ᠪᠥ᠋ ᠰᠢᠶᠤᠤ ᠯᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠥ ᠳᠤᠮᠳᠠᠳᠤ ᠤᠯᠤᠰ ︵ᠥᠪᠥᠷ ᠮᠣᠩᠭᠤᠯ︶᠎ ᠤᠨ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠪᠠᠶᠢᠭᠤᠯᠬᠤ ᠶᠡᠷᠦᠩᠬᠡᠶ ᠲᠥᠰᠦᠯ ᠢ ᠰᠤᠳᠤᠯᠵᠠᠢ
ᠨᠡᠶᠢᠲᠡᠯᠡᠭᠰᠡᠨ ᠴᠠᠭ᠄
2020/4/24
     4 ᠰᠠᠷ᠎ᠠ ᠶᠢᠨ 23᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠳᠤᠮᠳᠠᠳᠤ ᠤᠯᠤᠰ ︵ᠥᠪᠥᠷ ᠮᠣᠩᠭᠤᠯ︶ ᠎ ᠤᠨ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠪᠠᠶᠢᠭᠤᠯᠬᠤ ᠲᠤᠬᠠᠢ ᠶᠡᠷᠦᠩᠬᠡᠢ ᠲᠥᠰᠦᠯ︾᠎ ᠢ ᠰᠤᠳᠤᠯᠪᠠ᠃      ᠬᠤᠷᠠᠯ ᠠᠴᠠ᠂ ᠮᠠᠨ ᠤ ᠣᠷᠣᠨ ︽ᠤᠮᠠᠷᠠᠲᠤ ᠶᠢᠨ ᠭᠤᠷᠪᠠᠨ ᠣᠷᠣᠨ︾᠎ ᠳᠤ ᠤᠷᠤᠰᠢᠵᠤ ᠤᠷᠤᠰ᠂ ᠮᠣᠩᠭᠤᠯ ᠤᠯᠤᠰ ᠲᠠᠢ ᠬᠢᠯᠢᠯᠠᠵᠦ᠂ ᠬᠢᠯᠢ ᠳᠠᠭᠠᠤ ᠨᠡᠬᠡᠬᠡᠯᠳᠡ ᠬᠢᠬᠦ ᠥᠪᠡᠷᠮᠢᠴᠡ ᠳᠠᠪᠠᠭᠤᠯᠢᠭ ᠲᠠᠢ ᠶᠤᠮ᠃ ᠳᠤᠮᠳᠠᠳᠤ ᠤᠯᠤᠰ ︵ᠥᠪᠥᠷ ᠮᠣᠩᠭᠤᠯ︶᠎ ᠤᠨ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠪᠠᠶᠢᠭᠤᠯᠬᠤ ᠪᠣᠯ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠠᠵᠢᠯᠯᠠᠭ᠎ᠠ ᠮᠥᠨ᠂ ᠮᠠᠨ ᠤ ᠣᠷᠣᠨ ᠤ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠪᠤᠯᠤᠨ ︽ᠨᠢᠭᠡ ᠪᠦᠰᠡ ᠨᠢᠭᠡ ᠵᠠᠮ︾᠎ ᠤᠨ ᠪᠥᠲᠥᠭᠡᠨ ᠪᠠᠶᠢᠭᠤᠯᠤᠯᠲᠠ ᠳᠤ ᠨᠠᠩ ᠰᠠᠶᠢᠲᠤᠷ ᠠᠭᠤᠰᠤᠯᠴᠠᠬᠤ᠂ ᠭᠠᠳᠠᠭᠠᠳᠤ ᠨᠡᠭᠡᠭᠡᠯᠲᠡ ᠶᠢᠨ ᠲᠦᠪᠰᠢᠨ ᠢ ᠳᠡᠭᠡᠭᠰᠢᠯᠡᠭᠦᠯᠬᠦ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ ᠬᠡᠵᠥ ᠵᠢᠭᠠᠵᠥ ᠭᠠᠷᠭᠠᠪᠠ᠃      ᠬᠤᠷᠠᠯ ᠠᠴᠠ ︽ᠳᠤᠮᠳᠠᠳᠤ ᠤᠯᠤᠰ ︵ᠥᠪᠥᠷ ᠮᠣᠩᠭᠤᠯ︶᠎ ᠤᠨ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠪᠠᠶᠢᠭᠤᠯᠬᠤ ᠲᠤᠬᠠᠶ ᠶᠡᠷᠦᠩᠬᠡᠶ ᠲᠥᠰᠦᠯ︾᠎ ᠢ ᠵᠠᠷᠴᠢᠮ ᠳᠡᠭᠡᠷ᠎ᠡ ᠪᠠᠨ ᠪᠠᠲᠤᠯᠠᠵᠤ᠂ ᠵᠢᠷᠦᠮ ᠶᠣᠰᠣᠭᠠᠷ ᠲᠥᠷᠥ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠵᠤ ᠵᠥᠪᠰᠢᠶᠡᠷᠡᠭᠦᠯᠬᠦ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号