4 ᠰᠠᠷ᠎ᠠ ᠶᠢᠨ 26 ᠤ ᠡᠳᠦᠷ ᠤᠨ ᠥᠷᠯᠥᠭᠡ ᠶᠢᠨ 7 ᠴᠠᠭ ᠤᠨ ᠦᠶ᠎ᠠ ᠪᠠᠷ ᠬᠥᠬᠡᠬᠤᠲᠠ ᠶᠢᠨ ᠭᠤᠴᠢᠨ | ᠨᠠᠢᠮᠠᠳᠤᠭᠠᠷ ᠳᠤᠮᠳᠠᠳᠤ ᠰᠤᠷᠭᠠᠭᠤᠯᠢ ᠶᠢᠨ ᠰᠤᠷᠤᠭᠴᠢᠳ ᠵᠠᠯᠭᠠᠭ᠎ᠠ ᠪᠠᠷ ᠰᠤᠷᠭᠠᠭᠤᠯᠢ ᠳᠠᠭᠠᠨ ᠢᠷᠡᠵᠡᠭᠡᠵᠦ᠂ | ᠰᠤᠷᠭᠠᠭᠤᠯᠢ ᠶᠢᠨ ᠡᠬᠦᠳᠡᠨ ᠳᠠᠬᠢ ᠤᠯᠠᠭᠠᠨ ᠤ ᠭᠠᠳᠠᠨᠠᠬᠢ ᠪᠡᠶ᠎ᠠ ᠶᠢᠨ ᠬᠠᠯᠠᠭᠤᠨ ᠤ ᠬᠡᠮᠵᠢᠬᠦᠷ ᠢᠶᠠᠷ ᠪᠡᠶ᠎ᠠ ᠶᠢᠨ | ᠳᠤᠯᠠᠭᠠᠨ ᠢᠶᠠᠨ ᠬᠡᠮᠵᠢᠬᠦᠯᠵᠦ᠂ ᠡᠮᠬᠢ ᠵᠢᠷᠤᠮ ᠲᠠᠢ ᠰᠤᠷᠭᠠᠭᠤᠯᠢ ᠶᠢᠨ ᠬᠦᠷᠢᠶᠡᠨ ᠳᠡᠭᠡᠨ ᠤᠷᠤᠵᠤ᠂ ᠠᠩᠬᠢ ᠶᠢᠨ ᠬᠡᠷ | ᠤᠨ ᠡᠬᠦᠳᠡᠨ ᠳᠡᠭᠡᠨ ᠶᠠᠭᠠᠬᠢᠵᠤ ᠢᠷᠡᠭᠰᠡᠨ ᠳᠤᠬᠠᠢ ᠮᠡᠳᠡᠭᠡ ᠵᠠᠩᠬᠢ ᠪᠠᠨ ᠳᠠᠭᠯᠠᠨ ᠬᠢᠴᠢᠶᠡᠯᠯᠡᠬᠦ ᠪᠠᠷ ᠤᠷᠤᠵᠠᠭᠠᠨ᠎ᠠ᠃ | ᠬᠥᠬᠡᠬᠤᠲᠠ ᠶᠢᠨ ᠭᠤᠴᠢᠨ ᠨᠠᠢᠮᠠᠳᠤᠭᠠᠷ ᠳᠤᠮᠳᠠᠳᠤ ᠰᠤᠷᠭᠠᠭᠤᠯᠢ ᠤᠤᠯ ᠤᠨ ᠥᠨᠳᠥᠷ ᠳᠤᠮᠳᠠᠳᠤ ᠶᠢᠨ | ᠭᠤᠷᠪᠠᠳᠤᠭᠠᠷ ᠣᠨ᠂ ᠠᠩᠬ᠎ᠠ ᠳᠤᠮᠳᠠᠳᠤ ᠶᠢᠨ ᠭᠤᠷᠪᠠᠳᠤᠭᠠᠷ ᠣᠨ ᠤ ᠬᠢᠴᠢᠶᠡᠯ ᠰᠡᠷᠭᠦᠭᠡᠬᠦ ᠦᠶ᠎ᠠ ᠶᠢᠨ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶᠡᠨ ᠤ ᠰᠠᠭᠤᠷᠢᠨ ᠳᠡᠭᠡᠷ᠎ᠡ᠂ ᠨᠠᠩ ᠨᠠᠷᠢᠨ ᠨᠢᠭᠲᠠ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ | ᠳᠤᠭᠳᠠᠭᠠᠭᠰᠠᠨ ᠪᠠᠶᠢᠯ᠎ᠠ᠃ ᠰᠤᠷᠭᠠᠭᠤᠯᠢ ᠡᠬᠢᠯᠡᠬᠦ ᠠᠴᠠ ᠡᠮᠦᠨ᠎ᠡ᠂ ᠰᠤᠷᠭᠠᠭᠤᠯᠢ ᠠᠴᠠ ᠪᠤᠴᠠᠵᠤ ᠢᠷᠡᠭᠰᠡᠨ | ᠰᠤᠷᠤᠭᠴᠢᠳ ᠤᠨ ᠡᠷᠡᠭᠦᠯ ᠮᠡᠨᠳᠦ ᠶᠢᠨ ᠪᠠᠶᠢᠳᠠᠯ ᠢ ᠪᠥᠬᠦ ᠲᠠᠯ᠎ᠠ ᠪᠠᠷ ᠤᠶᠢᠯᠠᠭᠠᠵᠤ᠂ ᠡᠪᠡᠳᠴᠢᠨ ᠲᠠᠢ ᠪᠤᠶᠤ | ᠠᠨᠠᠭᠠᠬᠤ ᠤᠬᠠᠭᠠᠨ ᠤ ᠠᠵᠢᠭᠯᠠᠯᠲᠠ ᠳᠠᠭᠤᠰᠤᠭ᠎ᠠ ᠥᠬᠡᠶ ᠬᠥᠮᠦᠰ ᠤᠨ ᠰᠤᠷᠭᠠᠭᠤᠯᠢ ᠳᠠᠭᠠᠨ ᠲᠦᠷ ᠪᠤᠴᠠᠬᠤ | ᠦᠬᠡᠢ ᠶᠢ ᠱᠠᠭᠠᠷᠳᠠᠭᠰᠠᠨ ᠪᠠᠶᠢᠨ᠎ᠠ᠃ ᠠᠩᠬ᠎ᠠ ᠳᠤᠮᠳᠠᠳᠤ᠂ ᠥᠨᠳᠥᠷ ᠳᠤᠮᠳᠠᠳᠤ ᠵᠢᠴᠢ ᠪᠠᠭᠰᠢ ᠠᠵᠢᠯᠲᠠᠨ ᠤ | ᠰᠤᠷᠭᠠᠭᠤᠯᠢ ᠳᠤ ᠣᠷᠣᠬᠤ ᠵᠠᠮ ᠢ ᠲᠣᠰ ᠲᠣᠰ ᠲᠤᠨᠢ ᠪᠠᠶᠢᠷᠢᠯᠠᠭᠤᠯᠪᠠ᠃ ᠬᠢᠴᠢᠶᠡᠯ ᠡᠬᠢᠯᠡᠭᠰᠡᠨ ᠠᠩᠬᠠᠨ ᠤ ᠡᠳᠦᠷ᠂ | ᠰᠣᠷᠣᠭᠴᠢ ᠨᠢᠭᠡᠪᠦᠷᠢ ᠳᠤ ᠰᠤᠷᠭᠠᠭᠤᠯᠢ ᠶᠢᠨ ᠨᠠᠶᠢᠷᠠᠭᠤᠯᠤᠨ ᠬᠡᠪᠯᠡᠭᠰᠡᠨ ︽ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠠᠷ ᠳᠡᠪᠲᠡᠷ︾ ᠢ ᠲᠠᠷᠬᠠᠭᠠᠵᠤ᠂ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠪᠡ᠃ ᠡᠭᠦᠨ ᠠᠴᠠ ᠭᠠᠳᠠᠨ᠎ᠠ᠂ ᠡᠮᠦᠨᠡᠬᠢ ᠬᠤᠭᠤᠴᠠᠭᠠᠨ ᠤ ᠪᠠᠶᠢᠴᠠᠭᠠᠨ ᠰᠤᠳᠤᠯᠤᠯᠲᠠ ᠪᠠᠷ ᠳᠡᠮᠵᠢᠨ᠂ | ᠪᠥᠬᠦ ᠰᠤᠷᠭᠠᠭᠤᠯᠢ ᠶᠢᠨ ᠬᠡᠷ ᠨᠢ ᠬᠤᠯᠠ ᠪᠠᠶᠢᠭ᠎ᠠ 51 ᠰᠣᠷᠣᠭᠴᠢ ᠶᠢᠨ ᠦᠳᠡ ᠶᠢᠨ ᠬᠤᠭᠤᠯᠠᠨ ᠤ ᠠᠰᠠᠭᠤᠳᠠᠯ ᠢ | ᠰᠢᠢᠳᠪᠦᠷᠢᠯᠡᠵᠦ ᠦᠭᠬᠦ ᠪᠠᠷ ᠲᠤᠭᠳᠠᠵᠤ᠂ ᠪᠣᠯᠭᠤᠮᠵᠢᠲᠠᠶ ᠰᠣᠩᠭᠤᠯᠲᠠ ᠪᠠᠷ ᠳᠡᠮᠵᠢᠨ ᠨᠢᠭᠡᠨ ᠬᠤᠭᠤᠯᠠ ᠬᠦᠷᠬᠡᠬᠦ | ᠠᠵᠤ ᠠᠬᠤᠶᠢᠯᠠᠯ ᠢᠶᠠᠷ ᠬᠤᠭᠤᠯᠠ ᠬᠦᠷᠬᠡᠬᠡᠬᠦᠯᠬᠦ ᠪᠠᠷ ᠪᠤᠯᠪᠠ᠃ ︽ᠰᠤᠷᠭᠠᠭᠤᠯᠢ ᠶᠢᠨ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠠᠯᠢ ᠴᠢᠳᠠᠬᠤᠢᠢᠴᠠ ᠨᠠᠷᠢᠯᠢᠭ ᠠᠳᠬᠤᠵᠤ᠂ ᠰᠤᠷᠤᠭᠴᠢᠳ ᠤᠨ ᠬᠠᠯᠳᠠᠪᠤᠷᠢᠯᠠᠬᠤ ᠲᠦᠭᠰᠢᠭᠦᠷᠢ ᠶᠢ | ᠪᠠᠭᠠᠰᠬᠠᠨ᠎ᠠ︾ ᠭᠡᠵᠦ ᠬᠥᠬᠡᠬᠤᠲᠠ ᠶᠢᠨ ᠭᠤᠴᠢᠨ ᠨᠠᠢᠮᠠᠳᠤᠭᠠᠷ ᠳᠤᠮᠳᠠᠳᠤ ᠰᠤᠷᠭᠠᠭᠤᠯᠢ ᠶᠢᠨ ᠰᠣᠷᠣᠭᠴᠢ ᠶᠢᠨ | ᠬᠠᠮᠢᠶᠠᠷᠤᠯᠳᠠ ᠶᠢᠨ ᠭᠠᠵᠠᠷ ᠤᠨ ᠡᠷᠬᠢᠯᠡᠭᠴᠢ ᠵᠣᠣ ᠳ᠋ᠠ ᠸᠧᠶ ᠲᠠᠨᠢᠯᠴᠠᠭᠤᠯᠤᠯ᠎ᠠ᠃ | ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠮᠡᠳᠡᠭᠳᠡᠯ ᠨᠡᠶᠢᠲᠡᠯᠡᠵᠦ᠂ | ᠨᠢᠬᠡᠨᠳᠡ ᠬᠢᠴᠢᠶᠠᠯ ᠡᠬᠢᠯᠡᠭᠰᠡᠨ ᠠᠩᠬ᠎ᠠ ᠳᠤᠮᠳᠠᠳᠤ ᠶᠢᠨ ᠭᠤᠷᠪᠠᠳᠤᠭᠠᠷ ᠣᠨ᠂ ᠥᠨᠳᠥᠷ ᠳᠤᠮᠳᠠᠳᠤ ᠶᠢᠨ | ᠭᠤᠷᠪᠠᠳᠤᠭᠠᠷ ᠣᠨ ᠠᠴᠠ ᠪᠤᠰᠤᠳ ᠣᠨ ᠨᠢ 4 ᠰᠠᠷ᠎ᠠ ᠶᠢᠨ 23 ᠤ ᠡᠳᠦᠷ ᠠᠴᠠ ᠬᠢᠴᠢᠶᠡᠯ ᠡᠬᠢᠯᠡᠨ᠎ᠡ ᠭᠡᠵᠦ | ᠲᠣᠳᠣᠷᠬᠠᠶ ᠲᠣᠭᠲᠠᠭᠠᠪᠠ᠃ ᠮᠡᠳᠡᠭᠳᠡᠯ ᠢ ᠣᠯᠤᠭᠰᠠᠨ ᠤ ᠳᠠᠷᠠᠭ᠎ᠠ᠂ ᠪᠥᠬᠦ ᠣᠷᠣᠨ ᠤ ᠡᠯ᠎ᠡ ᠭᠠᠵᠠᠷ ᠡᠯ᠎ᠡ | ᠰᠤᠷᠭᠠᠭᠤᠯᠢ ᠨᠤᠭᠤᠳ ᠦᠳᠲᠡᠷ ᠲᠦᠷᠭᠡᠨ ᠢᠶᠠᠷ ᠰᠤᠷᠭᠠᠭᠤᠯᠢ ᠡᠬᠢᠯᠡᠵᠦ ᠬᠢᠴᠢᠶᠡᠯᠯᠡᠬᠦ ᠳᠤᠬᠠᠢ ᠵᠤᠬᠢᠶᠠᠨ | ᠪᠠᠶᠢᠭᠤᠯᠤᠭᠰᠠᠨ ᠪᠠᠶᠢᠨ᠎ᠠ᠃ ᠣᠶᠢᠷ᠎ᠠ ᠶᠢᠨ ᠡᠳᠦᠷ᠂ ᠦᠨᠡᠯᠡᠨ ᠵᠢᠱᠢᠯᠳᠡ ᠬᠢᠭᠰᠡᠨ ᠤ ᠰᠠᠭᠤᠷᠢᠨ ᠳᠡᠬᠡᠷ᠎ᠡ᠂ ᠡᠯ᠎ᠡ | ᠠᠶᠢᠮᠠᠭ ᠬᠤᠲᠠ ᠰᠤᠷᠭᠠᠭᠤᠯᠢ ᠡᠬᠢᠯᠡᠬᠦ ᠪᠣᠳᠠᠲᠠᠶ ᠴᠠᠭ ᠢᠶᠠᠨ ᠵᠠᠯᠭᠠᠭ᠎ᠠ ᠪᠠᠷ ᠨᠡᠶᠢᠲᠡᠯᠡᠪᠡ᠃ ᠡᠭᠦᠨ ᠳᠤ᠂ | ᠬᠥᠬᠡᠬᠤᠲᠠ 4 ᠰᠠᠷ᠎ᠠ ᠶᠢᠨ 26 ᠤ ᠡᠳᠦᠷ ᠠᠩᠬ᠎ᠠ ᠳᠤᠮᠳᠠᠳᠤ᠂ ᠦᠨᠳᠦᠷ ᠳᠤᠮᠳᠠᠳᠤ ᠶᠢᠨ ᠨᠢᠬᠡᠳᠦᠬᠡᠷ ᠬᠤᠶᠠᠳᠤᠭᠠᠷ | ᠣᠨ ᠬᠢᠴᠢᠶᠡᠯ ᠡᠬᠢᠯᠡᠵᠦ᠂ 5 ᠰᠠᠷ᠎ᠠ ᠶᠢᠨ 7 ᠤ ᠡᠳᠦᠷ ᠠᠴᠠ ᠪᠠᠭ᠎ᠠ ᠰᠤᠷᠭᠠᠭᠤᠯᠢ ᠶᠢᠨ ᠳᠥᠷᠪᠡᠳᠦᠭᠡᠷ᠂ | ᠲᠠᠪᠤᠳᠤᠭᠠᠷ᠂ ᠵᠢᠷᠭᠤᠳᠤᠭᠠᠷ ᠣᠨ ᠪᠠ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠬᠢᠴᠢᠶᠡᠯ ᠡᠬᠢᠯᠡᠨ᠎ᠡ | ᠭᠡᠵᠦ ᠲᠣᠭᠲᠠᠭᠠᠪᠠ᠃ ᠤᠯᠠᠭᠠᠨᠬᠠᠳᠠ᠂ ᠪᠤᠭᠤᠲᠤ᠂ ᠣᠷᠳᠣᠰ ᠬᠤᠲᠠ ᠶᠢᠨ ᠳ᠋ᠦᠩᠱᠧᠩ ᠲᠣᠭᠤᠷᠢᠭ᠂ ᠪᠠᠶᠠᠨᠨᠠᠭᠤᠷ | ᠬᠤᠲᠠ ᠶᠢᠨ ᠯᠢᠨ ᠾᠧ ᠲᠣᠭᠤᠷᠢᠭ ᠵᠡᠷᠭᠡ ᠭᠠᠵᠠᠷ ᠴᠥᠮ 4 ᠰᠠᠷ᠎ᠠ ᠶᠢᠨ 26 ᠤ ᠡᠳᠦᠷ ᠠᠴᠠ ᠡᠬᠢᠯᠡᠨ ᠥᠨᠳᠥᠷ | ᠳᠤᠮᠳᠠᠳᠤ ᠪᠠ ᠠᠩᠬ᠎ᠠ ᠳᠤᠮᠳᠠᠳᠤ ᠶᠢᠨ ᠨᠢᠬᠡ ᠬᠤᠶᠠᠳᠤᠭᠠᠷ ᠣᠨ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠬᠢᠴᠢᠶᠡᠯ ᠡᠬᠢᠯᠡᠵᠦ᠂ 5 ᠰᠠᠷ᠎ᠠ ᠶᠢᠨ 7 ᠤ ᠡᠳᠦᠷ ᠠᠴᠠ ᠡᠬᠢᠯᠡᠨ ᠪᠠᠭ᠎ᠠ ᠰᠤᠷᠭᠠᠭᠤᠯᠢ ᠶᠢᠨ | ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠣᠨ ᠬᠢᠴᠢᠶᠡᠯ ᠡᠬᠢᠯᠡᠨ᠎ᠡ ᠭᠡᠵᠦ ᠲᠣᠭᠲᠠᠭᠠᠪᠠ᠃ ᠬᠥᠯᠥᠨ ᠪᠤᠶᠢᠷ | ᠬᠤᠲᠠ 5 ᠰᠠᠷ᠎ᠠ ᠶᠢᠨ 7 ᠤ ᠡᠳᠦᠷ ᠠᠴᠠ ᠡᠬᠢᠯᠡᠨ ᠥᠨᠳᠥᠷ ᠳᠤᠮᠳᠠᠳᠤ ᠠᠩᠬ᠎ᠠ ᠳᠤᠮᠳᠠᠳᠤ ᠶᠢᠨ ᠨᠢᠬᠡᠳᠦᠬᠡᠷ᠂ | ᠬᠤᠶᠠᠳᠤᠭᠠᠷ ᠣᠨ ᠪᠠ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠬᠢᠴᠢᠶᠡᠯ ᠡᠬᠢᠯᠡᠵᠦ᠂ 5 ᠰᠠᠷ᠎ᠠ | ᠶᠢᠨ 11 ᠤ ᠡᠳᠦᠷ ᠠᠴᠠ ᠡᠬᠢᠯᠡᠨ ᠪᠠᠭ᠎ᠠ ᠰᠤᠷᠭᠠᠭᠤᠯᠢ ᠶᠢᠨ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠣᠨ | ᠬᠢᠴᠢᠶᠡᠯ ᠰᠡᠷᠭᠦᠭᠡᠨ᠎ᠡ ᠭᠡᠵᠦ ᠲᠣᠭᠲᠠᠭᠠᠵᠠᠶ᠃ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ︽ᠬᠠᠷᠢᠶ᠎ᠠ ᠣᠷᠣᠨ ᠳᠤᠨᠢ | ᠬᠠᠮᠢᠶᠠᠷᠤᠭᠤᠯᠬᠤ ᠵᠠᠷᠴᠢᠮ ᠢ ᠪᠠᠷᠢᠮᠲᠠᠯᠠᠵᠤ᠂ ᠪᠣᠯᠭᠤᠮᠵᠢᠲᠠᠶ ᠪᠥᠭᠡᠳ ᠢᠳᠡᠪᠬᠢᠲᠡᠶ᠂ ᠬᠢᠵᠢᠭ ᠤᠨ ᠪᠠᠶᠢᠳᠠᠯ ᠢ ᠨᠠᠷᠢᠨ | ᠨᠢᠮᠪᠠᠢ ᠰᠡᠷᠭᠡᠶᠢᠯᠡᠨ ᠡᠵᠡᠮᠳᠡᠬᠦ︾ ᠱᠠᠭᠠᠷᠳᠠᠯᠭ᠎ᠠ ᠪᠠᠷ ᠪᠥᠬᠦ ᠣᠷᠣᠨ ᠤ ᠡᠯ᠎ᠡ ᠭᠠᠵᠠᠷ ᠤᠨ ᠰᠤᠷᠭᠠᠭᠤᠯᠢ ᠡᠬᠢᠯᠡᠬᠦ | ᠠᠵᠢᠯ ᠡᠮᠬᠢ ᠴᠡᠭᠴᠡ ᠲᠠᠢ ᠶᠠᠪᠤᠭᠳᠠᠵᠤ ᠪᠠᠶᠢᠨ᠎ᠠ᠃ |