ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠮᠠᠨ ᠤ | ᠣᠷᠣᠨ ᠤ ᠵᠡᠭᠦᠨ ᠬᠡᠰᠡᠭ ᠤᠨ ᠭᠠᠵᠠᠷ ᠣᠷᠣᠨ ᠲᠦᠷᠦᠭᠦᠤ ᠡᠭᠡᠯᠵᠢ ᠶᠢᠨ ᠶᠡᠭᠡ ᠬᠡᠪᠴᠢᠶᠡᠨ ᠤ ᠬᠤᠷ᠎ᠠ ᠲᠤᠨᠳᠠᠰᠤᠨ ᠤ | ᠠᠭᠤᠷ ᠠᠮᠢᠰᠬᠤᠯ ᠢ ᠥᠩᠭᠡᠷᠡᠭᠦᠯᠦᠭᠰᠡᠨ ᠤ ᠳᠠᠷᠠᠭ᠎ᠠ᠂ ᠭᠠᠩ ᠬᠠᠭᠰᠠᠷᠠᠭᠠᠨ ᠤ ᠪᠠᠶᠢᠳᠠᠯ ᠢᠯᠡᠳᠲᠡ ᠨᠠᠮᠳᠠᠪᠠ᠃ | ᠳᠤᠮᠳᠠ ᠪᠠᠷᠠᠭᠤᠨ ᠬᠡᠰᠡᠭ ᠤᠨ ᠭᠠᠩ ᠬᠠᠭᠰᠠᠷᠠᠭᠠᠨ ᠦᠷᠭᠦᠯᠵᠢᠯᠡᠵᠦ᠂ ᠭᠠᠩᠳᠠᠵᠤ ᠪᠠᠶᠢᠭ᠎ᠠ ᠲᠠᠯᠠᠪᠠᠶ ᠨᠢ ᠪᠥᠬᠦ | ᠣᠷᠣᠨ ᠤ ᠶᠡᠷᠦᠩᠬᠡᠶ ᠲᠠᠯᠠᠪᠠᠶ ᠶᠢᠨ 55.4% ᠶᠢ ᠡᠵᠡᠯᠡᠵᠦ ᠪᠠᠶᠢᠨ᠎ᠠ᠃ | ᠢᠷᠡᠬᠦ 3 ᠡᠳᠦᠷ ᠲᠤ᠂ ᠪᠥᠬᠦ ᠣᠷᠣᠨ ᠤ ᠬᠤᠷ᠎ᠠ ᠲᠤᠨᠳᠠᠰᠤ ᠨᠡᠯᠢᠶᠡᠳ ᠲᠠᠷᠠᠬᠠᠶ ᠮᠥᠷᠲᠡᠭᠡᠨ ᠬᠡᠮᠵᠢᠶ᠎ᠡ ᠨᠢ | ᠪᠠᠭ᠎ᠠ ᠪᠠᠶᠢᠵᠤ᠂ ᠶᠡᠭᠡ ᠰᠠᠯᠬᠢᠨ ᠤ ᠠᠭᠠᠵᠢᠮ ᠢᠶᠠᠷ ᠨᠠᠮᠳᠠᠵᠤ᠂ ᠠᠭᠠᠷ ᠤᠨ ᠳᠤᠯᠠᠭᠠᠨ ᠲᠦᠷᠭᠡᠨ ᠳᠡᠭᠡᠭᠰᠢᠯᠡᠵᠦ᠂ | ᠳᠤᠮᠳᠠ ᠪᠠᠷᠠᠭᠤᠨ ᠬᠡᠰᠡᠭ ᠤᠨ ᠶᠡᠬᠡᠩᠬᠢ ᠭᠠᠵᠠᠷ ᠤᠨ ᠬᠠᠮᠤᠭ ᠤᠨ ᠥᠨᠳᠥᠷ ᠳᠤᠯᠠᠭᠠᠨ ᠨᠢ 25℃ ᠢ ᠳᠠᠪᠠᠭ᠋ᠤ | ᠪᠣᠯᠤᠨ᠎ᠠ᠃ ᠴᠡᠯᠮᠡᠭ ᠳᠤᠯᠠᠭᠠᠨ ᠠᠭᠤᠷ ᠠᠮᠢᠰᠬᠤᠯ ᠤᠨ ᠨᠦᠯᠦᠭᠡ ᠪᠠᠷ ᠳᠤᠮᠳᠠ ᠬᠡᠰᠡᠭ ᠠᠴᠠ ᠪᠠᠷᠠᠭᠤᠨᠰᠢᠬᠢ ᠭᠠᠵᠠᠷ | ᠣᠷᠣᠨ ᠳᠤ ᠭᠠᠩ ᠬᠠᠭᠰᠠᠷᠠᠭᠠᠨ ᠦᠷᠭᠦᠯᠵᠢᠯᠡᠬᠦ ᠪᠣᠯᠣᠨ᠎ᠠ᠃ | ᠣᠳᠣᠬᠠᠨ ᠳᠤ ᠮᠠᠯᠵᠢᠬᠤ ᠣᠷᠣᠨ ᠤ ᠭᠠᠩᠳᠠᠭᠰᠠᠨ ᠲᠠᠯᠠᠪᠠᠶ ᠨᠢ ᠪᠠᠷᠤᠭ 6 ᠬᠤᠪᠢ ᠪᠠᠶᠢᠵᠤ᠂ ᠬᠦᠨᠳᠦ ᠭᠠᠩ | ᠬᠠᠭᠰᠠᠷᠠᠭᠠᠨ ᠢᠶᠠᠷ ᠭᠤᠣᠯᠯᠠᠨ᠎ᠠ︔ ᠲᠠᠷᠢᠶᠠᠯᠠᠬᠤ ᠣᠷᠣᠨ ᠤ ᠬᠢᠨ 4 ᠬᠤᠪᠢ ᠰᠢᠬᠠᠮ ᠪᠠᠶᠢᠵᠤ᠂ ᠳᠤᠮᠳᠠ ᠵᠡᠷᠭᠡ ᠶᠢᠨ | ᠭᠠᠩ ᠬᠠᠭᠰᠠᠷᠠᠭᠠᠨ ᠢᠶᠠᠷ ᠭᠤᠣᠯᠯᠠᠨ᠎ᠠ︔ ᠣᠶᠢᠲᠤ ᠣᠷᠣᠨ ᠤ ᠬᠢᠨ 4 ᠬᠤᠪᠢ ᠶᠢ ᠳᠠᠪᠠᠭᠰᠠᠨ ᠪᠣᠯᠪᠠᠴᠤ ᠭᠠᠩ ᠤᠨ | ᠪᠠᠶᠢᠳᠠᠯ ᠬᠦᠩᠭᠡᠨ ᠪᠠᠶᠢᠨ᠎ᠠ᠃ ᠡᠭᠦᠨ ᠤ ᠬᠠᠮᠲᠤ᠂ ᠪᠥᠬᠦ ᠣᠷᠣᠨ ᠤ ᠬᠥᠷᠥᠰᠥ ᠰᠢᠷᠣᠶ ᠶᠢᠨ ᠴᠢᠭᠢᠭ ᠤᠨ ᠪᠠᠶᠢᠳᠠᠯ | ᠴᠤ ᠲᠡᠶᠢᠮᠦ ᠰᠠᠶᠢᠨ ᠪᠢᠰᠢ᠂ ᠨᠡᠯᠢᠶᠡᠳ ᠰᠠᠶᠢᠨ ᠴᠢᠭᠢᠭ ᠤᠨ ᠪᠠᠶᠢᠳᠠᠯ ᠨᠢ ᠵᠥᠪᠬᠡᠨ ᠳᠥᠷᠪᠡᠨ ᠬᠤᠪᠢ ᠶᠢ ᠡᠵᠡᠯᠡᠵᠦ᠂ | ᠨᠢᠳᠤᠨᠤᠨ ᠵᠢᠴᠢ ᠥᠩᠭᠡᠷᠡᠭᠰᠡᠨ ᠵᠢᠯ ᠤᠨ ᠠᠳᠠᠯᠢ ᠬᠤᠭᠤᠴᠠᠭᠠᠨ ᠤ ᠬᠢ ᠲᠠᠢ ᠣᠶᠢᠷᠠᠳᠴᠤ᠂ ᠢᠯᠠᠩᠭᠤᠶ᠎ᠠ ᠮᠠᠯᠵᠢᠬᠤ | ᠣᠷᠣᠨ ᠤ ᠵᠢᠷᠭᠤᠭᠠᠨ ᠬᠤᠪᠢ ᠠᠴᠠ ᠳᠡᠭᠡᠭᠰᠢᠬᠢ ᠲᠠᠯᠠᠪᠠᠶ ᠨᠢ ᠴᠥᠮ ᠭᠤᠷᠪᠠᠳᠤᠭᠠᠷ ᠲᠥᠷᠥᠯ ᠤᠨ ᠴᠢᠭᠢᠭ ᠪᠠᠶᠢᠵᠤ᠂ | ᠪᠡᠯᠴᠢᠭᠡᠷ ᠡᠪᠡᠰᠦ ᠨᠣᠭᠤᠭᠠᠷᠠᠬᠤ ᠳᠤ ᠠᠰᠢᠭ ᠦᠭᠡᠢ ᠶᠤᠮ᠃ ᠭᠠᠩᠳᠠᠭᠰᠠᠨ ᠣᠷᠣᠨ ᠳᠤ ᠠᠷᠭᠠᠴᠠᠭᠠᠬᠤ ᠪᠡᠯᠡᠳᠬᠡᠯ | ᠲᠥᠰᠦᠯ ᠢ ᠤᠷᠢᠳᠴᠢᠯᠠᠨ ᠲᠣᠭᠲᠠᠭᠠᠵᠤ᠂ ᠭᠠᠮᠰᠢᠭ ᠠᠴᠠ ᠰᠠᠨᠠᠭᠠᠴᠢᠯᠠᠭ᠎ᠠ ᠠᠴᠠ ᠪᠠᠨ ᠵᠠᠶᠢᠯᠠᠵᠤ᠂ ᠭᠠᠩ | ᠬᠠᠭᠰᠠᠷᠠᠭᠠᠨ ᠲᠠᠢ ᠲᠡᠮᠡᠴᠡᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠪᠠ ᠪᠠᠶᠢᠴᠠᠭᠠᠨ ᠵᠠᠰᠠᠬᠤ ᠶᠢ | ᠴᠢᠩᠭᠠᠳᠬᠠᠵᠤ᠂ ᠤᠰᠤ ᠬᠡᠷᠡᠭᠯᠡᠬᠦ ᠲᠣᠬᠢᠷᠠᠭᠤᠯᠤᠯᠲᠠ ᠶᠢ ᠰᠠᠶᠢᠲᠤᠷ ᠬᠢᠵᠦ᠂ ᠬᠠᠪᠤᠷ ᠤᠨ ᠲᠠᠷᠢᠶᠠᠯᠠᠭ᠎ᠠ ᠶᠢᠨ | ᠦᠢᠯᠡᠳᠪᠦᠷᠢᠯᠡᠯ ᠤᠨ ᠬᠡᠷᠡᠭᠴᠡᠭᠡ ᠶᠢ ᠬᠠᠩᠭᠠᠬᠤ ᠶᠢ ᠰᠠᠨᠠᠭᠤᠯᠵᠤ ᠪᠠᠶᠢᠨ᠎ᠠ᠃ ᠴᠠᠭ ᠠᠭᠤᠷ ᠤᠨ ᠰᠠᠯᠠᠭ᠎ᠠ ᠮᠥᠴᠢᠷ | ᠴᠢᠭᠢᠭ ᠤᠨ ᠪᠠᠶᠢᠳᠠᠯ᠂ ᠪᠣᠷᠣᠭᠠᠨ ᠤ ᠪᠠᠶᠢᠳᠠᠯ ᠢ ᠬᠢᠨᠠᠨ ᠬᠡᠮᠵᠢᠬᠦ ᠵᠢᠴᠢ ᠵᠠᠩᠭᠢᠯᠭ᠎ᠠ ᠶᠢᠨ ᠴᠢᠨᠠᠷᠲᠠᠶ ᠴᠠᠭ ᠠᠭᠤᠷ ᠢ | ᠤᠷᠢᠳᠴᠢᠯᠠᠨ ᠵᠢᠱᠢᠵᠦ ᠤᠷᠢᠳᠴᠢᠯᠠᠨ ᠮᠡᠳᠡᠭᠡᠯᠡᠬᠦ ᠠᠵᠢᠯ ᠢ ᠰᠠᠶᠢᠲᠤᠷ ᠬᠢᠵᠦ᠂ ᠬᠥᠮᠦᠨ ᠤ ᠬᠦᠴᠦ ᠪᠠᠷ ᠪᠣᠷᠣᠭᠠᠨ | ᠨᠡᠮᠡᠬᠦ᠂ ᠮᠥᠨᠳᠥᠷ ᠢ ᠰᠡᠷᠭᠡᠶᠢᠯᠡᠬᠦ ᠠᠵᠢᠯ ᠢ ᠴᠠᠭ ᠲᠤᠬᠠᠶ ᠳᠤ ᠨᠢ ᠥᠷᠨᠢᠭᠦᠯᠬᠦ ᠬᠡᠷᠡᠭᠲᠡᠶ᠃ |