ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠰᠤᠷᠭᠠᠭᠤᠯᠢ ᠡᠬᠢᠯᠡᠵᠦ ᠬᠢᠴᠢᠶᠡᠯᠯᠡᠬᠦ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2020/4/24
     4 ᠳ᠋ᠦ᠋ᠭᠡᠷ ᠰᠠᠷ᠎ᠠ ᠶᠢᠨ 22᠎ ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ᠃ ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠪᠥᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠨᠢ ᠠᠩᠬ᠎ᠠ ᠳᠤᠮᠳᠠᠳᠤ ᠪᠠ ᠥᠨᠳᠥᠷ ᠳᠤᠮᠳᠠᠳᠤ ᠶᠢᠨ ᠭᠤᠷᠪᠠᠳᠤᠭᠠᠷ ᠣᠨ ᠬᠢᠴᠢᠶᠡᠯᠯᠡᠭᠰᠡᠨ ᠤ ᠳᠠᠷᠠᠭᠠᠬᠢ ᠪᠤᠰᠤᠳ ᠰᠤᠷᠤᠯᠭ᠎ᠠ ᠶᠢᠨ ᠱᠠᠲᠤᠨ ᠤ ᠰᠤᠷᠭᠠᠭᠤᠯᠢ ᠡᠬᠢᠯᠡᠵᠦ ᠬᠢᠴᠢᠶᠡᠯᠯᠡᠬᠦ ᠠᠵᠢᠯ ᠢ ᠴᠢᠩᠭ᠎ᠠ ᠪᠥᠭᠡᠳ ᠨᠠᠷᠢᠨ ᠪᠣᠳᠠᠲᠠᠶ ᠰᠠᠶᠢᠲᠤᠷ ᠠᠳᠬᠤᠬᠤ ᠬᠡᠷᠡᠭᠲᠡᠶ ᠭᠡᠵᠦ ᠱᠠᠭᠠᠷᠳᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠳ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠬᠠᠷᠢᠶ᠎ᠠ ᠣᠷᠣᠨ ᠳᠤ ᠨᠢ ᠬᠠᠮᠢᠶᠠᠷᠤᠭᠤᠯᠬᠤ ᠵᠠᠷᠴᠢᠮ ᠢ ᠪᠠᠷᠢᠮᠲᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯᠯᠠᠭ᠎ᠠ ᠶᠢᠨ ᠪᠠᠶᠢᠩᠭᠤᠵᠢᠭᠰᠠᠨ ᠨᠥᠬᠦᠴᠡᠯ ᠳᠣᠤᠷᠠᠬᠢ ᠰᠤᠷᠭᠠᠭᠤᠯᠢ ᠡᠬᠢᠯᠡᠵᠦ ᠬᠢᠴᠢᠶᠡᠯᠯᠡᠬᠦ ᠠᠵᠢᠯ ᠢ ᠪᠣᠯᠭᠤᠮᠵᠢᠲᠠᠶ ᠪᠥᠭᠡᠳ ᠢᠳᠡᠪᠬᠢᠲᠡᠶ᠂ ᠨᠠᠷᠢᠨ ᠨᠢᠭᠲᠠ ᠪᠢᠲᠡᠭᠦᠮᠵᠢᠯᠡᠨ ᠰᠠᠶᠢᠲᠤᠷ ᠬᠢᠵᠦ᠂ ︽ᠬᠤᠶᠠᠷ ᠲᠠᠯ᠎ᠠ ᠶᠢ ᠵᠡᠷᠭᠡ ᠪᠠᠷ ᠠᠳᠬᠤᠬᠤ︾᠎ ᠶᠢ ᠢᠮᠠᠭᠲᠠ ᠪᠠᠷᠢᠮᠲᠠᠯᠠᠵᠤ᠂ ︽ᠬᠤᠤᠰ ᠢᠯᠠᠯᠲᠠ︾᠎ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠤᠳ ︽ᠨᠠᠮ ᠵᠢᠮ ᠰᠠᠬᠢᠬᠤ︾᠎ ᠠᠴᠠ ︽ᠬᠦᠳᠡᠯᠦᠩᠭᠦᠢ ᠪᠠᠷ ᠰᠡᠷᠭᠡᠶᠢᠯᠡᠬᠦ︾ ᠳᠠᠰᠢ ᠰᠢᠯᠵᠢᠵᠦ᠂ ᠰᠤᠷᠭᠠᠭᠤᠯᠢ ᠡᠬᠢᠯᠡᠵᠦ ᠬᠢᠴᠢᠶᠡᠯᠯᠡᠬᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠪᠠ ᠠᠷᠭᠠᠴᠠᠭᠠᠬᠤ ᠠᠷᠭ᠎ᠠ ᠬᠡᠮᠵᠢᠶ᠎ᠡ ᠶᠢ ᠴᠠᠭ ᠲᠤᠬᠠᠢ ᠳᠤ ᠨᠢ ᠳᠣᠭᠢᠷᠠᠭᠤᠯᠤᠨ ᠪᠦᠷᠢᠨᠰᠢᠭᠦᠯᠵᠦ᠂ ᠰᠢᠨᠵᠢᠯᠡᠬᠦ ᠤᠬᠠᠭᠠᠨᠴᠢ ᠪᠦᠲᠦᠮᠵᠢᠲᠡᠶ ᠰᠡᠷᠭᠡᠶᠢᠯᠡᠨ ᠡᠵᠡᠮᠳᠡᠬᠦ᠂ ᠠᠮᠤᠷ ᠲᠦᠪᠰᠢᠨ ᠡᠮᠬᠢ ᠵᠢᠷᠤᠮ ᠲᠠᠢ ᠰᠤᠷᠭᠠᠭᠤᠯᠢ ᠡᠬᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠰᠤᠷᠭᠠᠭᠤᠯᠢ ᠡᠬᠢᠯᠡᠬᠦ ᠶᠢ ᠦᠨᠡᠯᠡᠨ ᠵᠢᠱᠢᠬᠦ ᠶᠢ ᠪᠠᠷᠢᠮᠵᠢᠶᠠᠵᠢᠭᠤᠯᠵᠤ᠂ ᠪᠠᠷᠢᠮᠵᠢᠶ᠎ᠠ ᠳᠤ ᠬᠦᠷᠬᠦ ᠦᠭᠡᠢ ᠶᠢ ᠨᠢ ᠴᠥᠮ ᠡᠬᠢᠯᠡᠭᠦᠯᠵᠦ ᠪᠣᠯᠬᠤ ᠦᠭᠡᠢ᠃ ᠡᠯ᠎ᠡ ᠭᠠᠵᠠᠷ ᠤᠳ ᠰᠤᠷᠭᠠᠭᠤᠯᠢ ᠡᠬᠢᠯᠡᠵᠦ ᠬᠢᠴᠢᠶᠡᠯᠯᠡᠬᠦ ᠨᠥᠬᠦᠴᠡᠯ ᠢ ᠨᠠᠷᠢᠨ ᠬᠢᠨᠠᠮᠠᠭᠠᠢ ᠦᠨᠡᠯᠡᠨ ᠵᠢᠱᠢᠵᠦ᠂ ᠰᠢᠰᠲ᠋ᠧᠮᠵᠢ ᠶᠢ ᠲᠡᠭᠦᠯᠳᠡᠷᠵᠢᠭᠦᠯᠦᠨ᠂ ᠡᠭᠦᠷᠭᠡ ᠶᠢ ᠠᠵᠢᠯ ᠤᠨ ᠪᠠᠶᠢᠷᠢ ᠳᠤ ᠨᠢ ᠬᠦᠷᠭᠡᠵᠦ᠂ ᠬᠠᠷᠢᠭᠤᠴᠠᠯᠭ᠎ᠠ ᠶᠢ ᠬᠤᠪᠢ ᠬᠥᠮᠦᠨ ᠳᠤ ᠲᠤᠯᠭᠠᠨ᠂ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠬᠡᠷᠡᠭᠲᠡᠶ᠃ ᠪᠠᠭᠰᠢ ᠰᠤᠷᠤᠭᠴᠢᠳ ᠤᠨ ᠡᠷᠡᠭᠦᠯ ᠮᠡᠨᠳᠦ ᠶᠢᠨ ᠪᠠᠶᠢᠳᠠᠯ ᠢ ᠲᠤᠭ᠎ᠠ ᠪᠠᠷᠢᠮᠲᠠᠵᠢᠭᠤᠯᠬᠤ ᠬᠡᠷᠡᠭᠲᠡᠶ᠃ ᠲᠣᠮᠣ ᠳ᠋ᠠᠶᠢᠲ᠋ᠠ ᠶᠢᠨ ᠬᠠᠮᠢᠶᠠᠷᠤᠯᠲᠠ ᠪᠠᠷ ᠳᠠᠮᠵᠢᠭᠤᠯᠤᠨ᠂ ᠪᠠᠭᠰᠢ ᠰᠣᠷᠣᠭᠴᠢ ᠨᠢᠭᠡᠪᠦᠷᠢ ᠶᠢᠨ ᠡᠷᠡᠭᠦᠯ ᠮᠡᠨᠳᠦ ᠶᠢᠨ ᠪᠠᠶᠢᠳᠠᠯ ᠳᠤ ᠪᠠᠲᠤᠯᠠᠭ᠎ᠠ ᠲᠠᠢ ᠪᠠᠶᠢᠵᠤ᠂ ︽ᠡᠷᠡᠭᠦᠯ ᠮᠡᠨᠳᠦ ᠶᠢᠨ ᠺᠣᠳ᠋︾᠎ ᠢ ᠰᠠᠶᠢᠲᠤᠷ ᠬᠡᠷᠡᠭᠯᠡᠬᠦ ᠶᠢᠨ ᠬᠠᠮᠲᠤ ᠮᠡᠳᠡᠭᠡ ᠵᠠᠩᠭᠢ ᠶᠢᠨ ᠣᠨᠣᠪᠴᠢᠲᠤ ᠴᠢᠨᠠᠷ ᠢ ᠴᠠᠭ ᠲᠤᠬᠠᠶ ᠳᠤ ᠨᠢ ᠵᠢᠭᠰᠠᠭᠠᠨ ᠪᠠᠶᠢᠴᠠᠭᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠵᠡᠷᠭᠡ ᠰᠠᠯᠠᠭ᠎ᠠ ᠮᠥᠴᠢᠷ ᠯᠦᠭᠡ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢ ᠴᠢᠩᠭᠠᠷᠠᠭᠤᠯᠬᠤ ᠬᠡᠷᠡᠭᠲᠡᠢ᠃ ᠰᠤᠷᠭᠠᠭᠤᠯᠢ ᠶᠢᠨ ᠬᠦᠷᠢᠶᠡᠨ ᠤ ᠬᠠᠮᠢᠶᠠᠷᠤᠯᠲᠠ ᠶᠢ ᠨᠠᠷᠢᠯᠢᠬᠵᠢᠭᠤᠯᠬᠤ ᠬᠡᠷᠡᠭᠲᠡᠶ᠃ ︽ᠲᠠᠪᠤᠨ ᠪᠦᠭᠦᠳᠡ︾᠎ ᠶᠢᠨ ᠱᠠᠭᠠᠷᠳᠠᠯᠭ᠎ᠠ ᠶᠣᠰᠣᠭᠠᠷ᠂ ︽ᠨᠢᠭᠡ ᠰᠤᠷᠭᠠᠭᠤᠯᠢ ᠳᠤ ᠨᠢᠭᠡ ᠠᠷᠭ᠎ᠠ ᠪᠣᠳᠣᠯᠭ᠎ᠠ ᠠᠪᠬᠤ︾᠎ ᠶᠢ ᠪᠠᠷᠢᠮᠲᠠᠯᠠᠨ᠂ ᠪᠦᠯᠦᠭ ᠬᠤᠪᠢᠶᠠᠨ ᠰᠤᠷᠭᠠᠭᠤᠯᠢ ᠳᠤ ᠪᠠᠨ ᠪᠤᠴᠠᠬᠤ ᠠᠵᠢᠯ ᠤᠨ ᠲᠥᠰᠦᠯ ᠢ ᠰᠠᠶᠢᠲᠤᠷ ᠬᠢᠵᠦ᠂ ᠰᠤᠷᠤᠭᠴᠢᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠰᠤᠷᠭᠠᠭᠤᠯᠢ ᠳᠤ ᠪᠠᠨ ᠪᠤᠴᠠᠭᠰᠠᠨ ᠤ ᠳᠠᠷᠠᠭ᠎ᠠ ᠨᠡᠶᠢᠭᠡᠮ ᠤᠨ ᠬᠠᠷᠢᠯᠴᠠᠭᠠᠨ ᠤ ᠵᠣᠬᠢᠰᠲᠠᠶ ᠵᠠᠶ ᠶᠢ ᠪᠠᠲᠤᠯᠠᠬᠤ ᠬᠡᠷᠡᠭᠲᠡᠢ᠃ ᠬᠦᠮᠦᠡᠯᠢᠭ ᠰᠣᠶᠣᠯ ᠢ ᠤᠬᠠᠭᠤᠯᠤᠨ ᠬᠥᠮᠦᠵᠢᠭᠦᠯᠬᠦ ᠬᠡᠷᠡᠭᠲᠡᠶ᠃ ᠠᠮᠢ ᠨᠠᠰᠤ᠂ ᠡᠷᠡᠭᠦᠯ ᠮᠡᠨᠳᠦ᠂ ᠡᠷᠡᠭᠦᠯ ᠬᠠᠮᠠᠭᠠᠯᠠᠯ ᠤᠨ ᠬᠥᠮᠦᠵᠢᠯ ᠢ ᠢᠳᠡᠪᠬᠢᠲᠡᠢ ᠥᠷᠨᠢᠭᠦᠯᠵᠦ᠂ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠬᠤᠪᠢ ᠬᠥᠮᠦᠨ ᠤ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠲᠠᠢ ᠪᠣᠯᠭᠠᠵᠤ᠂ ᠰᠤᠷᠤᠭᠴᠢᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠠ᠃      ᠡᠭᠦᠨ ᠠᠴᠠ ᠭᠠᠳᠠᠨ᠎ᠠ᠂ ᠰᠤᠷᠭᠠᠭᠤᠯᠢ ᠳᠤ ᠪᠠᠨ ᠪᠤᠴᠠᠵᠤ ᠳᠡᠶᠢᠯᠦᠭᠡᠳᠦᠶ ᠪᠠᠭᠰᠢ ᠰᠤᠷᠤᠭᠴᠢᠳ ᠲᠤ᠂ ᠡᠯ᠎ᠡ ᠰᠤᠷᠭᠠᠭᠤᠯᠢ ᠨᠤᠭᠤᠳ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠪᠠ ᠬᠠᠪᠰᠤᠷᠤᠨ ᠲᠡᠳᠬᠦᠬᠦ ᠵᠢᠴᠢ ᠬᠦᠮᠦᠡᠯᠢᠭ ᠬᠠᠯᠠᠮᠵᠢᠯᠠᠯ ᠢ ᠰᠠᠶᠢᠲᠤᠷ ᠬᠢᠬᠦ ᠬᠡᠷᠡᠭᠲᠡᠶ᠃ ᠡᠯ᠎ᠡ ᠶᠡᠭᠡ ᠳᠡᠭᠡᠳᠦ ᠰᠤᠷᠭᠠᠭᠤᠯᠢ ᠨᠤᠭᠤᠳ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯ ᠣᠯᠭᠤᠬᠤ ᠳᠤ ᠲᠦᠢᠯ ᠤᠨ ᠣᠨᠤᠪᠴᠢᠲᠠᠢ ᠪᠠᠷ ᠦᠢᠯᠡᠴᠢᠯᠡᠬᠦ᠂ ᠠᠵᠢᠯ ᠣᠯᠭᠤᠬᠤ ᠠᠷᠭ᠎ᠠ ᠵᠠᠮ ᠢ ᠥᠷᠭᠡᠳᠬᠡᠬᠦ᠂ ᠠᠵᠢᠯ ᠣᠯᠬᠤ ᠦᠵᠡᠯᠲᠡ ᠶᠢ ᠨᠢ ᠬᠥᠲᠥᠯᠥᠨ ᠳᠠᠭᠠᠭᠤᠯᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠵᠤ᠂ ᠰᠤᠷᠭᠠᠭᠤᠯᠢ ᠲᠡᠭᠦᠰᠦᠭᠰᠡᠳ ᠤᠨ ᠠᠮᠵᠢᠯᠲᠠ ᠲᠠᠢ ᠲᠡᠭᠦᠰᠬᠦ ᠶᠢ ᠦᠨᠡᠨ ᠬᠦ ᠪᠠᠲᠤᠯᠠᠬᠤ ᠬᠡᠷᠡᠭᠲᠡᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号