ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠳᠤ ᠵᠢᠭᠤᠯᠴᠢᠯᠠᠬᠤ ᠪᠠᠷ ᠭᠠᠷᠴᠤ ᠪᠣᠯᠤᠨ᠎ᠠ ᠤᠤ ᠦᠭᠡᠢ ᠤᠤ︖ ᠭᠠᠳᠠᠭᠰᠢ ᠭᠠᠷᠴᠤ ᠵᠢᠭᠤᠯᠴᠢᠯᠠᠬᠤ ᠳᠤ ᠶᠠᠭᠤ ᠶᠢ ᠠᠩᠬᠠᠷᠬᠤ ᠴᠢᠬᠤᠯᠠ ᠲᠠᠢ ᠪᠤᠢ︖ ᠠᠮᠠᠷᠠᠯᠲᠠ ᠶᠢᠨ ᠬᠤᠭᠤᠴᠠᠭᠠᠨ ᠤ ᠭᠠᠳᠠᠭᠰᠢ ᠭᠠᠷᠬᠤ ᠵᠦᠭᠯᠡᠭᠦᠷ ᠢ ᠬᠤᠷᠢᠶᠠᠨ ᠠᠪᠴᠤ ᠦᠵᠡᠭᠡᠷᠡᠢ︕
ᠨᠡᠶᠢᠲᠡᠯᠡᠭᠰᠡᠨ ᠴᠠᠭ᠄
2020/4/28
     ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ 2020 ᠣᠨ ᠤ ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ ᠤᠨ ᠲᠣᠬᠢᠷᠠᠭᠤᠯᠤᠯᠲᠠ ᠶᠢ ᠦᠨᠳᠦᠰᠦᠯᠡᠪᠡᠯ᠂ ᠡᠨᠡ ᠵᠢᠯ ᠤᠨ ︽5 · 1︾᠎ ᠤ ᠠᠮᠠᠷᠠᠯᠲᠠ ᠨᠢ 5 ᠳ᠋ᠤᠭᠠᠷ ᠰᠠᠷ᠎ᠠ ᠶᠢᠨ 1᠎ ᠤ ᠡᠳᠦᠷ ᠠᠴᠠ 5᠎ ᠤ ᠡᠳᠦᠷ ᠪᠣᠯᠲᠠᠯ᠎ᠠ᠂ ᠨᠡᠶᠢᠲᠡ 5 ᠡᠳᠦᠷ ᠴᠢᠯᠥᠭᠡ ᠲᠠᠯᠪᠢᠬᠤ ᠪᠣᠯᠤᠨ᠎ᠠ᠃ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠣ᠂ ᠡᠨᠡ ᠠᠮᠠᠷᠠᠯᠲᠠ ᠳᠤ ᠭᠠᠳᠠᠭᠰᠢ ᠭᠠᠷᠴᠤ ᠵᠢᠭᠤᠯᠴᠢᠯᠠᠵᠤ ᠪᠣᠯᠤᠨ᠎ᠠ ᠤᠤ︖ ᠬᠠᠮᠢᠭ᠎ᠠ ᠣᠴᠢᠪᠠᠯ ᠲᠣᠬᠢᠷᠠᠮᠵᠢᠲᠠᠶ ᠪᠤᠢ︖ ᠶᠠᠮᠠᠷ ᠶᠠᠮᠠᠷ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠤᠪᠠᠯ ᠵᠣᠬᠢᠬᠤ ᠪᠤᠶ︖
 
     ᠠᠯᠢ ᠡᠷᠲᠡ 4 ᠳ᠋ᠦ᠋ᠭᠡᠷ ᠰᠠᠷ᠎ᠠ ᠶᠢᠨ 13᠎ ᠤ ᠡᠳᠦᠷ᠂ ᠰᠣᠶᠣᠯ ᠪᠠ ᠵᠢᠭᠤᠯᠴᠢᠯᠠᠯ ᠤᠨ ᠶᠠᠮᠤᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠮᠲᠤᠷᠠᠨ ᠮᠡᠳᠡᠭᠳᠡᠯ ᠲᠠᠷᠬᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠵᠢᠭᠤᠯᠴᠢᠯᠠᠯ ᠤᠨ ᠦᠵᠡᠮᠵᠢ ᠶᠢᠨ ᠣᠷᠣᠨ ᠵᠥᠪᠬᠡᠨ ᠬᠡᠷ ᠤᠨ ᠭᠠᠳᠠᠨᠠᠬᠢ ᠦᠵᠡᠮᠵᠢ ᠶᠢᠨ ᠣᠷᠣᠨ ᠢ ᠨᠡᠭᠡᠭᠡᠵᠦ᠂ ᠬᠡᠷ ᠳᠣᠲᠣᠷᠠᠬᠢ ᠲᠠᠯᠠᠪᠤᠷ ᠭᠠᠵᠠᠷ ᠢ ᠲᠦᠷ ᠨᠡᠭᠡᠭᠡᠬᠦ ᠥᠬᠡᠶ᠂ ᠵᠢᠭᠤᠯᠴᠢᠯᠠᠭᠴᠢᠳ ᠢ ᠭᠥᠯᠢᠶᠡᠨ ᠠᠪᠬᠤ ᠬᠡᠮᠵᠢᠶ᠎ᠡ ᠶᠢ ᠬᠢᠨᠠᠨ ᠲᠣᠭᠲᠠᠭᠠᠭᠰᠠᠨ ᠬᠠᠮᠤᠭ ᠤᠨ ᠶᠡᠭᠡ ᠳᠠᠭᠠᠭᠠᠴᠠ ᠶᠢᠨ ᠬᠡᠮᠵᠢᠶᠡᠨ ᠤ 30%᠎ ᠠᠴᠠ ᠬᠡᠲᠦᠷᠡᠭᠦᠯᠵᠦ ᠪᠣᠯᠬᠤ ᠥᠬᠡᠶ ᠭᠡᠵᠦ ᠱᠠᠭᠠᠷᠳᠠᠪᠠ᠃ ᠮᠡᠳᠡᠭᠳᠡᠯ ᠪᠠᠭᠤᠯᠭᠠᠭᠰᠠᠨ ᠤ ᠳᠠᠷᠠᠭ᠎ᠠ᠂ ᠡᠯ᠎ᠡ ᠭᠠᠵᠠᠷ ᠤᠨ ᠬᠢᠨ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠵᠠᠯᠭᠠᠭ᠎ᠠ ᠪᠠᠷ ᠨᠡᠶᠢᠲᠡᠯᠡᠪᠡ᠃
     ᠪᠡᠭᠡᠵᠢᠩ ᠬᠤᠲᠠ᠄ ᠬᠠᠷᠢᠶ᠎ᠠ ᠪᠦᠬᠦᠢ 10 ᠴᠡᠴᠡᠷᠯᠢᠭ ᠪᠦᠬᠦᠨ ᠢᠶᠠᠷ ᠢᠶᠠᠨ ᠰᠦᠯᠵᠢᠶᠡᠨ ᠳᠡᠭᠡᠷ᠎ᠡ ᠵᠢᠩᠬᠢᠨᠢ ᠨᠡᠷ᠎ᠡ ᠪᠠᠷ ᠤᠷᠢᠳᠴᠢᠯᠠᠨ ᠪᠢᠯᠧᠲ ᠬᠤᠳᠠᠯᠳᠤᠨ ᠠᠪᠬᠤ ᠶᠢ ᠬᠡᠷᠡᠭᠵᠢᠭᠦᠯᠦᠨ᠎ᠡ      ᠪᠡᠭᠡᠵᠢᠩ ᠬᠤᠲᠠ ᠶᠢᠨ ᠴᠡᠴᠡᠷᠯᠢᠭ ᠤᠨ ᠬᠠᠮᠢᠶᠠᠷᠤᠯᠲᠠ ᠶᠢᠨ ᠲᠥᠪ ᠤᠨ 4 ᠳ᠋ᠦ᠋ᠭᠡᠷ ᠰᠠᠷ᠎ᠠ ᠶᠢᠨ 24᠎ ᠤ ᠡᠳᠦᠷ ᠤᠨ ᠨᠡᠶᠢᠲᠡᠯᠡᠭᠰᠡᠨ ᠢᠶᠠᠷ᠂ ᠡᠨᠡ ᠵᠢᠯ ᠤᠨ ︽5 · 1︾᠎ ᠤ ᠠᠮᠠᠷᠠᠯᠲᠠ ᠶᠢᠨ ᠬᠤᠭᠤᠴᠠᠭᠠᠨ ᠳᠤ ᠪᠡᠭᠡᠵᠢᠩ ᠬᠤᠲᠠ ᠶᠢᠨ ᠬᠠᠷᠢᠶᠠᠨ ᠳᠠᠬᠢ 11 ᠴᠡᠴᠡᠷᠯᠢᠭ ᠤᠨ 10 ᠴᠡᠴᠡᠷᠯᠢᠭ ᠨᠢ ᠪᠦᠬᠦᠨ ᠢᠶᠠᠷ ᠢᠶᠠᠨ ᠠᠩᠬ᠎ᠠ ᠤᠳᠠᠭ᠎ᠠ ︽ᠰᠦᠯᠵᠢᠶᠡᠨ ᠳᠡᠭᠡᠷ᠎ᠡ ᠵᠢᠩᠬᠢᠨᠢ ᠨᠡᠷ᠎ᠡ ᠪᠠᠷ ᠤᠷᠢᠳᠴᠢᠯᠠᠨ ᠪᠢᠯᠧᠲ ᠬᠤᠳᠠᠯᠳᠤᠨ ᠠᠪᠴᠤ᠂ ᠵᠢᠩᠬᠢᠨᠢ ᠨᠡᠷ᠎ᠡ ᠪᠠᠷ ᠪᠢᠯᠧᠲ ᠢᠶᠠᠨ ᠰᠢᠯᠭᠠᠭᠤᠯᠵᠤ ᠴᠡᠴᠡᠷᠯᠢᠭ ᠲᠤ ᠣᠷᠣᠬᠤ︾᠎ ᠶᠢ ᠬᠡᠷᠡᠭᠵᠢᠭᠦᠯᠬᠦ ᠪᠦᠭᠡᠳ ᠵᠢᠭᠤᠯᠴᠢᠯᠠᠭᠴᠢᠳ ᠲᠣᠭᠤᠷᠢᠨ ᠦᠵᠡᠬᠦ ᠴᠠᠭ ᠢᠶᠠᠨ ᠤᠷᠢᠳᠴᠢᠯᠠᠨ ᠲᠥᠯᠥᠪᠯᠡᠵᠦ᠂ ᠤᠷᠢᠳᠴᠢᠯᠠᠨ ᠪᠢᠯᠧᠲ ᠬᠤᠳᠠᠯᠳᠤᠨ ᠠᠪᠬᠤ ᠪᠠ ᠣᠷᠭᠢᠯ ᠦᠶ᠎ᠡ ᠶᠢ ᠵᠦᠷᠢᠭᠦᠯᠵᠦ ᠵᠢᠭᠤᠯᠴᠢᠯᠠᠬᠤ ᠰᠠᠨᠠᠭᠤᠯᠭ᠎ᠠ ᠳᠤᠷᠠᠳᠪᠠ᠃ 10 ᠴᠡᠴᠡᠷᠯᠢᠭ ᠨᠢ ᠲᠤᠰ ᠲᠤᠰ ᠢ ᠾᠧ ᠶᠤᠸᠠᠨ ᠴᠡᠴᠡᠷᠯᠢᠭ᠂ ᠲᠢᠶᠠᠨ ᠲᠠᠨ ᠴᠡᠴᠡᠷᠯᠢᠭ᠂ ᠪᠧᠶ ᠬᠠᠢ ᠴᠡᠴᠡᠷᠯᠢᠭ᠂ ᠵᠦᠩ ᠱᠠᠨ ᠴᠡᠴᠡᠷᠯᠢᠭ᠂ ᠰᠢᠶᠠᠩ ᠱᠠᠨ ᠴᠡᠴᠡᠷᠯᠢᠭ᠂ ᠵᠢᠩ ᠱᠠᠨ ᠴᠡᠴᠡᠷᠯᠢᠭ᠂ ᠪᠡᠭᠡᠵᠢᠩ ᠤᠨ ᠠᠮᠢᠲᠠᠨ ᠤ ᠬᠦᠷᠢᠶᠡᠯᠡᠩ᠂ ᠪᠡᠭᠡᠵᠢᠩ ᠤᠨ ᠤᠷᠭᠤᠮᠠᠯ ᠤᠨ ᠬᠦᠷᠢᠶᠡᠯᠡᠩ᠂ ᠲᠤᠤ ᠷᠠᠨ ᠲᠢᠩ ᠴᠡᠴᠡᠷᠯᠢᠭ᠂ ᠢᠦᠶ ᠶᠤᠸᠠᠨ ᠲᠠᠨ ᠴᠡᠴᠡᠷᠯᠢᠭ ᠪᠣᠯᠤᠨ᠎ᠠ
     ▲ ᠪᠡᠭᠡᠵᠢᠩ ᠤᠨ ᠢᠦᠢ ᠶᠤᠸᠠᠨ ᠲᠠᠨ ᠴᠡᠴᠡᠷᠯᠢᠭ ︵ᠮᠠᠲ᠋ᠧᠷᠢᠶᠠᠯ ᠵᠢᠷᠤᠭ︶᠎       ᠵᠢᠭᠤᠯᠴᠢᠯᠠᠭᠴᠢᠳ ᠡᠯ᠎ᠡ ᠶᠡᠭᠡ ᠴᠡᠴᠡᠷᠯᠢᠭ ᠤᠨ ᠨᠡᠶᠢᠲᠡᠯᠡᠭᠰᠡᠨ ᠪᠢᠯᠧᠲ ᠬᠤᠳᠠᠯᠳᠤᠨ ᠠᠪᠬᠤ ᠲᠠᠪᠴᠠᠩ ᠢᠶᠠᠷ ᠳᠠᠮᠵᠢᠨ 1᠎ ᠠᠴᠠ 7 ᠡᠳᠦᠷ ᠤᠷᠢᠳᠴᠢᠯᠠᠨ ᠪᠣᠯᠵᠣᠵᠤ ᠴᠡᠴᠡᠷᠯᠢᠭ ᠤᠨ ᠡᠭᠦᠳᠡᠨ ᠪᠢᠯᠧᠲ ᠢ ᠬᠤᠳᠠᠯᠳᠤᠨ ᠠᠪᠴᠤ ᠪᠣᠯᠤᠨ᠎ᠠ᠃ ᠠᠩᠬᠠᠷᠬᠤ ᠨᠢ᠂ ᠢ ᠾᠧ ᠶᠤᠸᠠᠨ ᠴᠡᠴᠡᠷᠯᠢᠭ᠂ ᠲᠢᠶᠠᠨ ᠲᠠᠨ ᠴᠡᠴᠡᠷᠯᠢᠭ᠂ ᠰᠢᠶᠠᠩ ᠱᠠᠨ ᠴᠡᠴᠡᠷᠯᠢᠭ᠂ ᠪᠡᠭᠡᠵᠢᠩ ᠤᠨ ᠠᠮᠢᠲᠠᠨ ᠤ ᠬᠦᠷᠢᠶᠡᠯᠡᠩ ᠨᠢ ᠲᠣᠰ ᠲᠣᠰ ᠤᠨ ᠸᠢᠴᠠᠲ ᠤᠨ ᠨᠡᠶᠢᠲᠡ ᠶᠢᠨ ᠳ᠋ᠤᠭᠠᠷ ᠳᠡᠭᠡᠷ᠎ᠡ ᠤᠷᠢᠳᠴᠢᠯᠠᠨ ᠪᠣᠯᠵᠣᠵᠦ ᠪᠣᠰᠣᠳ ᠴᠡᠴᠡᠷᠯᠢᠭ ᠤᠳ ᠨᠢ ︽ᠰᠡᠯᠡᠭᠦᠴᠡᠨ ᠵᠤᠭᠠᠴᠠᠬᠤ ᠴᠡᠴᠡᠷᠯᠢᠭ︾ ᠸᠢᠴᠠᠲ ᠤᠨ ᠨᠡᠶᠢᠲᠡ ᠶᠢᠨ ᠳ᠋ᠤᠭᠠᠷ ᠢᠶᠠᠷ ᠨᠢᠭᠡᠳᠦᠯᠲᠡᠶ ᠤᠷᠢᠳᠴᠢᠯᠠᠨ ᠪᠣᠯᠵᠣᠨ᠎ᠠ︔ ᠵᠢᠭᠤᠯᠴᠢᠯᠠᠭᠴᠢᠳ ᠴᠡᠴᠡᠷᠯᠢᠭ ᠲᠤ ᠣᠷᠣᠬᠤ ᠎ ᠳᠤ ᠪᠠᠨ ᠡᠷᠬᠡᠪᠰᠢ ᠲᠣᠰ ᠬᠦᠮᠦᠨ ᠤ ᠪᠡᠶ᠎ᠡ ᠶᠢᠨ ᠦᠨᠡᠮᠯᠡᠯ ᠢᠶᠠᠷ ᠢᠶᠠᠨ ᠴᠡᠴᠡᠷᠯᠢᠭ ᠲᠤ ᠣᠷᠤᠬᠤ ᠬᠡᠷᠡᠭᠲᠡᠢ᠂ ᠲᠤᠬᠠᠶ ᠶᠢᠨ ᠲᠠᠯᠠᠪᠤᠷ ᠲᠤ ᠪᠢᠯᠧᠲ ᠬᠤᠳᠠᠯᠳᠤᠬᠤ ᠥᠬᠡᠶ᠃      ᠱᠠᠩᠬᠠᠶ᠄ ᠳᠣᠷᠣᠨᠠᠲᠤ ᠶᠢᠨ ᠭᠡᠷᠡᠯᠲᠦ ᠰᠤᠪᠤᠳ ᠵᠡᠷᠭᠡ ᠠᠯᠳᠠᠷᠲᠤ ᠦᠵᠡᠮᠵᠢ ᠶᠢᠨ ᠭᠠᠵᠠᠷ ᠡᠭᠦᠳᠡ ᠪᠠᠨ ᠨᠡᠬᠡᠭᠡᠳᠦᠢ        ᠱᠠᠩᠬᠠᠶ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠢᠯᠡᠷᠬᠡᠶᠢᠯᠡᠭᠰᠡᠨ ᠢᠶᠠᠷ᠂ ᠡᠨᠡ ᠵᠢᠯ ᠤᠨ ︽5 · 1︾᠎ ᠤ ᠠᠮᠠᠷᠠᠯᠲᠠ ᠶᠢᠨ ᠬᠤᠭᠤᠴᠠᠭᠠᠨ ᠳᠤ ᠱᠠᠩᠬᠠᠶ ᠶᠢᠨ ᠬᠡᠰᠡᠭ ᠨᠠᠷᠠᠲᠤ ᠦᠵᠡᠮᠵᠢ ᠶᠢᠨ ᠭᠠᠵᠠᠷ ᠨᠢ ᠡᠭᠦᠳᠡ ᠪᠠᠨ ᠨᠡᠬᠡᠬᠡᠬᠦ ᠦᠭᠡᠢ᠄ ᠡᠭᠦᠨ ᠳᠤ ᠳᠣᠷᠣᠨᠠᠲᠤ ᠶᠢᠨ ᠭᠡᠷᠡᠯᠲᠦ ᠰᠤᠪᠤᠳ ᠷᠠᠳᠢᠣ᠋ ᠲᠧᠯᠸᠢᠰ ᠤᠨ ᠰᠤᠪᠤᠷᠭ᠎ᠠ᠂ ᠱᠠᠩᠬᠠᠶ ᠶᠢᠨ ᠳᠣᠷᠣᠨᠠᠲᠤ ᠶᠢᠨ ᠭᠡᠷᠡᠯᠲᠦ ᠰᠤᠪᠤᠳ ᠬᠤᠲᠠ ᠶᠢᠨ ᠠᠭᠤᠳᠠᠮ ᠲᠠᠯᠠᠪᠠᠶ ᠵᠢᠴᠢ ᠯᠢᠩ ᠮᠢ ᠶᠡᠭᠡ ᠲᠠᠩᠬᠢᠮ᠂ ᠱᠠᠩᠬᠠᠶ ᠶᠢᠨ ᠬᠤᠲᠠ ᠶᠢᠨ ᠲᠡᠤᠬᠡ ᠶᠢᠨ ᠬᠥᠭᠵᠢᠯᠲᠡ ᠶᠢᠨ ᠳᠡᠯᠭᠡᠨ ᠦᠵᠡᠭᠦᠯᠬᠦ ᠣᠷᠳᠣᠨ᠂ ᠳᠣᠷᠣᠨᠠᠲᠤ ᠶᠢᠨ ᠭᠡᠷᠡᠯᠲᠦ ᠰᠤᠪᠤᠳ ᠫᠦᠵᠢᠶᠠᠩ ᠮᠥᠷᠡᠨ ᠤ ᠵᠢᠭᠤᠯᠴᠢᠯᠠᠯ ᠵᠡᠷᠭᠡ ᠲᠠᠯᠠᠪᠤᠷ ᠭᠠᠵᠠᠷ ᠨᠢ ᠴᠥᠮ ᠡᠭᠦᠳᠡ ᠪᠠᠨ ᠨᠡᠬᠡᠬᠡᠬᠦ ᠦᠭᠡᠢ᠃ ᠡᠭᠦᠨ ᠠᠴᠠ ᠭᠠᠳᠠᠨ᠎ᠠ᠂ ᠱᠠᠩᠬᠠᠶ ᠶᠢᠨ ᠲᠡᠯᠡᠶ ᠲᠠᠩᠭᠢᠰ ᠤᠨ ᠤᠰᠤᠨ ᠠᠮᠢᠲᠠᠨ ᠤ ᠣᠷᠳᠣᠨ᠂ ᠶᠢᠨ ᠮᠤᠤ ᠲᠣᠮᠣ ᠠᠰᠠᠷ ᠤᠨ 88 ᠳ᠋ᠤᠭᠠᠷ ᠳᠠᠪᠬᠤᠷᠭ᠎ᠠ ᠶᠢᠨ ᠲᠣᠭᠤᠷᠢᠨ ᠦᠵᠡᠬᠦ ᠲᠠᠩᠬᠢᠮ᠂ ᠱᠠᠩᠬᠠᠶ ᠶᠢᠨ ᠳ᠋ᠦ᠋ ᠱᠠ ᠬᠠᠲᠤᠨ ᠤ ᠯᠠ ᠶᠢᠨ ᠱᠤᠭᠤᠮᠠᠯ ᠤᠨ ᠣᠷᠳᠣᠨ ᠵᠡᠷᠭᠡ ᠦᠵᠡᠮᠵᠢ ᠶᠢᠨ ᠣᠷᠣᠨ ᠴᠤ ᠲᠦᠷ ᠨᠡᠭᠡᠭᠡᠬᠦ ᠥᠬᠡᠶ᠃
     ▲ᠱᠠᠩᠬᠠᠶ ᠶᠢᠨ ᠳᠣᠷᠣᠨᠠᠲᠤ ᠶᠢᠨ ᠭᠡᠷᠡᠯᠲᠦ ᠰᠤᠪᠤᠳ ᠷᠠᠳᠢᠣ᠋ ᠲᠧᠯᠸᠢᠰ ᠤᠨ ᠰᠤᠪᠤᠷᠭ᠎ᠠ ︵ᠮᠠᠲ᠋ᠧᠷᠢᠶᠠᠯ ᠵᠢᠷᠤᠭ︶            ᠱᠧᠨᠵᠧᠨ᠄ ᠵᠡᠭᠦᠨ ᠬᠡᠰᠡᠭ ᠤᠨ ᠳᠤᠮᠳᠠᠳᠤ ᠶᠢᠨ ᠬᠠᠷᠢᠶᠠᠲᠤ ᠬᠤᠲᠠ ᠶᠢᠨ ᠶᠡᠭᠡ ᠵᠠᠪᠡ ᠶᠢᠨ ᠬᠦᠷᠢᠶᠡᠯᠡᠩ ᠤᠨ ᠭᠡᠷ ᠳᠣᠲᠣᠷᠠᠬᠢ ᠲᠦᠷᠦᠯ ᠵᠦᠢᠯ ᠪᠠ ᠲᠣᠭᠯᠠᠯᠲᠠ ᠶᠢᠨ ᠠᠵᠢᠯᠯᠠᠭ᠎ᠠ ᠶᠢ ᠲᠦᠷ ᠨᠡᠭᠡᠭᠡᠬᠦ ᠦᠭᠡᠢ      ︽5 · 1︾᠎ ᠤ ᠠᠮᠠᠷᠠᠯᠲᠠ ᠶᠢᠨ ᠬᠤᠭᠤᠴᠠᠭ᠎ᠠ ᠨᠢ ᠮᠥᠨ ᠬᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠣᠷᠣᠰᠢᠵᠤ ᠪᠠᠶᠢᠬᠤ ᠪᠣᠯᠬᠤᠷ ᠱᠧᠨᠵᠧᠨ ᠤ ᠬᠡᠰᠡᠭ ᠪᠦᠯᠦᠭ ᠦᠵᠡᠮᠵᠢ ᠶᠢᠨ ᠣᠷᠣᠨ ᠳᠤ ᠬᠦᠮᠦᠰ ᠤᠨ ᠵᠤᠭᠠᠴᠠᠬᠤ ᠶᠢ ᠬᠢᠵᠠᠭᠠᠷᠯᠠᠬᠤ ᠲᠣᠭᠲᠠᠭᠠᠯ ᠭᠠᠷᠭᠠᠪᠠ᠃
    ▲ᠵᠡᠭᠦᠨ ᠬᠡᠰᠡᠭ ᠤᠨ ᠳᠤᠮᠳᠠᠳᠤ ᠶᠢᠨ ᠬᠠᠷᠢᠶᠠᠲᠤ ᠬᠤᠲᠠ ᠶᠢᠨ ᠶᠡᠭᠡ ᠵᠡᠪᠡ ᠶᠢᠨ ᠬᠦᠷᠢᠶᠡᠯᠡᠩ ᠲᠣᠭᠤᠷᠢᠭ ︵ᠮᠠᠲ᠋ᠧᠷᠢᠶᠠᠯ ᠵᠢᠷᠤᠭ︶      ᠵᠡᠭᠦᠨ ᠬᠡᠰᠡᠭ ᠤᠨ ᠳᠤᠮᠳᠠᠳᠤ ᠶᠢᠨ ᠬᠠᠷᠢᠶᠠᠲᠤ ᠬᠤᠲᠠ᠄ ᠶᠡᠭᠡ ᠵᠡᠪᠡ ᠶᠢᠨ ᠬᠦᠷᠢᠶᠡᠯᠡᠩ ᠨᠢ ᠡᠳᠦᠷ ᠪᠦᠷᠢ 9000 ᠬᠥᠮᠦᠨ ᠤᠳᠠᠭ᠎ᠠ ᠶᠢ ᠵᠤᠭᠠᠴᠠᠭᠤᠯᠬᠤ ᠪᠠᠷ ᠬᠢᠵᠠᠭᠠᠷᠯᠠᠪᠠ᠃ 3 ᠳ᠋ᠤᠭᠠᠷ ᠰᠠᠷ᠎ᠠ ᠶᠢᠨ 23᠎ ᠤ ᠡᠳᠦᠷ ᠨᠡᠭᠡᠭᠡᠯᠲᠡ ᠬᠢᠭᠰᠡᠨ ᠠᠴᠠ ᠨᠠᠭᠠᠰᠢ᠂ ᠦᠵᠡᠮᠵᠢ ᠶᠢᠨ ᠣᠷᠣᠨ ᠤ ᠬᠦᠷᠢᠶᠡᠯᠡᠩ ᠨᠡᠭᠡᠭᠡᠬᠦ ᠴᠠᠭ ᠢ ᠡᠳᠦᠷ ᠪᠦᠷᠢ ᠶᠢᠨ ᠦᠳᠡ ᠶᠢᠨ ᠡᠮᠦᠨᠡᠬᠢ 10 ᠴᠠᠭ ᠪᠣᠯᠭᠠᠨ ᠬᠤᠶᠢᠰᠢᠯᠠᠭᠤᠯᠤᠭᠰᠠᠨ ᠪᠦᠭᠡᠳ ᠭᠡᠷ ᠳᠣᠲᠣᠷᠠᠬᠢ ᠪᠣᠢ ᠪᠦᠬᠦᠢ ᠲᠥᠷᠥᠯ ᠵᠦᠢᠯ ᠪᠣᠯᠤᠨ ᠲᠣᠭᠯᠠᠯᠲᠠ ᠶᠢᠨ ᠠᠵᠢᠯᠯᠠᠭ᠎ᠠ ᠶᠢ ᠲᠦᠷ ᠨᠡᠭᠡᠭᠡᠬᠦ ᠦᠭᠡᠢ᠂ ᠡᠯ᠎ᠡ ᠲᠥᠷᠥᠯ ᠤᠨ ᠪᠦᠯᠬᠦᠮ ᠨᠡᠶᠢᠲᠡ ᠶᠢᠨ ᠵᠢᠭᠤᠯᠴᠢᠯᠠᠭᠴᠢᠳ ᠢ ᠴᠤ ᠲᠦᠷ ᠬᠦᠯᠢᠶᠡᠨ ᠠᠪᠬᠤ ᠦᠭᠡᠢ᠃      ᠱᠧᠨᠵᠧᠨ ᠤ ᠵᠡᠷᠯᠢᠭ ᠠᠮᠢᠲᠠᠨ ᠤ ᠬᠦᠷᠢᠶᠡᠯᠡᠩ᠄ ᠴᠡᠴᠡᠷᠯᠢᠭ ᠲᠤ ᠣᠷᠣᠬᠤ ᠳᠤ ᠪᠠᠨ ᠠᠯᠪᠠᠨ ᠤ ᠰᠦᠯᠵᠢᠶᠡᠨ ᠳᠤ ᠤᠷᠢᠳᠴᠢᠯᠠᠨ ᠪᠣᠯᠵᠣᠬᠤ ᠬᠡᠷᠡᠭᠲᠡᠶ᠂ ᠪᠦᠬᠦ᠋ᠢᠯᠡ ᠠᠮᠢᠲᠠᠨ ᠤ ᠬᠦᠷᠢᠶᠡᠯᠡᠩ ᠳᠤ ᠵᠥᠪᠬᠡᠨ ᠬᠤᠨᠳᠣ ᠨᠠᠭᠤᠷ ᠤᠨ ᠬᠤᠭᠤᠯᠠᠨ ᠲᠠᠩᠬᠢᠮ ᠢ ᠬᠢᠵᠠᠭᠠᠷ ᠲᠠᠢ ᠨᠡᠭᠡᠭᠡᠨ᠎ᠡ᠃      ᠰᠢᠶᠣᠤ ᠮᠧᠶ ᠱᠠ᠄ ᠣᠳᠣᠬᠠᠨ ᠳᠤ ᠵᠥᠪᠬᠡᠨ ᠪᠢᠲᠡᠭᠦᠮᠵᠢᠯᠡᠭᠰᠡᠨ ᠮᠠᠶ᠋ᠢᠭ ᠤᠨ ᠭᠡᠷ ᠳᠣᠲᠣᠷᠠᠬᠢ ᠵᠤᠭ᠎ᠠ ᠴᠡᠩᠭᠡᠯ ᠤᠨ ᠲᠥᠷᠥᠯ ᠵᠦᠢᠯ ᠢ ᠭᠠᠷᠭᠠᠪᠠᠯ ᠪᠣᠰᠤᠳ ᠦᠵᠡᠮᠵᠢ ᠶᠢᠨ ᠴᠡᠭ᠂ ᠡᠵᠡᠩᠨᠡᠯᠲᠡ ᠶᠢᠨ ᠲᠣᠣᠷ ᠴᠡᠭ ᠪᠠ ᠵᠠᠳᠠᠭᠠᠶ ᠵᠤᠭ᠎ᠠ ᠴᠡᠩᠭᠡᠯ ᠤᠨ ᠪᠡᠯᠡᠳᠬᠡᠮᠵᠢ ᠶᠢ ᠪᠦᠬᠦᠨ ᠢ ᠨᠡᠭᠡᠭᠡᠨ᠎ᠡ᠃      ᠱᠠᠨᠳᠦ᠋ᠩ ᠤᠨ ᠵᠢᠨᠠᠨ᠄ A ᠲᠠᠰ ᠤᠨ ᠦᠵᠡᠮᠵᠢ ᠶᠢᠨ ᠣᠷᠣᠨ ᠤ ᠬᠠᠭᠠᠰ ᠠᠴᠠ ᠳᠡᠭᠡᠭᠰᠢ ᠶᠢ ᠨᠢ ᠨᠡᠬᠡᠬᠡᠵᠦ᠂ ᠮᠣᠵᠢ ᠠᠯᠤᠰᠯᠠᠭᠰᠠᠨ ᠪᠤᠶᠤ ᠬᠢᠯᠢ ᠠᠯᠤᠰᠯᠠᠭᠰᠠᠨ ᠪᠦᠯᠬᠦᠮ ᠨᠡᠶᠢᠲᠡ ᠶᠢᠨ ᠵᠢᠭᠤᠯᠴᠢᠯᠠᠯ ᠢ ᠲᠦᠷ ᠰᠡᠷᠭᠦᠭᠡᠬᠦ ᠦᠭᠡᠢ     ᠵᠢᠨᠠᠨ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠦᠨᠳᠦᠰᠦᠯᠡᠪᠡᠯ᠂ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠵᠢᠴᠢ ᠰᠦᠯᠵᠢᠶᠡᠨ ᠳᠡᠭᠡᠷᠡᠬᠢ ᠵᠢᠭᠤᠯᠴᠢᠯᠠᠯ ᠤᠨ ᠠᠵᠤ ᠠᠬᠤᠶᠢᠯᠠᠯ ᠤᠳ ᠲᠣᠰ ᠭᠠᠵᠠᠷ ᠤᠨ ᠵᠢᠭᠤᠯᠴᠢᠯᠠᠯ᠂ ᠡᠷᠬᠢᠨ ᠲᠣᠭᠤᠷᠢᠨ ᠤ ᠵᠢᠭᠤᠯᠴᠢᠯᠠᠯ᠂ ᠮᠤᠵᠢ ᠶᠢᠨ ᠳᠣᠲᠣᠭᠠᠳᠤ ᠶᠢᠨ ᠵᠢᠭᠤᠯᠴᠢᠯᠠᠯ ᠤᠨ ᠲᠤᠬᠠᠶᠢᠯᠠᠭᠰᠠᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ ᠪᠣᠯᠤᠨ᠎ᠠ᠂ ᠮᠤᠵᠢ ᠠᠯᠤᠰᠯᠠᠭᠰᠠᠨ᠂ ᠬᠢᠯᠢ ᠠᠯᠤᠰᠯᠠᠭᠰᠠᠨ ᠪᠤᠶᠤ ᠪᠦᠯᠬᠦᠮ ᠨᠡᠶᠢᠲᠡ ᠶᠢᠨ ᠵᠢᠭᠤᠯᠴᠢᠯᠠᠯ ᠤᠨ ᠲᠤᠬᠠᠶᠢᠯᠠᠭᠰᠠᠨ ᠠᠵᠢᠯ ᠢ ᠲᠦᠷ ᠡᠵᠡᠩᠨᠡᠬᠦ ᠥᠬᠡᠶ᠃      ᠣᠳᠣᠬᠠᠨ ᠪᠣᠯᠲᠠᠯ᠎ᠠ᠂ ᠵᠢᠨᠠᠨ ᠤ ᠨᠡᠷᠡᠲᠦ ᠪᠤᠯᠠᠭ ᠤᠨ ᠦᠵᠡᠮᠵᠢ ᠶᠢᠨ ᠣᠷᠣᠨ᠂ ᠮᠢᠩᠭᠠᠨ ᠪᠤᠷᠬᠠᠨᠲᠤ ᠠᠭᠤᠯᠠᠨ ᠤ ᠠᠯᠳᠠᠷᠲᠤ ᠦᠵᠡᠮᠵᠢ ᠶᠢᠨ ᠣᠷᠣᠨ᠂ ᠯᠢᠩ ᠶᠠᠨ ᠰᠧ ᠰᠦᠮ᠎ᠡ ᠶᠢᠨ ᠵᠢᠭᠤᠯᠴᠢᠯᠠᠯ ᠤᠨ ᠣᠷᠣᠨ ᠵᠡᠷᠭᠡ A ᠲᠠᠰ ᠤᠨ 40 ᠦᠵᠡᠮᠵᠢ ᠶᠢᠨ ᠣᠷᠣᠨ ᠤ ᠬᠡᠷ ᠤᠨ ᠭᠠᠳᠠᠨᠠᠬᠢ ᠦᠵᠡᠮᠵᠢ ᠶᠢᠨ ᠣᠷᠣᠨ ᠤ ᠨᠡᠬᠡᠬᠡᠯᠲᠡ ᠶᠢ ᠰᠡᠷᠭᠦᠭᠡᠵᠦ᠂ ᠡᠨᠡ ᠨᠢ A ᠲᠠᠰ ᠤᠨ ᠦᠵᠡᠮᠵᠢ ᠶᠢᠨ ᠣᠷᠣᠨ ᠤ ᠶᠡᠷᠦᠩᠬᠡᠶ ᠲᠣᠭᠠᠨ ᠤ 50%᠎ ᠠᠴᠠ ᠳᠡᠭᠡᠭᠰᠢᠬᠢ ᠶᠢ ᠡᠵᠡᠯᠡᠪᠡ᠃
     ▲ ᠵᠢᠨᠠᠨ ᠤ ᠮᠢᠩᠭᠠᠨ ᠪᠤᠷᠬᠠᠨᠲᠤ ᠠᠭᠤᠯᠠᠨ ᠤ ᠦᠵᠡᠮᠵᠢᠲᠦ ᠣᠷᠣᠨ ︵ᠮᠠᠲ᠋ᠧᠷᠢᠶᠠᠯ ᠵᠢᠷᠤᠭ︶      ᠠᠨᠾᠦ᠋ᠢ᠄ ᠬᠤᠸᠠᠩᠱᠠᠨ ᠠᠭᠤᠯᠠ ᠶᠢᠨ ᠦᠵᠡᠮᠵᠢᠲᠦ ᠣᠷᠣᠨ ᠨᠢ ᠡᠳᠦᠷ ᠪᠦᠷᠢ 1500 ᠬᠥᠮᠦᠨ ᠢᠶᠠᠷ ᠬᠢᠵᠠᠭᠠᠷᠯᠠᠨ᠎ᠠ      ᠬᠤᠸᠠᠩᠱᠠᠨ ᠠᠭᠤᠯᠠ ᠶᠢᠨ ᠦᠵᠡᠮᠵᠢᠲᠦ ᠣᠷᠣᠨ ᠤ ᠬᠠᠮᠢᠶᠠᠷᠤᠯᠲᠠ ᠶᠢᠨ ᠵᠥᠪᠯᠡᠯ 4 ᠳ᠋ᠦ᠋ᠭᠡᠷ ᠰᠠᠷ᠎ᠠ ᠶᠢᠨ 21᠎ ᠤ ᠣᠷᠣᠶ ᠰᠦᠯᠵᠢᠶᠡᠨ ᠳᠡᠭᠡᠷ᠎ᠡ ᠮᠡᠳᠡᠭᠡ ᠨᠡᠶᠢᠲᠡᠯᠡᠵᠦ᠂ ᠦᠵᠡᠮᠵᠢᠲᠦ ᠣᠷᠣᠨ ᠤ ᠬᠤᠶᠢᠲᠤ ᠶᠡᠭᠡ ᠬᠠᠭᠠᠯᠭ᠎ᠠ 4 ᠳ᠋ᠦ᠋ᠭᠡᠷ ᠰᠠᠷ᠎ᠠ ᠶᠢᠨ 29᠎ ᠤ ᠡᠳᠦᠷ ᠨᠡᠬᠡᠬᠡᠯᠲᠡ ᠪᠠᠨ ᠰᠡᠷᠭᠦᠭᠡᠵᠦ᠂ ᠡᠳᠦᠷ ᠪᠦᠷᠢ ᠶᠢᠨ ᠬᠠᠮᠤᠭ ᠤᠨ ᠶᠡᠭᠡ ᠭᠥᠯᠢᠶᠡᠨ ᠠᠪᠬᠤ ᠬᠡᠮᠵᠢᠶ᠎ᠡ ᠶᠢ 1500 ᠬᠦᠮᠦᠨ ᠤ ᠳᠣᠲᠣᠷ᠎ᠠ ᠬᠢᠵᠠᠭᠠᠷᠯᠠᠨ᠎ᠠ ᠭᠡᠵᠡᠢ᠃
     ▲ ᠬᠤᠸᠠᠩᠱᠠᠨ ᠠᠭᠤᠯᠠ ᠶᠢᠨ ᠦᠵᠡᠮᠵᠢᠲᠦ ᠣᠷᠣᠨ ︵ᠮᠠᠲ᠋ᠧᠷᠢᠶᠠᠯ ᠵᠢᠷᠤᠭ︶      ᠵᠢᠭᠤᠯᠴᠢᠯᠠᠭᠴᠢᠳ ᠠᠭᠤᠯᠠᠨ ᠳᠤ ᠭᠠᠷᠬᠤ ᠳᠤ ᠠᠩᠬᠠᠷᠬᠤ ᠵᠦᠢᠯ᠄     1. ︽ᠸᠠᠨ ᠱᠢ ᠲᠦᠩ︾ App᠎ ᠳᠤ ᠭᠠᠷᠴᠤ᠂ ᠬᠤᠸᠠᠩᠱᠠᠨ ᠬᠤᠲᠠ ᠶᠢ ᠰᠣᠩᠭᠤᠨ ︽ᠡᠷᠡᠭᠦᠯ ᠮᠡᠨᠳᠦ ᠶᠢᠨ ᠺᠣᠳ᠋︾᠎ ᠢ ᠭᠤᠶᠤᠴᠢᠯᠠᠬᠤ ᠬᠡᠷᠡᠭᠲᠡᠢ︔       2. ᠡᠭᠦᠳᠡᠨ ᠪᠢᠯᠧᠲ᠂ ᠲᠡᠷᠭᠡᠨ ᠪᠢᠯᠧᠲ ᠪᠤᠶᠤ ᠳᠡᠭᠦᠵᠢᠩ ᠵᠠᠮ ᠤᠨ ᠪᠢᠯᠧᠲ ᠵᠢᠴᠢ ᠴᠠᠭ ᠮᠦᠴᠡ ᠶᠢ ᠡᠷᠬᠡᠪᠰᠢ ᠤᠷᠢᠳᠴᠢᠯᠠᠨ ᠪᠣᠯᠵᠣᠬᠤ ᠬᠡᠷᠡᠭᠲᠡᠶ︔     3. ᠤᠷᠢᠳᠴᠢᠯᠠᠨ ᠪᠣᠯᠵᠣᠭᠰᠠᠨ ᠤ ᠳᠠᠷᠠᠭ᠎ᠠ᠂ ᠦᠵᠡᠮᠵᠢ ᠶᠢᠨ ᠣᠷᠣᠨ ᠤ ᠡᠭᠦᠳᠡᠨ ᠳᠤ ᠬᠦᠷᠴᠦ ᠺᠣᠳ᠋ ᠰᠢᠷᠪᠢᠭᠦᠯᠵᠦ᠂ ᠪᠡᠶ᠎ᠡ ᠶᠢᠨ ᠬᠠᠯᠠᠭᠤᠨ ᠢᠶᠠᠨ ᠬᠡᠮᠵᠢᠭᠦᠯᠬᠦ ᠬᠡᠷᠡᠭᠲᠡᠢ︔     4. ᠡᠯ᠎ᠡ ᠵᠢᠭᠤᠯᠴᠢᠯᠠᠯ ᠤᠨ ᠭᠠᠵᠠᠷ ᠨᠢ ᠪᠦᠯᠬᠦᠮ ᠨᠡᠶᠢᠲᠡ ᠵᠣᠬᠢᠶᠠᠨ ᠪᠠᠶᠢᠭᠤᠯᠬᠤ ᠳᠤ ᠪᠠᠨ ᠡᠷᠬᠡᠪᠰᠢ 30 ᠬᠥᠮᠦᠨ ᠠᠴᠠ ᠬᠡᠲᠦᠷᠡᠭᠦᠯᠬᠦ ᠦᠭᠡᠢ ᠪᠠᠶᠢᠬᠤ ᠲᠣᠭᠲᠠᠭᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠶ︔     5. ᠥᠨᠳᠥᠷ᠂ ᠳᠤᠮᠳᠠ ᠵᠡᠷᠭᠡ ᠶᠢᠨ ᠲᠦᠭᠰᠢᠭᠦᠷᠢᠲᠡᠶ ᠭᠠᠵᠠᠷ ᠣᠷᠣᠨ ᠪᠣᠯᠤᠨ ᠭᠤᠤᠯᠳᠠᠯᠭ᠎ᠠ ᠲᠠᠢ ᠭᠠᠵᠠᠷ ᠣᠷᠣᠨ ᠠᠴᠠ ᠢᠷᠡᠭᠰᠡᠨ ᠵᠢᠭᠤᠯᠴᠢᠯᠠᠭᠴᠢᠳ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠭᠠᠷ ᠭᠦᠢᠴᠡᠳᠬᠡᠯ ᠭᠦᠢᠴᠡᠳᠬᠡᠬᠦ ᠬᠡᠷᠡᠭᠲᠡᠶ︔     ᠵᠢᠭᠤᠯᠴᠢᠯᠠᠯ ᠤᠨ ᠰᠠᠨᠠᠭᠤᠯᠤᠮᠵᠢ     1. ᠲᠣᠭᠤᠷᠢᠨ ᠵᠤᠭᠠᠴᠠᠬᠤ ᠶᠠᠪᠤᠴᠠ ᠳᠤ ᠶᠠᠭᠤ ᠶᠢ ᠠᠩᠬᠠᠷᠬᠤ ᠬᠡᠷᠡᠭᠲᠡᠢ ᠪᠤᠢ︖     ᠦᠵᠡᠮᠵᠢ ᠶᠢᠨ ᠣᠷᠣᠨ ᠳᠤ ᠡᠮᠬᠢ ᠵᠢᠷᠤᠮ ᠲᠠᠢ ᠮᠥᠷᠯᠡᠨ ᠵᠢᠭᠰᠠᠵᠤ᠂ ᠨᠢᠭᠡ ᠮᠧᠲᠷ ᠠᠴᠠ ᠳᠡᠭᠡᠭᠰᠢ ᠵᠠᠶ ᠲᠠᠢ ᠪᠠᠶᠢᠬᠤ ᠬᠡᠷᠡᠭᠲᠡᠶ︔     ᠬᠥᠮᠦᠨ ᠣᠯᠠᠨ ᠲᠠᠯᠠᠪᠤᠷ ᠲᠤ ᠠᠮᠠᠪᠴᠢ ᠵᠡᠭᠦᠨ᠂ ᠬᠠᠨᠢᠶᠠᠬᠤ ᠰᠤᠷᠲᠠᠯ ᠢᠶᠠᠨ ᠪᠣᠯᠪᠠᠰᠤᠨ ᠪᠠᠶᠢᠯᠭᠠᠬᠤ ᠬᠡᠷᠡᠭᠲᠡᠢ︔     ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠲᠠᠢ ᠪᠠᠶᠢᠵᠤ᠂ ᠭᠠᠷ ᠤᠨ ᠠᠷᠢᠭᠤᠨ ᠴᠡᠪᠡᠷ ᠢ ᠴᠠᠭ ᠢᠮᠠᠭᠲᠠ ᠰᠠᠶᠢᠲᠤᠷ ᠬᠢᠬᠦ ᠬᠡᠷᠡᠭᠲᠡᠶ︔       ᠬᠡᠷᠪᠡ ᠠᠶᠠᠨ ᠵᠠᠮ ᠳᠠᠭᠠᠨ ᠬᠠᠯᠠᠭᠤᠷᠠᠬᠤ᠂ ᠬᠠᠭᠤᠷᠠᠢ ᠪᠠᠷ ᠬᠠᠨᠢᠶᠠᠯᠭᠠᠬᠤ᠂ ᠲᠠᠮᠢᠷᠳᠠᠬᠤ ᠵᠡᠷᠭᠡ ᠪᠠᠶᠢᠳᠠᠯ ᠢᠯᠡᠷᠡᠪᠡᠯ᠂ ᠳᠠᠷᠦ᠋ᠢᠬᠠᠨ ᠣᠶᠢᠷ᠎ᠠ ᠬᠠᠪᠢ ᠶᠢᠨ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠡᠮᠨᠡᠭᠦᠯᠬᠦ ᠬᠡᠷᠡᠭᠲᠡᠢ᠃      2. ᠵᠢᠭᠤᠯᠴᠢᠯᠠᠬᠤ ᠬᠤᠭᠤᠴᠠᠭᠠᠨ ᠳᠤ ᠢᠳᠡᠭᠡᠨ ᠤᠮᠳᠠᠭᠠᠨ ᠤ ᠲᠠᠯ᠎ᠠ ᠪᠠᠷ ᠶᠠᠭᠤ ᠶᠢ ᠠᠩᠬᠠᠷᠪᠠᠯ ᠵᠣᠬᠢᠬᠤ ᠪᠤᠢ︖      ᠤᠨᠤᠭ᠎ᠠ ᠲᠡᠭᠡᠭᠡᠪᠦᠷᠢ ᠳᠤ ᠰᠠᠭᠤᠬᠤ ᠦᠶᠡᠰ᠂ ᠢᠳᠡᠵᠦ ᠤᠤᠭᠤᠬᠤ ᠪᠠᠨ ᠠᠯᠢ ᠴᠢᠳᠠᠬᠤ ᠪᠠᠷ ᠪᠠᠭᠠᠰᠬᠠᠬᠤ ᠬᠡᠷᠡᠭᠲᠡᠢ︔      ᠦᠵᠡᠮᠵᠢ ᠶᠢᠨ ᠣᠷᠣᠨ ᠳᠤ ᠢᠳᠡᠵᠦ ᠤᠤᠭᠤᠬᠤ ᠳᠤ ᠪᠠᠨ ᠠᠯᠢ ᠴᠢᠳᠠᠬᠤ ᠪᠠᠷ ᠠᠪᠴᠤ ᠶᠠᠪᠤᠭ᠎ᠠ ᠬᠦᠨᠡᠰᠦ ᠬᠤᠭᠤᠯᠠ ᠪᠠᠨ ᠢᠳᠡᠬᠦ ᠶᠢ ᠰᠠᠨᠠᠭᠤᠯᠤᠶ᠎ᠠ︔      ᠬᠡᠷᠪᠡ ᠬᠤᠭᠤᠯᠠᠨ ᠭᠡᠷ ᠲᠤ ᠬᠤᠭᠤᠯᠠᠯᠠᠬᠤ ᠴᠢᠬᠤᠯᠠ ᠲᠠᠢ ᠪᠣᠯ ᠣᠷᠣᠨ ᠪᠠᠶᠢᠷᠢ ᠪᠠᠨ ᠰᠣᠯᠪᠢᠴᠠᠭᠤᠯᠵᠤ᠂ ᠪᠤᠰᠤᠳ ᠬᠥᠮᠦᠨ ᠲᠠᠢ ᠨᠢᠭᠡ ᠮᠧᠲᠷ ᠠᠴᠠ ᠳᠡᠭᠡᠭᠰᠢ ᠵᠠᠶ ᠲᠠᠢ ᠬᠤᠭᠤᠯᠠᠯᠠᠬᠤ ᠬᠡᠷᠡᠭᠲᠡᠢ᠃ ᠣᠯᠠᠨ ᠬᠦᠮᠦᠨ ᠴᠤᠭᠯᠠᠷᠠᠨ ᠬᠤᠭᠤᠯᠠᠯᠠᠵᠤ ᠪᠣᠯᠬᠤ ᠦᠭᠡᠢ᠂ ᠨᠢᠷᠠᠢ ᠨᠢᠯᠬ᠎ᠠ ᠬᠡᠤᠬᠡᠳ ᠢ ᠳᠠᠭᠠᠭᠤᠯᠤᠨ ᠬᠤᠭᠤᠯᠠᠨ ᠭᠡᠷ ᠲᠤ ᠣᠷᠣᠵᠦ ᠪᠣᠯᠬᠤ ᠦᠭᠡᠢ᠃      3. ᠵᠢᠭᠤᠯᠴᠢᠯᠠᠬᠤ ᠬᠤᠭᠤᠴᠠᠭᠠᠨ ᠳᠤ ᠬᠤᠨᠣᠭᠯᠠᠬᠤ ᠳᠤ ᠶᠠᠭᠤ ᠶᠢ ᠠᠩᠬᠠᠷᠬᠤ ᠪᠤᠢ︖      ᠵᠣᠴᠢᠳ ᠤᠨ ᠪᠠᠭᠤᠳᠠᠯ ᠢ ᠤᠷᠢᠳ ᠢᠶᠠᠷ ᠵᠠᠬᠢᠶᠠᠯᠠᠬᠤ ᠶᠢᠨ ᠬᠠᠮᠲᠤ ᠪᠠᠭᠤᠳᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠨᠢ ᠠᠰᠠᠭᠤᠨ ᠯᠠᠪᠯᠠᠵᠤ᠂ ︽ᠡᠷᠡᠭᠦᠯ ᠮᠡᠨᠳᠦ ᠶᠢᠨ ᠺᠣᠳ᠋︾᠎ ᠢ ᠤᠷᠢᠳ ᠢᠶᠠᠷ ᠭᠤᠶᠤᠴᠢᠯᠠᠨ ᠠᠪᠤᠨ᠎ᠠ᠃ ᠪᠡᠭᠡᠵᠢᠩ ᠤᠨ ᠬᠢ ᠪᠠᠷ ᠵᠢᠱᠢᠶᠡᠯᠡᠪᠡᠯ᠂ 4 ᠳ᠋ᠦ᠋ᠭᠡᠷ ᠰᠠᠷ᠎ᠠ ᠶᠢᠨ 12᠎ ᠤᠨ ᠡᠳᠦᠷ ᠠᠴᠠ ᠡᠬᠢᠯᠡᠨ᠂ ᠪᠡᠭᠡᠵᠢᠩ ᠳᠤ ᠬᠦᠷᠴᠦ ᠪᠠᠭᠤᠳᠠᠯᠯᠠᠬᠤ ᠳᠤ᠂ ᠲᠤᠬᠠᠶ ᠶᠢᠨ ᠭᠠᠵᠠᠷ ᠤᠨ ᠪᠥᠭᠡᠮ ᠬᠦᠴᠢᠯ ᠤᠨ ᠪᠠᠶᠢᠴᠠᠭᠠᠯᠲᠠ ᠨᠢ 7 ᠡᠳᠦᠷ ᠤᠨ ᠳᠣᠲᠣᠷ᠎ᠠ ᠪᠢᠯᠢᠭ ᠴᠢᠨᠠᠷᠲᠠᠶ ᠪᠠᠶᠢᠬᠤ ᠡᠷᠡᠭᠦᠯ ᠮᠡᠨᠳᠦ ᠶᠢᠨ ᠭᠡᠷᠡᠴᠢ ᠲᠠᠢ ᠪᠥᠭᠡᠳ ᠪᠥᠬᠦ ᠤᠯᠤᠰ ᠤᠨ ᠡᠷᠡᠭᠦᠯ ᠮᠡᠨᠳᠦ ᠶᠢᠨ ᠨᠡᠪᠲᠡᠷᠡᠬᠦ ᠺᠣᠳ᠋ ᠪᠤᠶᠤ ᠪᠡᠭᠡᠵᠢᠩ ᠤᠨ ᠡᠷᠡᠭᠦᠯ ᠮᠡᠨᠳᠦ ᠶᠢᠨ ᠺᠣᠳ᠋ ᠤᠨ ᠭᠡᠷᠡᠴᠢᠯᠡᠯ ᠳᠤ ︽ᠬᠡᠪ ᠤᠨ ᠪᠤᠰᠤ ᠪᠠᠶᠢᠳᠠᠯ ᠭᠠᠷᠤᠭᠰᠠᠨ ᠥᠬᠡᠶ︾ ᠪᠠᠶᠢᠬᠤ ᠬᠡᠷᠡᠭᠲᠡᠢ︔      ᠪᠠᠭᠤᠳᠠᠯ ᠳᠤ ᠰᠠᠭᠤᠬᠤ ᠭᠠᠷᠳᠠᠮ ᠭᠦᠢᠴᠡᠳᠬᠡᠬᠦ ᠳᠤ ᠪᠠᠨ ᠠᠮᠠᠪᠴᠢ ᠵᠡᠭᠦᠵᠦ᠂ ᠪᠤᠰᠤᠳ ᠬᠥᠮᠦᠨ ᠠᠴᠠ ᠨᠢᠭᠡ ᠮᠧᠲᠷ ᠠᠴᠠ ᠳᠡᠭᠡᠭᠰᠢ ᠵᠠᠶ ᠲᠠᠢ ᠪᠠᠶᠢᠬᠤ ᠬᠡᠷᠡᠭᠲᠡᠶ︔      ᠪᠠᠭᠤᠳᠠᠯ ᠤᠨ ᠴᠠᠬᠢᠯᠭᠠᠨ ᠱᠠᠲᠤᠨ ᠳᠤ ᠰᠠᠭᠤᠬᠤ ᠦᠶᠡᠰ ᠠᠯᠢ ᠴᠢᠳᠠᠬᠤ ᠪᠠᠷ ᠴᠠᠬᠢᠯᠭᠠᠨ ᠱᠠᠲᠤᠨ ᠤ ᠳᠠᠷᠤᠭᠤᠯ ᠢ ᠭᠠᠷ ᠢᠶᠠᠷ ᠢᠶᠠᠨ ᠰᠢᠭᠤᠳ ᠳᠠᠷᠤᠬᠤ ᠦᠭᠡᠢ ᠪᠠᠶᠢᠬᠤ ᠬᠡᠷᠡᠭᠲᠡᠢ︔      ᠪᠠᠭᠤᠳᠠᠯ ᠳᠤ ᠰᠠᠭᠤᠭᠰᠠᠨ ᠤ ᠳᠠᠷᠠᠭ᠎ᠠ ᠴᠣᠩᠬᠤ ᠪᠠᠨ ᠨᠡᠭᠡᠭᠡᠵᠦ ᠰᠠᠯᠬᠢ ᠨᠡᠪᠲᠡᠷᠡᠭᠦᠯᠬᠦ ᠬᠡᠷᠡᠭᠲᠡᠢ᠂ ᠠᠯᠢ ᠴᠢᠳᠠᠬᠤ ᠪᠠᠷ ᠤᠰᠤᠨ ᠴᠣᠮᠣ᠂ ᠠᠯᠴᠢᠭᠤᠷ ᠵᠡᠷᠭᠡ ᠡᠳ᠋ ᠪᠣᠳᠠᠰ ᠢᠶᠠᠨ ᠥᠪᠡᠷ ᠢᠶᠠᠨ ᠪᠡᠯᠡᠳᠬᠡᠬᠦ ᠬᠡᠷᠡᠭᠲᠡᠶ︔      ᠭᠠᠷ ᠢᠶᠠᠨ ᠦᠷᠭᠦᠯᠵᠢ ᠤᠬᠢᠶᠠᠵᠤ᠂ ᠠᠮᠢᠳᠤᠷᠠᠯ ᠤᠨ ᠬᠡᠷᠡᠭᠰᠡᠯ ᠤᠨ ᠠᠷᠢᠭᠤᠨ ᠴᠡᠪᠡᠷ ᠢ ᠪᠠᠲᠤᠯᠠᠬᠤ ᠬᠡᠷᠡᠭᠲᠡᠶ᠃      ᠲᠠᠪᠤᠨ ᠰᠠᠷ᠎ᠠ ᠶᠢᠨ ᠨᠢᠭᠡᠨ ᠳᠤ ᠭᠠᠳᠠᠭᠰᠢ ᠭᠠᠷᠬᠤ ᠳᠤ ᠪᠠᠨ᠄            ᠠᠮᠠᠪᠴᠢ ᠵᠡᠭᠦᠬᠦ ᠪᠠᠨ ᠪᠢᠲᠡᠭᠡᠢ ᠤᠮᠠᠷᠲᠠᠭᠠᠷᠠᠢ︕            ᠭᠠᠷ ᠢᠶᠠᠨ ᠦᠷᠭᠦᠯᠵᠢ ᠤᠬᠢᠶᠠᠵᠦ ᠪᠠᠶᠢᠭᠠᠷᠠᠢ︕            ᠬᠠᠮᠠᠭᠠᠯᠠᠯᠲᠠ ᠶᠢ ᠰᠠᠶᠢᠲᠤᠷ ᠬᠢᠭᠰᠡᠨ ᠰᠠᠭᠤᠷᠢᠨ ᠳᠡᠭᠡᠷ᠎ᠡ            ᠲᠠᠪᠤᠨ ᠰᠠᠷ᠎ᠠ ᠶᠢᠨ ᠲᠠᠩᠰᠤᠭ ᠦᠵᠡᠮᠵᠢ ᠶᠢ            ᠲᠠᠪᠠᠲᠠᠢ ᠲᠠᠭᠠᠲᠠᠢ ᠰᠣᠨᠢᠷᠬᠠᠵᠠᠭᠠᠶ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号