|
︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠡᠬᠢ ᠰᠤᠷᠪᠤᠯᠵᠢ ᠶᠢᠨ ᠭᠠᠶᠢᠯᠢ ᠳᠤ ᠥᠭᠡᠷᠡᠴᠢᠯᠡᠯᠲᠡ ᠬᠢᠬᠦ ᠲᠤᠷᠰᠢᠯᠲᠠ ᠶᠢᠨ | ᠬᠡᠷᠡᠭᠵᠢᠭᠦᠯᠬᠦ ᠠᠷᠭ᠎ᠠ︾ ᠶᠢᠨ ᠬᠤᠯᠪᠣᠭᠳᠠᠯ ᠪᠦᠬᠦᠢ ᠠᠭᠤᠯᠭ᠎ᠠ ᠳᠤ ᠵᠠᠰᠠᠪᠤᠷᠢ ᠣᠷᠣᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠮᠡᠳᠡᠭᠳᠡᠯ |
|
|
ᠨᠡᠶᠢᠲᠡᠯᠡᠭᠰᠡᠨ ᠴᠠᠭ᠄
2020/4/23
|
ᠥᠪᠥᠷ ᠵᠠᠰᠠᠭ ᠥᠰᠥᠭ ﹇2019﹈ 90 ᠳ᠋ᠤᠭᠡᠷ ᠲᠤᠭᠠᠳᠤ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠭᠠᠶᠢᠯᠢ ᠬᠦᠩᠭᠡᠯᠡᠵᠦ ᠰᠦᠢᠳᠭᠡᠯ ᠪᠠᠭᠤᠷᠠᠭᠤᠯᠬᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠲᠣᠰ ᠡᠭᠡᠯᠵᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠪᠠᠶᠢᠳᠠᠯ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠡᠬᠢ ᠰᠤᠷᠪᠤᠯᠵᠢ ᠶᠢᠨ ᠭᠠᠶᠢᠯᠢ ᠳᠤ ᠥᠭᠡᠷᠡᠴᠢᠯᠡᠯᠲᠡ ᠬᠢᠬᠦ ᠲᠤᠷᠰᠢᠯᠲᠠ ᠶᠢᠨ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2017﹈ 157 ᠳ᠋ᠤᠭᠠᠷ ᠲᠣᠭᠠᠲᠤ᠂ ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠤᠨ ᠬᠤᠯᠪᠣᠭᠳᠠᠯ ᠪᠦᠬᠦᠢ ᠠᠭᠤᠯᠭ᠎ᠠ ᠳᠤ ᠵᠠᠰᠠᠪᠤᠷᠢ ᠣᠷᠣᠭᠤᠯᠬᠤ ᠪᠠᠷ ᠲᠤᠭᠲᠠᠪᠠ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠤᠷᠠᠬᠢ ᠮᠡᠲᠦ ᠮᠡᠳᠡᠭᠳᠡᠪᠡ᠃ ᠨᠢᠭᠡ᠂ ︽ᠠᠷᠭ᠎ᠠ︾ ᠶᠢᠨ ᠠᠷᠪᠠᠨ ᠲᠠᠪᠤᠳᠤᠭᠠᠷ ᠵᠦᠢᠯ ᠤᠨ ᠭᠤᠷᠪᠠᠳᠤᠭᠠᠷ ᠵᠤᠷᠪᠤᠰ ᠤᠨ ︽ᠲᠣᠰ ᠵᠦᠢᠯ ᠤᠨ ᠬᠤᠶᠠᠳᠤᠭᠠᠷ ᠵᠤᠷᠪᠤᠰ ᠲᠤ ᠨᠡᠷᠡᠶᠢᠳᠴᠦ ᠪᠠᠶᠢᠭ᠎ᠠ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠳᠠᠲᠠᠵᠤ ᠬᠡᠷᠡᠭᠯᠡᠬᠦ ᠤᠰᠤ ᠭᠡᠵᠦ ᠲᠠᠷᠢᠮᠠᠯ ᠤᠨ ᠦᠢᠯᠡᠰ᠂ ᠮᠠᠯ ᠠᠵᠤ ᠠᠬᠤᠶ᠂ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠦᠢᠯᠡᠰ᠂ ᠣᠢ ᠰᠢᠭᠤᠶ ᠶᠢᠨ ᠦᠢᠯᠡᠰ ᠵᠡᠷᠭᠡ ᠳᠤ ᠳᠠᠲᠠᠵᠤ ᠬᠡᠷᠡᠭᠯᠡᠬᠦ ᠤᠰᠤ ︵ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠡᠵᠡᠩᠨᠡᠯᠲᠡ ᠶᠢᠨ ᠴᠢᠨᠠᠷᠲᠠᠶ ᠲᠠᠷᠢᠵᠦ ᠤᠷᠭᠤᠭᠤᠯᠬᠤ᠂ ᠲᠡᠵᠢᠭᠡᠨ ᠦᠷᠡᠵᠢᠭᠦᠯᠬᠦ ᠵᠡᠷᠭᠡ ᠳᠤ ᠳᠠᠲᠠᠵᠤ ᠬᠡᠷᠡᠭᠯᠡᠬᠦ ᠤᠰᠤ ᠪᠠᠭᠲᠠᠬᠤ ᠦᠭᠡᠢ︶ ᠶᠢ ᠵᠢᠭᠠᠵᠤ ᠪᠣᠢ︾ ᠭᠡᠳᠡᠭ ᠲᠤ ︽ᠲᠣᠰ ᠵᠦᠢᠯ ᠤᠨ ᠬᠤᠶᠠᠳᠤᠭᠠᠷ ᠵᠤᠷᠪᠤᠰ ᠲᠤ ᠨᠡᠷᠡᠶᠢᠳᠴᠦ ᠪᠠᠶᠢᠭ᠎ᠠ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠳᠠᠲᠠᠵᠤ ᠬᠡᠷᠡᠭᠯᠡᠬᠦ ᠤᠰᠤ ᠭᠡᠵᠦ ᠲᠠᠷᠢᠮᠠᠯ ᠤᠨ ᠦᠢᠯᠡᠰ᠂ ᠮᠠᠯ ᠠᠵᠤ ᠠᠬᠤᠶ᠂ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠦᠢᠯᠡᠰ᠂ ᠣᠢ ᠰᠢᠭᠤᠶ ᠶᠢᠨ ᠦᠢᠯᠡᠰ ᠵᠡᠷᠭᠡ ᠳᠤ ᠳᠠᠲᠠᠵᠤ ᠬᠡᠷᠡᠭᠯᠡᠬᠦ ᠤᠰᠤ ᠶᠢ ᠵᠢᠭᠠᠵᠤ ᠪᠤᠢ︾ ᠭᠡᠵᠦ ᠵᠠᠰᠠᠪᠤᠷᠢ ᠤᠷᠤᠭᠤᠯᠪᠠ᠃ ᠬᠤᠶᠠᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠡᠵᠡᠩᠨᠡᠯᠲᠡ ᠶᠢᠨ ᠴᠢᠨᠠᠷᠲᠠᠶ ᠲᠠᠷᠢᠵᠤ ᠤᠷᠭᠤᠭᠤᠯᠬᠤ᠂ ᠲᠡᠵᠢᠭᠡᠨ ᠦᠷᠡᠵᠢᠭᠦᠯᠬᠦ ᠵᠡᠷᠭᠡ ᠶᠢᠨ ᠲᠣᠭᠲᠠᠭᠠᠭᠰᠠᠨ ᠬᠢᠵᠠᠭᠠᠷ ᠲᠣᠭᠠᠨ ᠳᠠᠬᠢ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠲᠠᠲᠠᠵᠤ ᠬᠡᠷᠡᠭᠯᠡᠬᠦ ᠤᠰᠤᠨ ︵ᠭᠠᠵᠠᠷ ᠤᠨ ᠭᠠᠳᠠᠷᠭᠤ ᠶᠢᠨ ᠤᠰᠤ᠂ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ ᠶᠢ ᠪᠠᠭᠲᠠᠨ᠎ᠠ︶ ᠠᠴᠠ ᠤᠰᠤᠨ ᠤ ᠡᠬᠢ ᠰᠤᠷᠪᠤᠯᠵᠢ ᠶᠢᠨ ᠭᠠᠶᠢᠯᠢ ᠲᠠᠲᠠᠪᠤᠷᠢᠯᠠᠬᠤ ᠦᠭᠡᠢ᠃ ᠳᠡᠭᠡᠷ᠎ᠡ ᠳᠤᠷᠠᠳᠤᠭᠰᠠᠨ ᠬᠢᠵᠠᠭᠠᠷ ᠲᠤᠭ᠎ᠠ ᠨᠢ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠲᠠᠲᠠᠵᠤ ᠬᠡᠷᠡᠭᠯᠡᠬᠦ ᠤᠰᠤᠨ ᠤ ᠬᠢᠵᠠᠭᠠᠷ ᠲᠣᠭᠠᠨ ᠤ ᠪᠠᠷᠢᠮᠵᠢᠶ᠎ᠠ ᠵᠢᠴᠢ ᠤᠰᠤᠨ ᠤ ᠬᠡᠮᠵᠢᠶ᠎ᠡ ᠶᠢ ᠬᠠᠷᠭᠤᠭᠤᠯᠤᠨ ᠲᠣᠭᠲᠠᠭᠠᠬᠤ ᠠᠷᠭ᠎ᠠ ︵ᠲᠤᠷᠰᠢᠨ ᠬᠡᠷᠡᠭᠵᠢᠭᠦᠯᠬᠦ︶﹀ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶᠠᠨ ᠤ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠮᠡᠳᠡᠭᠳᠡᠯ︾ ︵ᠥᠪᠥᠷ ᠤᠰᠤᠨ ᠤ ᠰᠣᠷᠪᠤᠯᠵᠢ ﹇2018﹈ 143 ᠳ᠋ᠤᠭᠠᠷ ᠲᠣᠭᠠᠲᠤ︶ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠭᠤᠷᠪᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠡᠵᠡᠩᠨᠡᠯᠲᠡ ᠶᠢᠨ ᠴᠢᠨᠠᠷᠲᠠᠶ ᠲᠠᠷᠢᠵᠤ ᠤᠷᠭᠤᠭᠤᠯᠬᠤ᠂ ᠲᠡᠵᠢᠭᠡᠨ ᠦᠷᠡᠵᠢᠭᠦᠯᠬᠦ ᠵᠡᠷᠭᠡ ᠶᠢᠨ ᠲᠣᠭᠲᠠᠭᠠᠭᠰᠠᠨ ᠬᠢᠵᠠᠭᠠᠷ ᠲᠣᠭᠠᠨ ᠠᠴᠠ ᠳᠠᠪᠠᠭᠰᠠᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠲᠠᠲᠠᠵᠤ ᠬᠡᠷᠡᠭᠯᠡᠬᠦ ᠤᠰᠤᠨ ︵ᠭᠠᠵᠠᠷ ᠤᠨ ᠭᠠᠳᠠᠷᠭᠤ ᠶᠢᠨ ᠤᠰᠤ᠂ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ ᠶᠢ ᠪᠠᠭᠲᠠᠨ᠎ᠠ︶ ᠠᠴᠠ ᠤᠰᠤᠨ ᠤ ᠡᠬᠢ ᠰᠤᠷᠪᠤᠯᠵᠢ ᠶᠢᠨ ᠭᠠᠶᠢᠯᠢ ᠲᠠᠲᠠᠪᠤᠷᠢᠯᠠᠵᠤ᠂ ᠪᠣᠳᠠᠲᠠᠶ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ ᠲᠤᠭ᠎ᠠ ᠶᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠡᠬᠢ ᠰᠤᠷᠪᠤᠯᠵᠢ ᠶᠢᠨ ᠭᠠᠶᠢᠯᠢ ᠳᠤ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ ᠲᠣᠭᠠᠨ ᠤ ᠬᠦᠰᠦᠨᠦᠭᠲᠦ ︵ᠵᠠᠰᠠᠪᠤᠷᠢ ᠣᠷᠤᠭᠤᠯᠤᠭᠰᠠᠨ︶︾ ︵ᠳᠠᠭᠠᠯᠳᠤᠭᠤᠯᠤᠯ ᠳᠤ ᠦᠵᠡᠭᠡᠷᠡᠢ︶ ᠶᠢᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠳᠥᠷᠪᠡ᠂ ︽ᠠᠷᠭ᠎ᠠ︾ ᠳᠠᠬᠢ ︽ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ︾ ᠭᠡᠬᠦ ᠦᠭᠦᠯᠡᠯᠲᠡ ᠳᠤ ︽ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ︾ ᠭᠡᠵᠦ ᠵᠠᠰᠠᠪᠤᠷᠢ ᠤᠷᠤᠭᠤᠯᠪᠠ︔ ︽ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ︾ ᠭᠡᠬᠦ ᠦᠭᠦᠯᠡᠯᠲᠡ ᠳᠤ ︽ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ︾ ᠭᠡᠵᠦ ᠵᠠᠰᠠᠪᠤᠷᠢ ᠤᠷᠤᠭᠤᠯᠪᠠ︔ ︽ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ︾ ᠭᠡᠬᠦ ᠦᠭᠦᠯᠡᠯᠲᠡ ᠳᠤ ︽ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ︾ ᠭᠡᠵᠦ ᠵᠠᠰᠠᠪᠤᠷᠢ ᠤᠷᠤᠭᠤᠯᠪᠠ︔ ︽ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ︾ ᠭᠡᠬᠦ ᠦᠭᠦᠯᠡᠯᠲᠡ ᠳᠤ ᠴᠦᠮ ᠬᠠᠰᠤᠪᠠ︔ ︽ᠥᠪᠥᠷ ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ︾ ᠭᠡᠬᠦ ᠥᠭᠦᠯᠡᠯᠲᠡ ᠶᠢ ︽ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ︾ ᠭᠡᠵᠦ ᠵᠠᠰᠠᠪᠤᠷᠢ ᠤᠷᠤᠭᠤᠯᠪᠠ᠃ ᠲᠠᠪᠤ᠂ ︽ᠠᠷᠭ᠎ᠠ︾ ᠳᠠᠬᠢ ᠳᠠᠭᠠᠯᠳᠤᠭᠤᠯᠤᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠡᠬᠢ ᠰᠤᠷᠪᠤᠯᠵᠢ ᠶᠢᠨ ᠭᠠᠶᠢᠯᠢ ᠳᠤ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ ᠲᠣᠭᠠᠨ ᠤ ᠬᠦᠰᠦᠨᠦᠭᠲᠦ︾ ᠳᠤ ᠰᠢᠨ᠎ᠡ ᠪᠠᠷ ᠵᠠᠰᠠᠪᠤᠷᠢ ᠤᠷᠤᠭᠤᠯᠪᠠ ︵ᠳᠠᠭᠠᠯᠳᠤᠭᠤᠯᠤᠯ ᠳᠤ ᠦᠵᠡᠭᠡᠷᠡᠢ︶᠃ ᠵᠢᠷᠭᠤᠭ᠎ᠠ᠂ ᠲᠣᠰ ᠮᠡᠳᠡᠭᠳᠡᠯ ᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠡᠬᠢ ᠰᠤᠷᠪᠤᠯᠵᠢ ᠶᠢᠨ ᠭᠠᠶᠢᠯᠢ ᠳᠤ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ ᠲᠣᠭᠠᠨ ᠤ ᠬᠦᠰᠦᠨᠦᠭᠲᠦ ︵ᠵᠠᠰᠠᠪᠤᠷᠢ ᠣᠷᠤᠭᠤᠯᠤᠭᠰᠠᠨ︶
ᠬᠦᠰᠦᠨᠦᠭ ᠨᠢᠭᠡ ︵ᠠᠳᠡ ᠲᠣᠪᠴᠢᠳᠠᠪᠠᠯ ᠵᠢᠷᠤᠭ ᠢᠯᠡᠷᠡᠨ᠎ᠡ︶ ᠬᠦᠰᠦᠨᠦᠭ ᠬᠤᠶᠠᠷ ︵ᠠᠳᠡ ᠲᠣᠪᠴᠢᠳᠠᠪᠠᠯ ᠵᠢᠷᠤᠭ ᠢᠯᠡᠷᠡᠨ᠎ᠡ︶
|
|
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|