2020 ᠣᠨ ᠤ ᠮᠠᠨ ᠤ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠴᠠᠭ ᠢ ᠳᠤᠬᠢᠷᠠᠭᠤᠯᠪᠠ
ᠨᠡᠶᠢᠲᠡᠯᠡᠭᠰᠡᠨ ᠴᠠᠭ᠄
2020/4/28
     2020 ᠣᠨ ᠤ ᠮᠠᠨ ᠤ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ︵ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠡᠬᠦᠰᠦᠭᠰᠡᠳ ᠠᠴᠠ ᠳᠤᠰᠬᠠᠢ ᠮᠡᠷᠬᠡᠵᠢᠯ ᠢᠶᠠᠷ ᠨᠢ ᠵᠤᠯᠭᠠᠯᠴᠠᠭᠤᠯᠤᠨ ᠳᠤᠰᠠᠭᠠᠷ ᠡᠯᠰᠡᠬᠦ ᠰᠢᠯᠭᠠᠯᠳᠠ ᠪᠠᠭᠲᠠᠨ᠎ᠠ︶ 2020 ᠣᠨ ᠤ 7 ᠰᠠᠷ᠎ᠠ ᠶᠢᠨ 7᠎ ᠤ ᠡᠳᠦᠷ ᠠᠴᠠ 9᠎ ᠤ ᠡᠳᠦᠷ ᠪᠣᠯᠲᠠᠯ᠎ᠠ ᠶᠠᠪᠤᠭᠳᠠᠨ᠎ᠠ᠃      ᠡᠯ᠎ᠡ ᠬᠢᠴᠢᠶᠡᠯ ᠲᠥᠷᠥᠯ ᠤᠨ ᠰᠢᠯᠭᠠᠯᠲᠠ ᠶᠢᠨ ᠴᠠᠭ ᠤᠨ ᠳᠤᠬᠢᠷᠠᠭᠤᠯᠤᠯᠳᠠ᠄       7 ᠰᠠᠷ᠎ᠠ ᠶᠢᠨ 7᠎ ᠤ ᠡᠳᠦᠷ      9᠄ 00 — 11᠄ 30᠄ ᠬᠡᠯᠡ ᠪᠢᠴᠢᠭ᠂ ᠳᠡᠬᠡᠳᠤ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠶᠢᠨ ᠬᠡᠯᠡ ᠪᠢᠴᠢᠭ᠂ ᠳᠡᠬᠡᠳᠤ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠶᠢᠨ ᠮᠤᠩᠭᠤᠯ ᠬᠡᠯᠡ ᠪᠢᠴᠢᠭ᠂ ᠮᠤᠩᠭᠤᠯ ᠬᠡᠯᠡ ︵ᠬᠦᠬᠡ︶᠂ ᠰᠤᠯᠤᠩᠭᠤᠰ ᠬᠡᠯᠡ ᠶᠢᠨ ᠰᠢᠯᠭᠠᠯᠳᠠ      15᠄ 00 — 17᠄ 00᠄ ᠪᠠᠶᠢᠭᠠᠯᠢ ᠪᠠ ᠨᠡᠶᠢᠬᠡᠮ ᠤᠨ ᠰᠢᠨᠵᠢᠯᠡᠬᠦ ᠤᠬᠠᠭᠠᠨ ᠤ ᠳᠤᠭᠠᠨ ᠤ ᠤᠬᠠᠭᠠᠨ᠂ ᠳᠡᠬᠡᠳᠤ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠶᠢᠨ ᠳᠤᠭᠠᠨ ᠤ ᠤᠬᠠᠭᠠᠨ ᠤ ᠰᠢᠯᠭᠠᠯᠳᠠ      7 ᠰᠠᠷ᠎ᠠ ᠶᠢᠨ 8᠎ ᠤ ᠡᠳᠦᠷ      9᠄ 00 — 11᠄ 30᠄ ᠪᠠᠶᠢᠭᠠᠯᠢ ᠪᠠ ᠨᠡᠶᠢᠬᠡᠮ ᠤᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ ᠰᠢᠯᠭᠠᠯᠳᠠ᠂ ᠳᠡᠬᠡᠳᠤ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠶᠢᠨ ᠳᠤᠰᠬᠠᠢ ᠮᠡᠷᠬᠡᠵᠢᠯ ᠤᠨ ᠶᠡᠷᠦᠩᠬᠡᠶᠢᠯᠡᠭᠰᠡᠨ ᠰᠢᠯᠭᠠᠯᠳᠠ      15᠄ 00 — 17᠄ 00᠄ ᠭᠠᠳᠠᠭᠠᠳᠤ ᠬᠡᠯᠡ ︵ᠰᠤᠨᠤᠰᠬᠤ ᠴᠢᠳᠠᠪᠤᠷᠢ ᠶᠢᠨ ᠰᠢᠯᠭᠠᠯᠳᠠ︶᠂ ᠳᠡᠬᠡᠳᠤ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠶᠢᠨ ᠠᠩᠭ᠍ᠯᠢ ᠬᠡᠯᠡᠨ ᠤ ᠰᠢᠯᠭᠠᠯᠳᠠ      7 ᠰᠠᠷ᠎ᠠ ᠶᠢᠨ 9᠎ ᠤ ᠡᠳᠦᠷ       9᠄ 00 — 11᠄ 30᠄ ᠮᠤᠩᠭᠤᠯ ᠬᠡᠯᠨᠨ ︵ᠬᠦᠬᠡᠭᠴᠢᠨ︶᠎ ᠤ ᠰᠢᠯᠭᠠᠯᠳᠠ      15᠄ 00 — 17᠄ 00᠄ ᠴᠦᠬᠡᠨ ᠳᠤᠭᠠᠳᠤ ᠦᠨᠳᠦᠰᠦᠳᠡᠨ ᠤ ᠬᠢᠳᠠᠳ ᠬᠡᠯᠡᠨ ᠤ ᠬᠢᠷᠢ ᠲᠦᠪᠰᠢᠨ ᠢ ᠳᠡᠰ ᠳᠤᠭᠳᠠᠭᠠᠬᠤ ︵ᠭᠤᠷᠪᠠᠳᠤᠭᠠᠷ ᠳᠡᠰ︶ ᠰᠢᠯᠭᠠᠯᠳᠠ      ᠭᠠᠳᠠᠭᠠᠳᠤ ᠬᠡᠯᠡ ︵ᠰᠣᠨᠣᠰᠬᠤ ᠴᠢᠳᠠᠪᠤᠷᠢ ᠶᠢᠨ ᠰᠢᠯᠭᠠᠯᠲᠠ ᠪᠠᠭᠲᠠᠨ᠎ᠠ︶᠎ ᠶᠢᠨ ᠬᠢᠴᠢᠶᠡᠯ ᠲᠥᠷᠥᠯ ᠳᠤ ᠤᠷᠢᠳ ᠢᠶᠠᠷ ᠪᠢᠷ ᠤᠨ ᠰᠢᠯᠭᠠᠯᠲᠠ ᠬᠢᠵᠦ᠂ ᠳᠠᠷᠠᠭ᠎ᠠ ᠨᠢ ᠰᠣᠨᠣᠰᠬᠤ ᠴᠢᠳᠠᠪᠤᠷᠢ ᠶᠢᠨ ᠰᠢᠯᠭᠠᠯᠲᠠ ᠬᠢᠨ᠎ᠡ︔ ᠪᠢᠷ ᠤᠨ ᠰᠢᠯᠭᠠᠯᠲᠠ ᠶᠢᠨ ᠬᠡᠰᠡᠭ ᠤᠨ ᠴᠠᠭ ᠨᠢ 100 ᠮᠢᠨᠦ᠋ᠲ᠂ ᠰᠣᠨᠣᠰᠬᠤ ᠴᠢᠳᠠᠪᠤᠷᠢ ᠶᠢᠨ ᠬᠡᠰᠡᠭ ᠤᠨ ᠴᠠᠭ ᠨᠢ ᠪᠠᠷᠤᠭ 20 ᠮᠢᠨᠦ᠋ᠲ ᠪᠠᠶᠢᠳᠠᠭ᠃      ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯ ᠤᠨ ᠰᠢᠯᠭᠠᠭᠤᠯᠤᠭᠴᠢ ᠶᠢᠨ ᠪᠡᠶ᠎ᠡ ᠶᠢᠨ ᠲᠠᠮᠢᠷ ᠤᠨ ᠰᠢᠯᠭᠠᠯᠲᠠ 6 ᠰᠠᠷ᠎ᠠ ᠶᠢᠨ 1᠎ ᠤ ᠡᠳᠦᠷ ᠠᠴᠠ 14᠎ ᠤ ᠡᠳᠦᠷ ᠪᠣᠯᠲᠠᠯ᠎ᠠ ᠶᠠᠪᠤᠭᠳᠠᠨ᠎ᠠ᠃ ᠰᠢᠯᠭᠠᠯᠲᠠ ᠶᠢᠨ ᠭᠠᠵᠠᠷ ᠨᠢ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠪᠣᠯᠤᠨ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠪᠣᠯᠤᠨ᠎ᠠ᠃      ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠠᠴᠠ ᠳᠤᠰᠬᠠᠢ ᠮᠡᠷᠬᠡᠵᠢᠯ ᠢᠶᠠᠷ ᠵᠤᠯᠭᠠᠯᠴᠠᠭᠤᠯᠤᠨ ᠲᠤᠰᠠᠭᠠᠷ ᠡᠯᠰᠡᠬᠦ ᠰᠢᠯᠭᠠᠯᠲᠠ ᠶᠢᠨ ᠪᠡᠶ᠎ᠡ ᠶᠢᠨ ᠲᠠᠮᠢᠷ ᠤᠨ ᠲᠥᠷᠥᠯ ᠤᠨ ᠲᠤᠰᠬᠠᠶ ᠮᠡᠷᠭᠡᠵᠢᠯ ᠤᠨ ᠬᠢᠴᠢᠶᠡᠯ ᠤᠨ ᠶᠡᠷᠦᠩᠬᠡᠶᠢᠯᠡᠭᠰᠡᠨ ᠰᠢᠯᠭᠠᠯᠲᠠ 7 ᠰᠠᠷ᠎ᠠ ᠶᠢᠨ 18᠎ ᠤ ᠡᠳᠦᠷ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠶᠠᠪᠤᠭᠳᠠᠨ᠎ᠠ᠃ ᠰᠢᠯᠭᠠᠭᠤᠯᠤᠭᠴᠢ 7 ᠰᠠᠷ᠎ᠠ ᠶᠢᠨ 17᠎ ᠤ ᠡᠳᠦᠷ ᠰᠢᠯᠭᠠᠯᠲᠠ ᠶᠢᠨ ᠭᠠᠵᠠᠷ ᠲᠤ ᠨᠡᠷ᠎ᠡ ᠮᠡᠳᠡᠭᠦᠯᠦᠨ᠎ᠡ᠃      ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠰᠣᠷᠣᠭᠴᠢ ᠡᠯᠰᠡᠬᠦ ᠭᠠᠳᠠᠭᠠᠳᠤ ᠬᠡᠯᠡᠨ ᠤ ᠶᠠᠷᠢᠶᠠᠨ ᠤ ᠬᠡᠯᠡᠨ ᠤ ᠰᠢᠯᠭᠠᠯᠲᠠ 7 ᠰᠠᠷ᠎ᠠ ᠶᠢᠨ 9᠎ ᠤ ᠡᠳᠦᠷ ᠤᠨ 8᠄ 00 ᠴᠠᠭ ᠠᠴᠠ ᠡᠬᠢᠯᠡᠨ 7 ᠰᠠᠷ᠎ᠠ ᠶᠢᠨ 14᠎ ᠤ ᠡᠳᠦᠷ ᠤᠨ 18᠄ 00 ᠪᠣᠯᠲᠠᠯ᠎ᠠ ᠶᠠᠪᠤᠭᠳᠠᠨ᠎ᠠ᠂ ᠰᠢᠯᠭᠠᠬᠤ ᠭᠠᠵᠠᠷ ᠵᠢᠴᠢ ᠪᠣᠳᠠᠲᠠᠶ ᠰᠢᠯᠭᠠᠬᠤ ᠴᠠᠭ ᠢ ᠬᠤᠰᠢᠭᠤ ᠰᠢᠶᠠᠨ ᠲᠣᠭᠤᠷᠢᠭ ᠤᠨ ᠰᠣᠷᠣᠭᠴᠢ ᠡᠯᠰᠡᠬᠦ ᠠᠯᠪᠠᠨ ᠬᠡᠷ ᠠᠴᠠ ᠲᠣᠭᠲᠠᠭᠠᠬᠤ ᠶᠢᠨ ᠬᠠᠮᠲᠤ ᠰᠢᠯᠭᠠᠭᠤᠯᠤᠭᠴᠢ ᠳᠤ ᠮᠡᠳᠡᠭᠳᠡᠨ᠎ᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号