|
2020 ᠣᠨ ᠤ ᠡᠩ ᠤᠨ ᠶᠡᠭᠡ ᠳᠡᠬᠡᠳᠤ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠳᠠ ᠶᠢᠨ ᠬᠠᠮᠢᠶ᠎ᠠ ᠪᠦᠬᠦᠢ ᠠᠵᠢᠯ ᠤᠨ ᠴᠠᠭ ᠢ ᠳᠤᠭᠳᠠᠭᠠᠪᠠ |
|
|
ᠨᠡᠶᠢᠲᠡᠯᠡᠭᠰᠡᠨ ᠴᠠᠭ᠄
2020/4/23
|
|
ᠦᠪᠡᠷᠳᠡᠬᠡᠨ ᠵᠠᠰᠠᠬᠤ ᠤᠷᠤᠨ ᠤ ᠰᠤᠷᠤᠭᠴᠢ ᠡᠯᠰᠡᠬᠦ ᠰᠢᠯᠭᠠᠯᠳᠠ ᠶᠢᠨ ᠲᠦᠪ ᠠᠴᠠ 2020 ᠣᠨ ᠤ ᠡᠩ ᠤᠨ ᠶᠡᠭᠡ ᠳᠡᠬᠡᠳᠤ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠳᠠ ᠶᠢᠨ ᠬᠠᠮᠢᠶ᠎ᠠ ᠪᠦᠬᠦᠢ ᠠᠵᠢᠯ ᠤᠨ ᠴᠠᠭ ᠢ ᠳᠤᠭᠳᠠᠭᠠᠪᠠ᠃ 5 ᠰᠠᠷ᠎ᠠ ᠶᠢᠨ 30 ᠠᠴᠠ ᠡᠬᠢᠯᠡᠨ᠂ ᠤᠯᠤᠰ ᠤᠨ ᠨᠢᠬᠡᠳᠦᠯᠳᠡᠢ ᠰᠢᠯᠭᠠᠯᠳᠠ ᠶᠢᠨ ᠰᠢᠯᠭᠠᠭᠤᠯᠤᠭᠴᠢ ᠶᠢᠨ ᠪᠠᠶ᠎ᠠ ᠮᠠᠬᠠᠪᠤᠳ ᠤᠨ ᠪᠠᠶᠢᠴᠠᠭᠠᠯᠳᠠ ᠶᠢ ᠠᠶᠢᠮᠠᠭ ᠬᠤᠳᠠ᠂ ᠬᠤᠰᠢᠭᠤ ᠰᠢᠶᠠᠨ ︵ᠬᠤᠳᠠ ᠳᠤᠭᠤᠷᠢᠭ︶ ᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠦᠨᠡᠯᠡᠨ ᠵᠢᠱᠢᠯᠳᠡ ᠪᠠᠷ ᠪᠠᠷᠢᠮᠵᠢᠶ᠎ᠠ ᠳᠤ ᠬᠦᠷᠦᠭᠰᠡᠨ ᠤ ᠳᠠᠷᠠᠭ᠎ᠠ ᠦᠷᠨᠢᠬᠦᠯᠵᠦ ᠪᠤᠯᠤᠨ᠎ᠠ᠂ ᠵᠠᠷᠴᠢᠮ ᠳᠡᠬᠡᠷ᠎ᠡ ᠪᠠᠨ 6 ᠰᠠᠷ᠎ᠠ ᠶᠢᠨ 30 ᠤ ᠡᠳᠦᠷ ᠠᠴᠠ ᠡᠮᠦᠨ᠎ᠡ ᠪᠡᠶ᠎ᠠ ᠮᠠᠬᠠᠪᠤᠳ ᠤᠨ ᠪᠠᠶᠢᠴᠠᠭᠠᠯᠳᠠ ᠶᠢᠨ ᠠᠵᠢᠯ ᠢ ᠳᠠᠭᠤᠰᠬᠠᠨ᠎ᠠ᠃ ᠡᠩ ᠤᠨ ᠶᠡᠭᠡ ᠳᠡᠬᠡᠳᠤ ᠰᠤᠷᠭᠠᠭᠤᠯᠢ ᠶᠢᠨ ᠰᠤᠷᠤᠭᠴᠢ ᠡᠯᠰᠡᠬᠦ ᠳᠠᠮᠢᠷ ᠤᠨ ᠲᠦᠷᠦᠯ ᠤᠨ ᠳᠤᠰᠬᠠᠢ ᠮᠡᠷᠬᠡᠵᠢᠯ ᠤᠨ ᠰᠢᠯᠭᠠᠯᠳᠠ 6 ᠰᠠᠷ᠎ᠠ ᠶᠢᠨ 1 ᠠᠴᠠ 14 ᠤ ᠡᠳᠦᠷ ᠪᠤᠯᠳᠠᠯ᠎ᠠ ᠶᠠᠪᠤᠭᠳᠠᠨ᠎ᠠ᠃ ᠡᠩ ᠤᠨ ᠶᠡᠭᠡ ᠳᠡᠬᠡᠳᠤ ᠰᠤᠷᠭᠠᠭᠤᠯᠢ ᠶᠢᠨ ᠰᠤᠷᠤᠭᠴᠢ ᠡᠯᠰᠡᠬᠦ ᠭᠠᠳᠠᠭᠠᠳᠤ ᠬᠡᠯᠡᠨ ᠤ ᠶᠠᠷᠢᠶᠠᠨ ᠤ ᠬᠡᠯᠡᠨ ᠤ ᠰᠢᠯᠭᠠᠯᠳᠠ 7 ᠰᠠᠷ᠎ᠠ ᠶᠢᠨ 9 ᠤ ᠡᠳᠦᠷ ᠤᠨ 8᠄ 00 ᠴᠠᠭ ᠠᠴᠠ ᠡᠬᠢᠯᠡᠵᠦ᠂ 7 ᠰᠠᠷ᠎ᠠ ᠶᠢᠨ 14 ᠤ ᠡᠳᠦᠷ ᠤᠨ 18᠄ 00 ᠴᠠᠭ ᠠᠴᠠ ᠡᠮᠦᠨ᠎ᠡ ᠳᠠᠭᠤᠰᠬᠠᠨ᠎ᠠ᠃ ᠮᠠᠨ ᠤ ᠤᠷᠤᠨ ᠤ ᠦᠨᠳᠦᠷ ᠬᠢᠷᠢ ᠲᠦᠪᠰᠢᠨ ᠪᠦᠬᠦᠢ ᠳᠠᠮᠢᠷᠴᠢᠨ ᠤ ᠠᠩᠬᠢ ᠡᠯᠰᠡᠬᠦ ᠶᠡᠭᠡ ᠳᠡᠬᠡᠳᠤ ᠰᠤᠷᠭᠠᠭᠤᠯᠢ ᠶᠢᠨ ᠳᠤᠰᠬᠠᠢ ᠮᠡᠷᠬᠡᠵᠢᠯ ᠤᠨ ᠰᠢᠯᠭᠠᠯᠳᠠ 5 ᠰᠠᠷ᠎ᠠ ᠶᠢᠨ 25 ᠠᠴᠠ 31 ᠤ ᠡᠳᠦᠷ ᠪᠤᠯᠳᠠᠯ᠎ᠠ ᠶᠠᠪᠤᠭᠳᠠᠨ᠎ᠠ᠃ ᠡᠩ ᠤᠨ ᠶᠡᠭᠡ ᠳᠡᠬᠡᠳᠤ ᠰᠤᠷᠭᠠᠭᠤᠯᠢ ᠶᠢᠨ ᠰᠤᠷᠤᠭᠴᠢ ᠡᠯᠰᠡᠬᠦ ᠤᠷᠠᠯᠢᠭ ᠤᠨ ᠲᠦᠷᠦᠯ ᠤᠨ ᠳᠤᠰᠬᠠᠢ ᠮᠡᠷᠬᠡᠵᠢᠯ ᠤᠨ ᠳᠤᠬᠠᠢ ᠶᠢᠨ ᠳᠠᠯᠠᠪᠠᠢ ᠶᠢᠨ ᠰᠤᠷᠭᠠᠭᠤᠯᠢ ᠶᠢᠨ ᠰᠢᠯᠭᠠᠯᠳᠠ ᠶᠢ ᠤᠯᠤᠰ ᠤᠨ ᠨᠢᠬᠡᠳᠦᠯᠳᠡᠢ ᠰᠢᠯᠭᠠᠯᠳᠠ ᠳᠠᠭᠤᠰᠤᠭᠰᠠᠨ ᠤ ᠳᠠᠷᠠᠭᠠᠬᠢ ᠬᠤᠶᠠᠷ ᠭᠠᠷᠠᠭ ᠤᠨ ᠳᠤᠳᠤᠷ᠎ᠠ ᠶᠠᠪᠤᠭᠳᠠᠭᠤᠯᠤᠨ᠎ᠠ᠃ ᠳᠡᠬᠡᠳᠤ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ᠂ ᠳᠤᠮᠳᠠ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠶᠢᠨ ᠳᠡᠬᠦᠰᠬᠦ ᠰᠤᠷᠤᠭᠴᠢᠳ ᠠᠴᠠ ᠳᠤᠰᠬᠠᠢ ᠮᠡᠷᠬᠡᠵᠢᠯ ᠢᠶᠠᠷ ᠨᠢ ᠵᠤᠯᠭᠠᠯᠴᠠᠭᠤᠯᠤᠨ ᠡᠯᠰᠡᠬᠦ ᠳᠤᠰᠠᠭᠠᠷ ᠡᠯᠰᠡᠬᠦ ᠰᠢᠯᠭᠠᠯᠳᠠ ᠶᠢᠨ ᠳᠠᠮᠢᠷ ᠤᠨ ᠲᠦᠷᠦᠯ ᠤᠨ ᠳᠤᠰᠬᠠᠢ ᠮᠡᠷᠬᠡᠵᠢᠯ ᠤᠨ ᠶᠡᠷᠦᠩᠬᠡᠶᠢᠯᠡᠭᠰᠡᠨ ᠰᠢᠯᠭᠠᠯᠳᠠ 7 ᠰᠠᠷ᠎ᠠ ᠶᠢᠨ 18 ᠤ ᠡᠳᠦᠷ ᠶᠠᠪᠤᠭᠳᠠᠨ᠎ᠠ᠃ ᠳᠡᠬᠡᠳᠤ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠶᠢᠨ ᠳᠤᠰᠠᠭᠠᠷ ᠡᠯᠰᠡᠬᠦ ᠬᠤᠶᠡᠳᠡᠬᠢ ᠤᠳᠠᠭ᠎ᠠ ᠶᠢᠨ ᠰᠤᠷᠤᠭᠴᠢ ᠡᠯᠰᠡᠬᠦ ᠨᠢ 5 ᠰᠠᠷ᠎ᠠ ᠶᠢᠨ 20 ᠠᠴᠠ 31 ᠤ ᠡᠳᠦᠷ ᠪᠤᠯᠳᠠᠯ᠎ᠠ ᠶᠠᠪᠤᠭᠳᠠᠨ᠎ᠠ᠃ |
|
|
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|