ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ  ᠬᠢᠨᠠᠨ ᠪᠠᠶᠢᠴᠠᠭᠠᠬᠤ ᠵᠥᠪᠯᠡᠯ ᠬᠢᠵᠢᠭ ᠤᠨ ᠪᠠᠶᠢᠲᠠᠯ ᠢ ᠰᠡᠷᠬᠡᠶᠢᠯᠡᠨ ᠡᠵᠡᠮᠲᠡᠬᠦ ᠶᠢ ᠪᠠᠶᠢᠡᠭᠭᠤᠵᠢᠭᠤᠯᠤᠭᠰᠠᠨ ᠤᠷᠢᠲᠠᠯ ᠲᠤᠤᠷ᠎ᠠ 2020 ᠣᠨ ᠤ ︽5 · 1︾ ᠪᠤᠯᠤᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠡᠲᠦᠷ ᠤᠨ ᠬᠤᠭᠤᠴᠠᠭᠠᠨ ᠳᠤ ︽ᠳᠥᠷᠪᠡᠨ ᠰᠤᠷᠲᠠᠯ︾᠎ ᠢ ᠵᠠᠯᠠᠷᠠᠭᠤᠯᠤᠨ ᠵᠠᠰᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ ᠪᠠᠭᠤᠯᠭᠠᠪᠠ
ᠨᠡᠶᠢᠲᠡᠯᠡᠭᠰᠡᠨ ᠴᠠᠭ᠄
2020/4/28
     2020 ᠣᠨ ᠤ ︽5 · 1︾ ᠪᠤᠯᠤᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠡᠲᠦᠷ ᠬᠦᠷᠴᠦ ᠢᠷᠡᠬᠦ ᠲᠠᠰᠢᠷᠠᠮ ᠢᠶᠠᠷ᠂ ᠲᠦᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠡᠭᠭᠤᠵᠢᠭᠤᠯᠤᠭᠰᠠᠨ ᠤᠷᠢᠲᠠᠯ ᠳᠣᠤᠷ᠎ᠠ ︽ᠳᠥᠷᠪᠡᠨ ᠰᠤᠷᠲᠠᠯ︾᠎ ᠢ ᠢᠮᠠᠬᠲᠠ ᠵᠠᠯᠠᠷᠠᠭᠤᠯᠤᠨ ᠵᠠᠰᠠᠬᠤ ᠶᠢᠨ ᠲᠥᠯᠥᠭᠡ᠂ ᠦᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠲᠦ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠤᠢᠢᠷ᠎ᠠ ᠳᠤ ᠬᠠᠮᠢᠶ᠎ᠠ ᠪᠦᠬᠦᠢ ᠵᠦᠢᠯᠡᠰ ᠤᠨ ᠲᠤᠬᠠᠢ ᠮᠡᠲᠡᠭᠲᠡᠯ ᠪᠠᠭᠤᠯᠭᠠᠪᠠ᠃      ᠮᠡᠲᠡᠭᠲᠡᠯ ᠳᠤ᠂ ᠪᠠᠶᠠᠷ ᠤᠨ ᠡᠳᠦᠷ ᠤᠨ ᠬᠤᠭᠤᠴᠠᠭᠠᠨ ᠳᠤ᠂ ᠪᠥᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠡᠭᠭᠤᠵᠢᠭᠤᠯᠬᠤ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠰᠤᠷᠲᠠᠯ ᠤᠨ ᠪᠠᠶᠢᠭᠤᠯᠤᠯᠲᠠ ᠎ ᠶᠢ ᠢᠮᠠᠬᠲᠠ ᠰᠠᠶᠢᠲᠤᠷ ᠠᠳᠬᠤᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠂ ᠵᠢᠷᠭᠠᠨ ᠴᠡᠩᠭᠡᠬᠦ ᠦᠵᠡᠯ᠂ ᠱᠠᠯᠢᠨ ᠪᠦᠷᠢᠯᠭᠡᠬᠦ ᠰᠤᠷᠲᠠᠯ ᠢ ᠴᠡᠭᠴᠡᠯᠡᠨ ᠵᠠᠰᠠᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠪᠠᠶᠠᠷ ᠤᠨ ᠡᠳᠦᠷ ᠎ ᠤᠨ ᠬᠤᠭᠤᠴᠠᠭᠠᠨ ᠳᠤ ︽ᠳᠥᠷᠪᠡᠨ ᠰᠤᠷᠲᠠᠯ︾᠎ ᠢ ᠵᠠᠯᠠᠷᠠᠭᠤᠯᠤᠨ ᠵᠠᠰᠠᠬᠤ ᠠᠵᠢᠯ ᠢ ᠡᠷᠲᠡ ᠳᠣᠭᠢᠷᠠᠭᠤᠯᠤᠨ᠂ ᠡᠷᠲᠡ ᠪᠠᠶᠢᠷᠢᠯᠠᠭᠤᠯᠵᠤ᠂ ᠡᠷᠲᠡ ᠰᠠᠨᠠᠭᠤᠯᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠨ᠂ ᠪᠦᠳᠦᠮᠵᠢᠳᠠᠢ ᠠᠷᠭ᠎ᠠ ᠬᠡᠮᠵᠢᠶ᠎ᠡ ᠠᠪᠴᠤ᠂ ᠲᠤᠬᠠᠢ ᠶᠢᠨ ᠭᠠᠵᠠᠷ ᠣᠷᠣᠨ ᠤ ᠰᠠᠯᠠᠭ᠎ᠠ ᠮᠥᠴᠢᠷ ᠨᠢᠭᠡᠴᠢ ᠶᠢᠨ ᠪᠠᠶᠠᠷ ᠎ ᠤᠨ ᠡᠳᠦᠷ ᠤᠨ ᠬᠤᠭᠤᠴᠠᠭᠠᠨ ᠳᠤ ᠰᠤᠷᠲᠠᠯ ᠴᠢᠬᠡᠴᠢ ᠤᠪᠤᠷ ᠲᠦᠪ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠬᠡᠵᠦ ᠱᠠᠭᠠᠷᠲᠠᠪᠠ᠃      ᠮᠡᠲᠡᠭᠲᠡᠯ ᠳᠤ᠂ ᠪᠦᠬᠦ ᠣᠷᠣᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠪᠠ ᠠᠯᠪᠠᠨ ᠲᠤᠰᠢᠶᠠᠯᠲᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠶᠢ ᠠᠬᠢᠭᠤᠯᠬᠤ᠂ ᠬᠡᠪ ᠎ ᠤᠨ ᠠᠵᠤ ᠠᠬᠤᠶ ᠨᠡᠶᠢᠭᠡᠮ ᠤᠨ ᠡᠮᠬᠢ ᠲᠢᠭᠯᠢᠮ ᠢ ᠰᠡᠷᠭᠦᠭᠡᠬᠦ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠶᠢᠨ ᠬᠠᠮᠲᠤ᠂ ᠨᠠᠩ ᠥᠨᠳᠥᠷ ᠤᠯᠤᠰ ᠲᠥᠷᠥ ᠶᠢᠨ ᠤᠬᠠᠮᠰᠠᠷ᠂ ᠨᠠᠩ ᠪᠣᠳᠠᠲᠠᠶ ᠠᠵᠢᠯᠯᠠᠭᠠᠨ ᠤ ᠠᠷᠭ᠎ᠠ ᠬᠡᠮᠵᠢᠶ᠎ᠡ ᠠᠪᠴᠤ᠂ ᠨᠠᠮ ᠤᠨ ᠲᠦᠪ ᠬᠤᠷᠢᠶ᠎ᠠ ᠶᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠬᠤᠯᠪᠣᠭᠳᠠᠯ ᠪᠦᠬᠦᠢ ᠱᠠᠭᠠᠷᠳᠠᠯᠭ᠎ᠠ ᠲᠠᠢ ᠪᠠᠷᠢᠮᠵᠢᠶᠠᠵᠢᠭᠤᠯᠤᠨ ᠬᠠᠷᠭᠤᠭᠤᠯᠵᠤ᠂ ᠬᠤᠯᠪᠣᠭᠳᠠᠯ ᠪᠦᠬᠦᠢ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠵᠢᠱᠢᠶᠡᠴᠢᠯᠡᠨ ᠵᠢᠷᠤᠮᠯᠠᠵᠤ᠂ ᠨᠠᠵᠠᠭᠠᠢ ᠰᠤᠷᠲᠠᠯ ᠢ ᠰᠠᠨᠠᠭᠠᠴᠢᠯᠠᠭ᠎ᠠ ᠠᠴᠠ ᠪᠠᠨ ᠡᠰᠡᠷᠭᠦᠴᠡᠨ ᠬᠤᠷᠢᠬᠯᠠᠵᠤ᠂ ᠡᠯ᠎ᠡ ᠵᠦᠢᠯ ᠤᠨ ᠬᠡᠯᠪᠡᠷᠢᠴᠢ ᠦᠵᠡᠯ᠂ ᠨᠣᠶᠠᠨᠴᠢ ᠰᠤᠷᠲᠠᠯ ᠎ ᠤᠨ ᠠᠰᠠᠭᠤᠲᠠᠯ ᠢ ᠪᠤᠢ ᠪᠤᠯᠭᠠᠬᠤ ᠦᠭᠡᠢ ᠮᠥᠷᠲᠡᠭᠡᠨ ᠠᠯᠪᠠᠨ ᠵᠣᠭᠤᠰ᠂ ᠠᠯᠪᠠᠨ ᠲᠡᠷᠭᠡ᠂ ᠠᠯᠪᠠᠨ ᠡᠳ᠋ ᠢ ᠲᠤᠬᠲᠠᠭᠠᠯ ᠠᠴᠠ ᠵᠦᠷᠢᠴᠡᠨ ᠬᠡᠷᠡᠭᠯᠡᠬᠦ ᠵᠡᠷᠭᠡ ᠵᠢᠷᠭᠠᠨ ᠴᠡᠩᠭᠡᠬᠦ ᠦᠵᠡᠯ᠂ ᠱᠠᠯᠢᠨ ᠪᠦᠷᠢᠯᠭᠡᠬᠦ ᠰᠤᠷᠲᠠᠯ ᠤᠨ ᠠᠰᠠᠭᠤᠲᠠᠯ ᠢ  ᠴᠤ ᠪᠤᠢ ᠪᠤᠯᠭᠠᠬᠤ ᠦᠭᠡᠢ᠂ ᠠᠷᠢᠭᠤᠨ ᠴᠢᠬᠡᠴᠢ᠂ ᠶᠣᠰᠣ ᠳᠦᠷᠢᠮ ᠠᠴᠠ ᠵᠥᠷᠢᠴᠡᠬᠦ ᠦᠭᠡᠢ ᠪᠠᠷ ᠪᠠᠶᠠᠷ ᠤᠨ ᠡᠳᠦᠷ ᠢ ᠥᠩᠭᠡᠷᠡᠭᠦᠯᠬᠦ ᠬᠡᠷᠡᠭᠲᠡᠶ᠃ ᠡᠯ᠎ᠡ ᠱᠠᠲᠤᠨ ᠤ ᠤᠳᠤᠷᠢᠳᠬᠤ ᠺᠠᠳ᠋ᠷ ︽ᠲᠦᠷᠦᠭᠦᠴᠢ ᠭᠠᠯᠠᠭᠤ ᠎ ᠶᠢᠨ ᠦᠢᠯᠡᠳᠦᠯ︾᠎ ᠢ ᠰᠠᠶᠢᠲᠤᠷ ᠪᠠᠳᠠᠷᠠᠭᠤᠯᠬᠤ ᠬᠡᠷᠡᠭᠲᠡᠢ ᠬᠡᠵᠦ ᠱᠠᠭᠠᠷᠲᠠᠪᠠ᠃      ᠮᠡᠲᠡᠭᠲᠡᠯ ᠳᠤ ᠪᠠᠰᠠ ᠪᠦᠬᠦ ᠣᠷᠣᠨ ᠤ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠵᠡᠷᠭᠡ ᠡᠯ᠎ᠡ ᠵᠦᠢᠯ ᠤᠨ ᠠᠵᠢᠯ ᠳᠤ ᠬᠢᠨᠠᠯᠲᠠ ᠲᠠᠯᠪᠢᠬᠤ ᠪᠠᠨ ᠦᠷᠭᠦᠯᠵᠢᠯᠡᠨ ᠴᠢᠩᠭᠠᠳᠬᠠᠵᠤ᠂ ︽5 · 1︾᠂ ᠲᠠᠪᠤᠨ ᠰᠠᠷ᠎ᠠ ᠎ ᠶᠢᠨ ᠰᠢᠨ᠎ᠡ ᠶᠢᠨ ᠲᠠᠪᠤᠨ ᠤ ᠪᠠᠶᠠᠷ ᠤᠨ ᠡᠲᠦᠷ ᠲᠤ ᠴᠢᠭᠯᠡᠭᠦᠯᠦᠨ᠂ ᠲᠤᠬᠠᠢ ᠶᠢᠨ ᠭᠠᠵᠠᠷ ᠣᠷᠣᠨ ᠤ ᠰᠠᠯᠠᠭ᠎ᠠ ᠮᠥᠴᠢᠷ ᠨᠢᠭᠡᠴᠢ ᠶᠢᠨ ︽ᠲᠦᠷᠪᠡᠨ ᠰᠤᠷᠲᠠᠯ︾᠎ ᠤᠨ ᠠᠰᠠᠭᠤᠲᠠᠯ ᠬᠢᠯᠪᠠᠷᠬᠠᠨ ᠡᠭᠦᠰᠬᠦ ᠤᠯᠠᠨ ᠡᠭᠦᠰᠬᠦ ᠭᠤᠤᠯᠲᠠᠯᠭ᠎ᠠ ᠲᠠᠢ ᠤᠷᠤᠨ ᠪᠠᠶᠢᠷᠢ ᠪᠤᠯᠤᠨ ᠪᠠᠭᠤᠷᠠᠢ ᠭᠤᠬᠴᠤᠭ᠎ᠠ ᠶᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠦ᠂ ᠢᠯᠡ ᠪᠠᠷ ᠪᠠᠶᠢᠴᠠᠭᠠᠵᠦ ᠲᠠᠯᠲᠠ ᠪᠠᠷ ᠰᠤᠷᠪᠤᠯᠵᠢᠯᠠᠬᠤ ᠠᠵᠢᠯ ᠢ ᠨᠠᠷᠢᠨ ᠨᠢᠮᠪᠠᠢ ᠵᠤᠬᠢᠶᠠᠨ ᠪᠠᠶᠢᠭᠤᠯᠤᠨ ᠦᠷᠨᠢᠭᠦᠯᠵᠦ᠂ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠬᠤ ᠎ ᠶᠢᠨ ᠬᠠᠮᠲᠤ ᠬᠢᠨᠠᠯᠲᠠ ᠲᠠᠯᠪᠢᠵᠤ ᠪᠠᠶᠢᠴᠠᠭᠠᠬᠤ ᠠᠷᠭ᠎ᠠ ᠮᠠᠶ᠋ᠢᠭ ᠪᠠ ᠠᠷᠭ᠎ᠠ ᠪᠠᠷᠢᠯ ᠤᠨ ᠰᠢᠨᠠᠴᠢᠯᠠᠯᠳᠠ ᠶᠢ ᠴᠢᠬᠤᠯᠠᠴᠢᠯᠠᠵᠤ᠂ ᠨᠡᠶᠢᠭᠡᠮ ᠤᠨ ᠬᠢᠨᠠᠯᠲᠠ ᠲᠠᠯᠪᠢᠬᠤ ᠡᠬᠢ ᠪᠠᠶᠠᠯᠢᠭ ᠢ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠵᠣᠬᠢᠴᠠᠭᠤᠯᠤᠨ᠂ ᠤᠯᠠᠨ ᠲᠦᠮᠡᠨ ᠤ ᠬᠢᠨᠠᠯᠲᠠ ᠲᠠᠯᠪᠢᠬᠤ ᠬᠦᠴᠦᠨ ᠢ ᠨᠢᠭᠲᠠᠷᠠᠭᠤᠯᠵᠤ᠂ ᠥᠪᠡᠷ ᠤᠨ ᠪᠡᠶ᠎ᠡ ᠳᠡᠭᠡᠨ ᠬᠢᠨᠠᠯᠲᠠ ᠲᠠᠯᠪᠢᠬᠤ᠂ ᠨᠡᠶᠢᠭᠡᠮ ᠠᠴᠠ ᠬᠢᠨᠠᠯᠲᠠ ᠲᠠᠯᠪᠢᠬᠤ ᠪᠠ ᠡᠯ᠎ᠡ ᠲᠠᠯ᠎ᠠ ᠠᠴᠠ ᠬᠢᠨᠠᠯᠲᠠ ᠲᠠᠯᠪᠢᠬᠤ ᠶᠢ ᠵᠡᠷᠭᠡ ᠪᠠᠷ ᠬᠦᠴᠦᠯᠡᠬᠦ ᠪᠠᠶᠢᠩᠭᠤᠵᠢᠭᠰᠠᠨ ᠬᠢᠨᠠᠯᠲᠠ ᠲᠠᠯᠪᠢᠬᠤ ᠲᠣᠭᠲᠠᠴᠠ ᠪᠠ ᠣᠷᠴᠢᠨ ᠨᠥᠬᠦᠴᠡᠯ ᠢ ᠪᠤᠢ ᠪᠣᠯᠭᠠᠵᠤ᠂ ᠬᠢᠨᠠᠯᠲᠠ ᠲᠠᠯᠪᠢᠬᠤ ᠶᠢ ᠨᠡᠩ ᠥᠷᠭᠡᠨ ᠳᠡᠯᠭᠡᠷ ᠪᠦᠬᠦ ᠲᠠᠯ᠎ᠠ ᠶᠢᠨ᠂ ᠨᠡᠩ ᠣᠨᠣᠴᠠᠲᠠᠶ ᠥᠨᠳᠥᠷ ᠪᠦᠲᠦᠮᠵᠢᠲᠡᠶ ᠪᠣᠯᠭᠠᠬᠤ ᠬᠡᠷᠡᠭᠲᠡᠢ᠃ ᠤᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠪᠠ ᠬᠢᠨᠠᠯᠲᠠ ᠲᠠᠯᠪᠢᠵᠤ ᠪᠠᠶᠢᠴᠠᠭᠠᠭᠠᠳ ᠢᠯᠡᠷᠡᠭᠦᠯᠦᠭᠰᠡᠨ ︽ᠲᠦᠷᠪᠡᠨ ᠰᠤᠷᠲᠠᠯ︾᠎ ᠤᠨ ᠠᠰᠠᠭᠤᠳᠠᠯ ᠢ ᠡᠷᠡᠰ ᠲᠦᠷᠭᠡᠨ ᠪᠥᠭᠡᠳ ᠴᠢᠩᠭ᠎ᠠ ᠪᠠᠶᠢᠴᠠᠭᠠᠨ ᠰᠢᠢᠳᠪᠦᠷᠢᠯᠡᠵᠦ ᠵᠠᠯᠠᠷᠠᠭᠤᠯᠤᠨ ᠵᠠᠰᠠᠬᠤ ᠶᠢᠨ ᠬᠠᠮᠲᠤ ᠬᠠᠷᠢᠭᠤᠴᠠᠯᠭ᠎ᠠ ᠲᠤᠯᠭᠠᠬᠤ ᠠᠵᠢᠯ ᠢ ᠣᠨᠣᠴᠠᠲᠠᠶ ᠥᠷᠨᠢᠭᠦᠯᠵᠦ᠂ ᠵᠠᠷᠯᠠᠨ ᠮᠡᠳᠡᠭᠳᠡᠵᠦ ᠢᠯᠡᠴᠢᠯᠡᠬᠦ ᠡᠷᠴᠢᠮ ᠢᠶᠠᠨ ᠴᠢᠩᠭᠠᠷᠠᠭᠤᠯᠵᠤ᠂ ᠰᠠᠬᠢᠯᠭ᠎ᠠ ᠪᠠᠲᠤ ᠶᠢ ᠬᠡᠷᠡᠭᠵᠢᠭᠦᠯᠬᠦ ᠲᠤᠳᠤᠮ ᠴᠢᠩᠭ᠎ᠠ ᠪᠠᠶᠢᠬᠤ ᠴᠢᠩᠭ᠎ᠠ ᠲᠤᠬᠢᠶ᠎ᠠ ᠶᠢ ᠦᠷᠭᠦᠯᠵᠢᠯᠡᠨ ᠲᠠᠯᠪᠢᠬᠤ ᠬᠡᠷᠡᠭᠲᠡᠢ ᠬᠡᠵᠦ ᠱᠠᠭᠠᠷᠲᠠᠪᠠ᠃      ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠢᠯᠡᠴᠢᠯᠡᠨ ᠮᠡᠳᠡᠭᠦᠯᠬᠦ ᠤᠲᠠᠰᠤ᠄ 0471 — 12388      ᠢᠯᠡᠴᠢᠯᠡᠨ ᠮᠡᠳᠡᠭᠦᠯᠬᠦ ᠰᠦᠯᠵᠢᠶ᠎ᠡ᠄ neimeng.12388.gov.cn      ᠢᠯᠡᠴᠢᠯᠡᠨ ᠮᠡᠳᠡᠭᠦᠯᠬᠦ ᠵᠠᠬᠢᠳᠠᠯ ᠤᠨ ᠬᠠᠶ᠋ᠢᠬ ᠄ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ  ᠬᠢᠨᠠᠨ ᠪᠠᠶᠢᠴᠠᠭᠠᠬᠤ ᠵᠥᠪᠯᠡᠯ ᠤᠨ ᠵᠠᠬᠢᠳᠠᠯ ᠰᠤᠷᠪᠤᠯᠵᠢᠯᠠᠯ ᠤᠨ ᠲᠠᠰᠤᠭ
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号