡᠭᠦᠷᠢ ᠥᠭᠬᠦ︾ ᠪᠣᠯᠣᠨ᠎ᠠ᠂ ᠳᠠᠷᠤᠢ ︽ᠪᠤᠳᠤᠭᠲᠤ ᠴᠣᠭᠴᠠ ᠶᠢ ᠨᠢ ᠡᠵᠡᠮᠰᠢᠭᠰᠡᠨ ᠢᠴᠡᠭᠡᠯ ᠦᠷ᠎ᠡ ᠶᠢᠨ ᠨᠠᠷᠢᠨ ᠭᠤᠤᠷᠰᠤ ᠲᠠᠢ᠂ ᠲᠤᠭᠤᠯ ᠲᠠᠢ᠂ ᠲᠡᠵᠢᠭᠡᠨ ᠦᠷᠡᠵᠢᠭᠦᠯᠬᠦ ᠲᠠᠯᠠᠪᠠᠢ ᠡᠷᠦᠬᠡ ᠲᠠᠢ᠂ ᠲᠡᠵᠢᠭᠡᠨ ᠦᠷᠡᠵᠢᠭᠦᠯᠦᠭᠰᠡᠨ ᠳᠠᠩᠰᠠ ᠡᠪᠬᠡᠮᠡᠯ ᠲᠠᠢ︾ ᠪᠠᠶᠢᠪᠠᠯ᠂ ᠦᠷᠡᠵᠢᠬᠦ ᠦᠨᠢᠶᠡᠨ ᠤ ᠲᠤᠭ᠎ᠠ ᠲᠣᠯᠣᠭᠠᠢ ᠪᠠᠷ ᠨᠢ ᠵᠢᠯ ᠪᠦᠷᠢ 120 ᠲᠥᠭᠦᠷᠢᠭ ᠤᠨ ᠨᠡᠮᠡᠭᠦᠷᠢ ᠥᠭᠭᠦᠨ᠎ᠡ᠃ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ ᠡᠷᠦᠬᠡ ᠪᠣᠯᠣᠨ ᠰᠠᠭᠠᠯᠢ ᠶᠢᠨ ᠮᠠᠯᠴᠢᠨ ᠤ ᠲᠡᠵᠢᠭᠡᠨ ᠦᠷᠡᠵᠢᠭᠦᠯᠬᠦ ᠬᠤᠷᠰᠢᠶᠠᠯᠠᠯ ᠳᠤ ᠭᠠᠳᠠᠭᠠᠳᠤ ᠠᠴᠠ ᠣᠷᠤᠭᠤᠯᠤᠭᠰᠠᠨ ᠰᠠᠶᠢᠨ ᠡᠭᠦᠯᠳᠡᠷ ᠤᠨ ᠦᠨᠢᠶᠡᠨ ᠤ ᠨᠡᠮᠡᠭᠦᠷᠢ ᠥᠭᠴᠦ᠂ ᠨᠡᠮᠡᠭᠦᠷᠢ ᠥᠭᠬᠦ ᠠᠷᠭ᠎ᠠ ᠮᠠᠶ᠋ᠢᠭ ᠨᠢ ᠪᠣᠯ ︽ᠤᠷᠢᠳ ᠢᠶᠠᠷ ᠲᠤᠭ᠎ᠠ ᠲᠣᠯᠣᠭᠠᠢ ᠶᠢ ᠨᠢ ᠬᠠᠷᠭᠤᠭᠤᠯᠵᠤ ᠳᠠᠷᠠᠭ᠎ᠠ ᠳᠤ ᠨᠢ ᠨᠡᠮᠡᠭᠦᠷᠢ ᠥᠭᠬᠦ︾ ᠪᠣᠯᠣᠨ᠎ᠠ᠂ ᠳᠠᠷᠤᠢ ︽ᠭᠠᠳᠠᠭᠠᠳᠤ ᠠᠴᠠ ᠣᠷᠤᠭᠤᠯᠤᠭᠰᠠᠨ ᠦᠬᠡᠷ ᠲᠠᠢ᠂ ᠭᠠᠳᠠᠭᠠᠳᠤ ᠠᠴᠠ ᠣᠷᠣᠭᠤᠯᠤᠭᠰᠠᠨ ᠭᠠᠷᠳᠠᠮ ᠲᠠᠢ᠂ ᠭᠠᠳᠠᠭᠠᠳᠤ ᠠᠴᠠ ᠣᠷᠤᠭᠤᠯᠤᠭᠰᠠᠨ ᠦᠬᠡᠷ ᠤᠨ ᠤᠳᠤᠮ ᠤᠨ ᠳᠠᠩᠰᠠ ᠡᠪᠬᠡᠮᠡᠯ ᠲᠠᠢ᠂ ᠬᠤᠳᠠᠯᠳᠤᠨ ᠠᠪᠤᠭᠰᠠᠨ ᠬᠦᠮᠦᠨ ᠲᠠᠢ︾ ᠵᠡᠷᠭᠡ ︽ᠳᠥᠷᠪᠡ ᠲᠠᠢ ᠪᠠᠶᠢᠬᠤ︾᠎ ᠶᠢ ᠬᠠᠷᠭᠤᠭᠤᠯᠤᠭᠰᠠᠨ ᠤ ᠳᠠᠷᠠᠭ᠎ᠠ ᠨᠡᠮᠡᠭᠦᠷᠢ ᠥᠭᠴᠦ᠂ ᠭᠠᠳᠠᠭᠠᠳᠤ ᠠᠴᠠ ᠣᠷᠤᠭᠤᠯᠤᠭᠰᠠᠨ ᠰᠠᠶᠢᠨ ᠡᠭᠦᠯᠳᠡᠷ ᠤᠨ ᠦᠨᠢᠶᠡᠨ ᠤ ᠲᠤᠭ᠎ᠠ ᠲᠣᠯᠣᠭᠠᠢ ᠪᠠᠷ ᠨᠢ 5000 ᠲᠥᠭᠦᠷᠢᠭ ᠤᠨ ᠨᠡᠮᠡᠭᠦᠷᠢ ᠥᠭᠭᠦᠨ᠎ᠡ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 3000 ᠲᠥᠭᠦᠷᠢᠭ ᠤᠨ ᠨᠡᠮᠡᠭᠦᠷᠢ ᠥᠭᠴᠦ᠂ ᠠᠶᠢᠮᠠᠭ ᠬᠤᠲᠠ ᠶᠢᠨ ᠡᠳ᠋ ᠤᠨ ᠵᠠᠰᠠᠭ ᠠᠴᠠ 2000 ᠲᠥᠭᠦᠷᠢᠭ ᠤᠨ ᠨᠡᠮᠡᠭᠦᠷᠢ ᠥᠭᠭᠦᠨ᠎ᠡ᠃      ᠳᠥᠷᠪᠡ᠂ ᠳᠤᠮᠳᠠ ᠵᠢᠵᠢᠭ ᠬᠡᠪᠴᠢᠶᠡᠨ ᠤ ᠲᠡᠵᠢᠭᠡᠨ ᠦᠷᠡᠵᠢᠭᠦᠯᠬᠦ ᠲᠠᠯᠠᠪᠠᠢ ᠶᠢᠨ ᠥᠭᠡᠷᠡᠴᠢᠯᠡᠨ ᠰᠢᠨᠡᠳᠬᠡᠵᠦ ᠳᠡᠰ ᠳᠡᠪᠰᠢᠬᠦ ᠶᠢ ᠠᠬᠢᠭᠤᠯᠤᠨ᠎ᠠ      ᠥᠪᠡᠷᠲᠡᠭᠡᠨ ᠵᠠᠰᠠᠬᠤ ᠣᠷᠣᠨ ᠠᠴᠠ ᠲᠤᠰᠬᠠᠢ ᠪᠡᠯᠡ ᠮᠦᠩᠭᠦ ᠲᠣᠬᠢᠷᠠᠭᠤᠯᠤᠨ᠂ ᠤᠯᠤᠰ ᠤᠨ ᠳᠤᠮᠳᠠ ᠵᠢᠵᠢᠭ ᠬᠡᠪᠴᠢᠶᠡᠨ ᠤ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠢ ᠶᠢᠨ ᠳᠡᠰ ᠳᠡᠪᠰᠢᠭᠦᠯᠵᠦ ᠥᠭᠡᠷᠡᠴᠢᠯᠡᠨ ᠰᠢᠨᠡᠳᠬᠡᠬᠦ ᠲᠥᠷᠥᠯ ᠵᠦᠢᠯ ᠤᠨ ᠪᠡᠯᠡ ᠮᠦᠩᠭᠦ ᠯᠦᠭᠡ ᠲᠥᠬᠦᠷᠵᠢᠭᠦᠯᠦᠨ ᠬᠡᠷᠡᠭᠯᠡᠵᠦ᠂ ᠲᠡᠵᠢᠭᠡᠵᠦ ᠪᠠᠶᠢᠭ᠎ᠠ ᠮᠠᠯ ᠤᠨ ᠲᠤᠭ᠎ᠠ ᠲᠣᠯᠣᠭᠠᠢ ᠨᠢ 50 — 800 ᠰᠠᠭᠠᠯᠢ ᠶᠢᠨ ᠮᠠᠯ ᠲᠠᠢ ᠪᠠᠶᠢᠭ᠎ᠠ ᠭᠡᠷ ᠪᠦᠯᠢ ᠶᠢᠨ ᠮᠠᠯᠵᠢᠯ ᠤᠨ ᠲᠠᠯᠠᠪᠠᠢ ᠪᠣᠯᠣᠨ ᠰᠠᠭᠠᠯᠢ ᠶᠢᠨ ᠮᠠᠯᠴᠢᠨ ᠤ ᠬᠤᠷᠰᠢᠶᠠᠯᠠᠯ ᠢ ᠳᠡᠰ ᠳᠡᠪᠰᠢᠭᠦᠯᠵᠦ ᠥᠭᠡᠷᠡᠴᠢᠯᠡᠨ ᠰᠢᠨᠡᠳᠬᠡᠨ᠎ᠡ᠃ ︽ᠤᠷᠢᠳ ᠢᠶᠠᠷ ᠪᠠᠶᠢᠭᠤᠯᠵᠤ ᠳᠠᠷᠠᠭ᠎ᠠ ᠳᠤ ᠨᠢ ᠨᠡᠮᠡᠭᠦᠷᠢ ᠥᠭᠬᠦ︾ ᠪᠣᠶᠣ ︽ᠱᠠᠩᠨᠠᠬᠤ ᠪᠠᠷ ᠨᠦᠬᠦᠪᠦᠷᠢᠯᠡᠬᠦ ᠶᠢ ᠣᠷᠤᠯᠠᠭᠤᠯᠬᠤ︾ ᠠᠷᠭ᠎ᠠ ᠮᠠᠶ᠋ᠢᠭ ᠢ ᠬᠡᠷᠡᠭᠯᠡᠵᠦ᠂ ᠳᠤᠮᠳᠠ ᠵᠢᠵᠢᠭ ᠬᠡᠪᠴᠢᠶᠡᠨ ᠤ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠢ ᠪᠦᠷᠢ ᠶᠢᠨ ᠳᠡᠰ ᠳᠡᠪᠰᠢᠵᠦ ᠥᠭᠡᠷᠡᠴᠢᠯᠡᠨ ᠰᠢᠨᠡᠳᠬᠡᠬᠦ ᠲᠥᠷᠥᠯ ᠵᠦᠢᠯ ᠳᠤ ᠳᠤᠮᠳᠠᠴᠢ ᠪᠠᠷ 60 ᠲᠦᠮᠡᠨ ᠲᠥᠭᠦᠷᠢᠭ ᠤᠨ ᠨᠡᠮᠡᠭᠦᠷᠢ ᠥᠭᠭᠦᠨ᠎ᠡ᠂ ᠡᠭᠦᠨ ᠳᠤ᠂ ᠲᠥᠪ ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ ᠠᠴᠠ 80%᠎ ᠶᠢᠨ ᠨᠡᠮᠡᠭᠦᠷᠢ ᠥᠭᠴᠦ᠂ ᠠᠶᠢᠮᠠᠭ ᠬᠤᠲᠠ ᠠᠴᠠ 20%᠎ ᠶᠢ ᠲᠥᠬᠦᠷᠵᠢᠭᠦᠯᠦᠨ ᠥᠭᠴᠦ᠂ ᠨᠡᠮᠡᠭᠦᠷᠢ ᠶᠢᠨ ᠪᠡᠯᠡ ᠮᠦᠩᠭᠦ ᠶᠢ ᠲᠡᠵᠢᠭᠡᠨ ᠦᠷᠡᠵᠢᠭᠦᠯᠬᠦ ᠪᠡᠯᠡᠳᠭᠡᠮᠵᠢ ᠲᠥᠬᠦᠭᠡᠷᠦᠮᠵᠢ ᠶᠢᠨ ᠥᠭᠡᠷᠡᠴᠢᠯᠡᠨ ᠰᠢᠨᠡᠳᠬᠡᠬᠦ᠂ ᠲᠡᠵᠢᠭᠡᠯ ᠡᠪᠡᠰᠦ ᠪᠣᠷᠳᠤᠭ᠎ᠠ ᠶᠢᠨ ᠦᠢᠯᠡᠳᠪᠦᠷᠢᠯᠡᠵᠦ ᠪᠣᠯᠪᠠᠰᠤᠷᠠᠭᠤᠯᠬᠤ᠂ ᠰᠢᠭᠢᠭ ᠰᠠᠩᠭᠠᠰᠤ ᠶᠢᠨ ᠡᠬᠢ ᠪᠠᠶᠠᠯᠢᠬᠵᠢᠭᠤᠯᠤᠨ ᠠᠰᠢᠭᠯᠠᠬᠤ ᠵᠢᠴᠢ ᠳᠤᠮᠳᠠ ᠵᠢᠵᠢᠭ ᠬᠡᠪᠴᠢᠶᠠᠨ ᠤ ᠰᠦ ᠴᠠᠭᠠᠨ ᠢᠳᠡᠭᠡ ᠪᠣᠯᠪᠠᠰᠤᠷᠠᠭᠤᠯᠬᠤ ᠦᠢᠯᠡᠳᠪᠦᠷᠢ ᠶᠢ ᠬᠤᠪᠢ ᠪᠠᠷ ᠢᠶᠠᠨ ᠡᠷᠬᠢᠯᠡᠬᠦ ᠵᠡᠷᠭᠡ ᠳᠤ ᠬᠡᠷᠡᠭᠯᠡᠨ᠎ᠡ᠃      ᠲᠠᠪᠤ᠂ ᠦᠨᠳᠦᠰᠦᠲᠡᠨ ᠤ ᠣᠨᠴᠠᠯᠢᠭᠲᠤ ᠴᠠᠭᠠᠨ ᠢᠳᠡᠭᠡ ᠪᠣᠯᠪᠠᠰᠤᠷᠠᠭᠤᠯᠬᠤ ᠶᠢ ᠳᠡᠮᠵᠢᠨ᠎ᠡ      ᠦᠨᠳᠦᠰᠦᠲᠡᠨ ᠤ ᠣᠨᠴᠠᠯᠢᠭᠲᠤ ᠴᠠᠭᠠᠨ ᠢᠳᠡᠭᠡ ᠪᠣᠯᠪᠠᠰᠤᠷᠠᠭᠤᠯᠬᠤ ᠶᠢ ᠪᠠᠷᠢᠮᠵᠢᠶᠠᠵᠢᠭᠤᠯᠤᠨ ᠥᠭᠡᠷᠡᠴᠢᠯᠡᠵᠦ ᠰᠢᠨᠡᠳᠬᠡᠬᠦ ᠲᠤᠷᠰᠢᠯᠲᠠ ᠶᠢᠨ ᠴᠡᠭ ᠤᠨ ᠠᠵᠢᠯ ᠢ ᠦᠷᠨᠢᠭᠦᠯᠦᠨ᠂ ︽ᠤᠷᠢᠳ ᠢᠶᠠᠷ ᠪᠠᠶᠢᠭᠤᠯᠵᠤ ᠳᠠᠷᠠᠭ᠎ᠠ ᠳᠤ ᠨᠢ ᠨᠡᠮᠡᠭᠦᠷᠢ ᠥᠭᠬᠦ︾ ᠪᠣᠶᠣ ︽ᠱᠠᠩᠨᠠᠬᠤ ᠪᠠᠷ ᠨᠦᠬᠦᠪᠦᠷᠢᠯᠡᠬᠦ ᠶᠢ ᠣᠷᠤᠯᠠᠭᠤᠯᠬᠤ︾ ᠠᠷᠭ᠎ᠠ ᠮᠠᠶ᠋ᠢᠭ ᠢ ᠬᠡᠷᠡᠭᠯᠡᠵᠦ ᠪᠠᠶᠢᠭᠠᠳ ᠲᠤᠷᠰᠢᠯᠲᠠ ᠶᠢᠨ ᠴᠡᠭ ᠤᠨ ᠲᠥᠷᠥᠯ ᠵᠦᠢᠯ ᠪᠦᠷᠢ ᠳᠤ ᠳᠤᠮᠳᠠᠴᠢ ᠪᠠᠷ 50 ᠲᠦᠮᠡᠨ ᠲᠥᠭᠦᠷᠢᠭ ᠤᠨ ᠨᠡᠮᠡᠭᠦᠷᠢ ᠥᠭᠭᠦᠨ᠎ᠡ᠂ ᠡᠭᠦᠨ ᠳᠤ ᠥᠪᠡᠷᠲᠡᠭᠡᠨ ᠵᠠᠰᠠᠬᠤ ᠣᠷᠣᠨ ᠠᠴᠠ 60% ᠨᠦᠬᠦᠪᠦᠷᠢᠯᠡᠵᠦ᠂ ᠠᠶᠢᠮᠠᠭ ᠬᠤᠲᠠ ᠠᠴᠠ 40%᠎ ᠶᠢ ᠲᠦᠬᠦᠷᠵᠢᠭᠦᠯᠦᠨ ᠥᠭᠭᠦᠨ᠎ᠡ᠃ ᠨᠡᠮᠡᠭᠦᠷᠢ ᠶᠢᠨ ᠪᠡᠯᠡ ᠮᠦᠩᠭᠦ ᠶᠢ ᠦᠢᠯᠡᠳᠪᠦᠷᠢᠯᠡᠯ ᠤᠨ ᠪᠡᠯᠡᠳᠭᠡᠮᠵᠢ᠂ ᠪᠣᠯᠪᠠᠰᠤᠷᠠᠭᠤᠯᠤᠨ ᠦᠢᠯᠡᠳᠬᠦ᠂ ᠭᠦᠯᠳᠡᠬᠦᠦ ᠪᠠᠷ ᠬᠡᠯᠬᠢᠶᠡᠵᠢᠭᠦᠯᠦᠨ ᠳᠡᠭᠡᠭᠡᠪᠦᠷᠢᠯᠡᠬᠦ᠂ ᠠᠷᠢᠭᠤᠨ ᠴᠡᠪᠡᠷ ᠤᠨ ᠬᠠᠮᠢᠶᠠᠷᠤᠯᠲᠠ ᠵᠡᠷᠭᠡ ᠲᠠᠯ᠎ᠠ ᠪᠠᠷ ᠬᠢ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ ᠳᠤ ᠬᠡᠷᠡᠭᠯᠡᠨ᠂ ᠦᠨᠳᠦᠰᠦᠲᠡᠨ ᠤ ᠣᠨᠴᠠᠯᠢᠭᠲᠤ ᠴᠠᠭᠠᠨ ᠢᠳᠡᠭᠡ ᠪᠣᠯᠪᠠᠰᠤᠷᠠᠭᠤᠯᠬᠤ ᠶᠢᠨ ᠪᠠᠷᠢᠮᠵᠢᠶᠠᠵᠢᠭᠤᠯᠤᠨ ᠥᠭᠡᠷᠡᠴᠢᠯᠡᠵᠦ ᠰᠢᠨᠡᠳᠬᠡᠨ ᠳᠡᠰ ᠳᠡᠪᠰᠢᠬᠦ ᠶᠢ ᠨᠢ ᠠᠬᠢᠭᠤᠯᠵᠤ᠂ ᠪᠦᠲᠦᠭᠡᠭᠳᠡᠬᠦᠨ ᠤ ᠶᠠᠰᠤ ᠴᠢᠨᠠᠷ ᠢᠶᠠᠷ ᠰᠢᠯᠢᠳᠡᠭ᠂ ᠰᠣᠶᠣᠯ ᠤᠨ ᠣᠨᠴᠠᠯᠢᠭ ᠢᠶᠠᠷ ᠢᠯᠡᠷᠬᠡᠢ᠂ ᠨᠡᠷᠡᠲᠦ ᠲᠡᠮᠳᠡᠭᠲᠦ ᠶᠢᠨ ᠢᠲᠡᠭᠡᠮᠵᠢ ᠪᠠᠷ ᠰᠠᠶᠢᠨ ᠪᠠᠶᠢᠳᠠᠭ ᠦᠨᠳᠦᠰᠦᠲᠡᠨ ᠤ ᠴᠠᠭᠠᠨ ᠢᠳᠡᠭᠡ ᠪᠣᠯᠪᠠᠰᠤᠷᠤᠭᠤᠯᠬᠤ ᠨᠢᠭᠡ ᠪᠥᠯᠥᠭ ᠦᠢᠯᠡᠳᠪᠦᠷᠢ ᠶᠢᠨ ᠴᠡᠭ ᠢ ᠪᠣᠢ ᠪᠣᠯᠭᠠᠨ᠎ᠠ᠃     ᠵᠢᠷᠭᠤᠭ᠎ᠠ᠂ ᠭᠠᠵᠠᠷ ᠬᠡᠷᠡᠭᠯᠡᠬᠦ ᠲᠥᠷᠥ ᠶᠢᠨ ᠪᠣᠳᠣᠯᠭ᠎ᠠ ᠶᠢᠨ ᠳᠡᠮᠵᠢᠯᠭᠡ ᠬᠠᠩᠭᠠᠨ᠎ᠠ      ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠳᠤ ᠬᠡᠷᠡᠭᠯᠡᠬᠦ ᠭᠠᠵᠠᠷ ᠢ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠪᠣᠯᠭᠠᠭᠰᠠᠨ ᠤ ᠬᠤᠪᠢ ᠳᠤ᠂ ᠲᠠᠷᠢᠶᠠᠯᠠᠩ ᠳᠤ ᠬᠡᠷᠡᠭᠯᠡᠬᠦ ᠭᠠᠵᠠᠷ ᠤᠨ ᠶᠣᠰᠤᠭᠠᠷ ᠬᠠᠮᠢᠶᠠᠷᠬᠤ ᠪᠣᠯᠬᠤᠷ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢᠶᠠᠷ ᠬᠢᠨᠠᠨ ᠵᠥᠪᠰᠢᠶᠡᠷᠡᠭᠦᠯᠬᠦ ᠭᠠᠷᠳᠠᠮ ᠭᠦᠢᠴᠡᠳᠭᠡᠬᠦ ᠴᠢᠬᠤᠯᠠ ᠦᠭᠡᠢ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠦᠭᠡᠢ ᠪᠠᠶᠢᠬᠤ ᠤᠷᠢᠳᠠᠯ ᠳᠣᠣᠷ᠎ᠠ᠂ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠳᠤ ᠡᠩ ᠤᠨ ᠬᠠᠭᠠᠯᠪᠤᠷᠢᠯᠠᠵᠤ ᠲᠠᠷᠢᠶᠠᠯᠠᠬᠤ ᠭᠠᠵᠠᠷ ᠢᠶᠠᠷ ᠬᠡᠷᠡᠭᠯᠡᠬᠦ ᠶᠢ ᠵᠦᠪᠰᠢᠶᠡᠷᠡᠨ᠂ ᠲᠡᠵᠢᠭᠡᠨ ᠦᠷᠡᠵᠢᠭᠦᠯᠬᠦ ᠬᠡᠷᠡᠭᠴᠡᠭᠡ ᠪᠠᠷ ᠬᠡᠷᠡᠭᠯᠡᠬᠦ ᠪᠣᠯᠣᠭᠰᠠᠨ ᠤ ᠬᠤᠪᠢ ᠳᠤ ᠬᠠᠭᠠᠯᠪᠤᠷᠢᠯᠠᠵᠤ ᠲᠠᠷᠢᠶᠠᠯᠠᠬᠤ ᠭᠠᠵᠠᠷ ᠢ ᠡᠵᠡᠯᠡᠵᠦ ᠬᠡᠷᠡᠭᠯᠡᠭᠰᠡᠨ ᠪᠠ ᠲᠡᠭᠦᠨ ᠢ ᠨᠢ ᠨᠦᠬᠦᠪᠦᠷᠢᠯᠡᠬᠦ ᠪᠠᠷ ᠲᠡᠩᠴᠡᠭᠦᠯᠬᠦ ᠴᠢᠬᠤᠯᠠ ᠦᠭᠡᠢ᠃ ᠣᠶᠢᠵᠢᠭᠤᠯᠬᠤ ᠳᠤ ᠲᠣᠬᠢᠷᠠᠬᠤ ᠭᠠᠵᠠᠷ ᠪᠣᠯᠣᠨ ᠡᠵᠡᠭᠦᠢ ᠠᠭᠤᠯᠠ ᠭᠤᠤ ᠳᠣᠪᠣᠴᠠᠭ ᠰᠠᠶᠢᠷᠭᠠᠯ ᠵᠢᠴᠢ ᠬᠦᠳᠡᠭᠡ ᠲᠤᠰᠬᠤᠨ ᠤ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠳ ᠢ ᠠᠰᠢᠭᠯᠠᠨ ᠰᠠᠭᠠᠯᠢ ᠶᠢᠨ ᠮᠠᠯ ᠤᠨ ᠦᠢᠯᠡᠳᠪᠦᠷᠢᠯᠡᠯ ᠳᠤ ᠲᠣᠬᠢᠷᠠᠭᠤᠯᠤᠨ ᠬᠡᠷᠡᠭᠯᠡᠬᠦ ᠶᠢ ᠨᠢ ᠵᠣᠷᠢᠬᠵᠢᠭᠤᠯᠤᠨ᠎ᠠ᠃ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠬᠠᠰᠢᠶ᠎ᠠ ᠬᠤᠷᠢᠶ᠎ᠠ᠂ ᠲᠠᠯᠠᠪᠠᠢ ᠲᠣᠭᠤᠷᠢᠭ ᠲᠠᠬᠢ ᠨᠡᠪᠲᠡᠷᠡᠬᠦ ᠵᠠᠮ ᠵᠢᠴᠢ ᠨᠣᠭᠤᠭᠠᠷᠠᠭᠤᠯᠵᠤ ᠲᠤᠰᠠᠭᠠᠷᠯᠠᠭᠰᠠᠨ ᠭᠠᠵᠠᠷ ᠵᠡᠷᠭᠡ ᠦᠢᠯᠡᠳᠪᠦᠷᠢᠯᠡᠯ ᠤᠨ ᠪᠡᠯᠡᠳᠭᠡᠮᠵᠢ ᠳᠤ ᠬᠡᠷᠡᠭᠯᠡᠬᠦ ᠭᠠᠵᠠᠷ ᠢ ᠲᠡᠵᠢᠭᠡᠨ ᠦᠷᠡᠵᠢᠭᠦᠯᠬᠦ ᠬᠡᠪᠴᠢᠶ᠎ᠡ ᠪᠠᠨ ᠦᠨᠳᠦᠰᠦᠯᠡᠵᠦ ᠳᠠᠭᠠᠯᠳᠤᠭᠤᠯᠤᠨ ᠪᠠᠶᠢᠭᠤᠯᠬᠤ ᠪᠡᠯᠡᠳᠭᠡᠮᠵᠢ ᠳᠤ ᠬᠡᠷᠡᠭᠯᠡᠬᠦ ᠭᠠᠵᠠᠷ ᠢᠶᠠᠷ ᠬᠡᠪᠴᠢᠶ᠎ᠡ ᠶᠢ ᠨᠢ ᠨᠡᠮᠡᠭᠳᠡᠭᠦᠯᠦᠨ᠎ᠡ᠂ 15 ᠮᠦ ᠪᠠᠷ ᠳᠡᠭᠡᠲᠥ ᠬᠢᠵᠠᠭᠠᠷ ᠪᠣᠯᠭᠠᠵᠤ ᠪᠠᠶᠢᠭᠰᠠᠨ ᠲᠣᠭᠲᠠᠭᠠᠯ ᠢ ᠬᠦᠴᠦᠨ ᠦᠭᠡᠢ ᠪᠣᠯᠭᠠᠨ᠂ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠦᠢᠯᠡᠳᠪᠦᠷᠢᠯᠡᠯ ᠠᠴᠠ ᠪᠣᠢ ᠪᠣᠯᠣᠭᠰᠠᠨ ᠢᠯᠭᠠᠳᠠᠰᠤ ᠶᠢ ᠰᠢᠢᠳᠪᠦᠷᠢᠯᠡᠬᠦ ᠵᠡᠷᠭᠡ ᠪᠡᠯᠡᠳᠭᠡᠮᠵᠢ ᠪᠠᠶᠢᠭᠤᠯᠬᠤ ᠳᠤ ᠬᠡᠷᠡᠭᠯᠡᠬᠦ ᠭᠠᠵᠠᠷ ᠤᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠨ᠎ᠠ᠃ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠳᠤ ᠬᠡᠷᠡᠭᠯᠡᠬᠦ ᠭᠠᠵᠠᠷ ᠢ ᠲᠡᠵᠢᠭᠡᠨ ᠦᠷᠡᠵᠢᠭᠦᠯᠬᠦ ᠲᠠᠯᠠᠪᠠᠢ ︵ᠡᠷᠦᠬᠡ︶᠎ ᠨᠢ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠦᠳᠡᠭᠡ ᠲᠤᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠲᠠᠢ ᠵᠥᠪᠳᠡᠯᠴᠡᠬᠦ ᠶᠢᠨ ᠳᠠᠭᠠᠤ ᠳᠤ ᠭᠠᠵᠠᠷ ᠬᠡᠷᠡᠭᠯᠡᠬᠦ ᠵᠥᠪᠯᠡᠯᠴᠡᠭᠡᠷ ᠲᠣᠬᠢᠷᠠᠯᠴᠠᠬᠤ ᠠᠷᠭ᠎ᠠ ᠮᠠᠶ᠋ᠢᠭ ᠢᠶᠠᠷ ᠬᠡᠷᠡᠭᠯᠡᠬᠦ ᠭᠠᠵᠠᠷ ᠢᠶᠠᠨ ᠣᠯᠵᠤ ᠪᠣᠯᠣᠨ᠎ᠠ᠃      ᠳᠣᠯᠤᠭ᠎ᠠ᠂ ᠮᠦᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠷᠠᠭᠤᠯᠤᠨ᠎ᠠ      ᠰᠠᠭᠠᠯᠢ ᠶᠢᠨ ᠮᠠᠯ ᠢ ᠠᠮᠢᠳᠤ ᠪᠠᠷ᠂ ᠪᠠᠷᠢᠴᠠᠭᠠᠯᠠᠬᠤ ᠡᠷᠬᠡ ᠬᠠᠷᠢᠶᠠᠯᠠᠯ ᠤᠨ ᠱᠠᠭᠠᠷᠳᠠᠯᠭ᠎ᠠ ᠳᠤ ᠨᠡᠶᠢᠴᠡᠭᠰᠡᠨ ᠲᠡᠵᠢᠭᠡᠵᠦ ᠦᠷᠡᠵᠢᠭᠦᠯᠬᠦ ᠲᠠᠯᠠᠪᠠᠢ ᠪᠠᠷ ᠢᠶᠠᠨ ᠪᠠᠷᠢᠴᠠᠭ᠎ᠠ ᠪᠣᠯᠭᠠᠭᠰᠠᠨ ᠪᠠᠷᠢᠴᠠᠭᠠᠲᠤ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠦᠷᠨᠢᠭᠦᠯᠦᠨ᠂ ᠨᠦᠬᠦᠴᠡᠯ ᠳᠤ ᠨᠡᠶᠢᠴᠡᠭᠰᠡᠨ ᠳᠤᠮᠳᠠ ᠵᠢᠵᠢᠭ ᠬᠡᠪᠴᠢᠶᠡᠨ ᠤ ᠮᠠᠯᠵᠢᠯ ᠤᠨ ᠲᠠᠯᠠᠪᠠᠢ ᠶᠢᠨ ᠵᠢᠭᠡᠯᠡᠯᠭᠡ ᠶᠢ ᠲᠠᠷᠢᠶᠠᠯᠠᠩ ᠤᠨ ᠢᠲᠡᠭᠡᠮᠵᠢᠲᠦ ᠵᠢᠭᠡᠯᠡᠯᠭᠡ ᠶᠢᠨ ᠳᠠᠭᠠᠭᠠᠯᠲᠠ ᠶᠢᠨ ᠰᠢᠰᠲ᠋ᠧᠮᠵᠢ ᠳᠤ ᠣᠷᠣᠭᠤᠯᠵᠤ ᠲᠡᠮᠵᠢᠯᠬᠡ ᠦᠵᠡᠭᠦᠯᠦᠨ᠎ᠡ᠃ ᠰᠦ ᠰᠠᠭᠠᠯᠢ ᠶᠢᠨ ᠦᠢᠯᠡᠰ ᠤᠨ ᠭᠤᠣᠯ ᠭᠠᠷᠤᠯᠲᠠ ᠶᠢᠨ ᠣᠷᠣᠨ᠂ ᠲᠠᠷᠢᠶᠠᠯᠠᠩ ᠮᠠᠯ ᠠᠵᠤ ᠠᠬᠤᠢ ᠶᠢᠨ ᠢᠲᠡᠭᠡᠮᠵᠢᠲᠦ ᠵᠢᠭᠡᠯᠡᠯᠭᠡ ᠶᠢᠨ ᠳᠠᠭᠠᠭᠠᠯᠲᠠ ᠶᠢᠨ ᠺᠣᠮᠫᠠᠨᠢ᠂ ᠣᠷᠣᠨ ᠨᠤᠲᠤᠭ ᠤᠨ ᠵᠠᠰᠠᠭ ᠤᠨ ᠣᠷᠳᠣᠨ ᠪᠣᠯᠣᠨ ᠮᠦᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠢ ᠬᠤᠯᠪᠣᠭᠠᠯᠠᠬᠤ ᠠᠷᠭ᠎ᠠ ᠬᠡᠯᠪᠡᠷᠢ ᠪᠠᠷ ᠳᠠᠮᠵᠢᠭᠤᠯᠵᠤ᠂ ︽ᠵᠠᠰᠠᠭ ᠪᠠᠩᠬᠢ ᠳᠠᠭᠠᠭᠠᠯᠲᠠ︾᠎ ᠶᠢᠨ ᠲᠤᠬᠠᠶᠢᠯᠠᠭᠰᠠᠨ ᠠᠵᠢᠯ ᠤᠨ ᠵᠠᠭᠪᠤᠷ ᠢ ᠬᠡᠷᠡᠭᠯᠡᠵᠦ ᠪᠠᠶᠢᠭᠠᠳ ᠳᠠᠭᠠᠭᠠᠯᠲᠠ ᠪᠠᠷ ᠢᠲᠡᠭᠡᠮᠵᠢ ᠶᠢ ᠨᠢ ᠨᠡᠮᠡᠭᠳᠡᠭᠦᠯᠬᠦ ᠲᠡᠮᠵᠢᠯᠬᠡ ᠦᠵᠡᠭᠦᠯᠦᠨ᠎ᠡ᠃ ᠲᠥᠭᠰᠢᠭᠦᠷᠢ ᠶᠢᠨ ᠲᠦᠯᠦᠪᠦᠷᠢ ᠥᠭᠬᠦ᠂ ᠳᠠᠮ ᠬᠦᠦ ᠮᠦᠩᠭᠦ ᠲᠥᠯᠥᠬᠦ᠂ ᠨᠡᠮᠡᠭᠦᠷᠢ ᠶᠢᠨ ᠳᠠᠭᠠᠭᠠᠯᠲᠠ ᠶᠢᠨ ᠵᠠᠷᠤᠳᠠᠯ ᠵᠡᠷᠭᠡ ᠲᠥᠷᠥᠯ ᠵᠦᠢᠯ ᠤᠨ ᠲᠤᠷᠰᠢᠯᠲᠠ ᠶᠢᠨ ᠴᠡᠭ ᠢ ᠰᠦᠪᠡᠭᠴᠢᠯᠡᠨ ᠦᠷᠨᠢᠭᠦᠯᠵᠦ᠂ ᠲᠥᠭᠰᠢᠭᠦᠷᠢ ᠶᠢᠨ ᠲᠥᠯᠥᠪᠦᠷᠢ ᠶᠢᠨ ᠪᠡᠯᠡ ᠮᠦᠩᠭᠦ ᠶᠢᠨ ᠳᠠᠬᠢᠨ ᠲᠤᠭ᠎ᠠ ᠶᠢ ᠨᠢ ᠠᠭᠤᠵᠢᠭᠤ ᠪᠣᠯᠭᠠᠵᠤ᠂ ᠡᠳ᠋ ᠤᠨ ᠵᠠᠰᠠᠭ ᠤᠨ ᠪᠡᠯᠡ ᠮᠦᠩᠭᠦ ᠶᠢᠨ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠦᠯᠦᠨ ᠶᠠᠳᠠᠭᠤ ᠶᠢ ᠳᠡᠳᠬᠦᠬᠦ ᠪᠡᠯᠡ ᠮᠥᠩᠭᠦ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠲᠣᠮᠤ ᠬᠡᠯᠪᠡᠷᠢ ᠶᠢᠨ ᠰᠦ ᠰᠠᠭᠠᠯᠢ ᠶᠢᠨ ᠪᠣᠯᠪᠠᠰᠤᠷᠠᠭᠤᠯᠬᠤ ᠠᠵᠤ ᠠᠬᠤᠶᠢᠯᠠᠯ ᠪᠣᠯᠣᠨ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠳᠤ ᠪᠡᠯᠡ ᠣᠷᠤᠭᠤᠯᠤᠯᠲᠠ ᠪᠠᠨ ᠨᠡᠮᠡᠭᠳᠡᠭᠦᠯᠵᠦ᠂ ᠰᠦ ᠰᠠᠭᠠᠯᠢ ᠶᠢᠨ ᠦᠢᠯᠡᠰ ᠤᠨ ᠵᠣᠬᠢᠴᠠᠩᠭᠤᠢ ᠬᠦᠭᠵᠢᠬᠦ ᠶᠢ ᠠᠬᠢᠭᠤᠯᠤᠨ᠎ᠠ᠃                            ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号