ᠬᠢᠵᠢᠭ ᠰᠡᠷᠭᠡᠶᠢᠯᠡᠨ ᠠᠷᠢᠭᠤᠳᠬᠠᠨ ᠴᠡᠪᠡᠷᠯᠡᠵᠦ ᠰᠤᠷᠭᠠᠭᠤᠯᠢ ᠡᠬᠢᠯᠡᠬᠦ ᠪᠠᠷ ᠪᠡᠯᠡᠬᠡᠨ ᠪᠠᠶᠢᠨ᠎ᠠ
ᠨᠡᠶᠢᠲᠡᠯᠡᠭᠰᠡᠨ ᠴᠠᠭ᠄
2020/4/29
     ᠬᠠᠪᠤᠷ ᠪᠣᠯᠬᠤ ᠪᠠᠷ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠦᠷᠢᠶᠡᠨ ᠤ ᠬᠤᠸᠠᠷ ᠴᠡᠴᠡᠭ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ 2 ᠳ᠋ᠤᠭᠠᠷ ᠨᠣᠮᠧᠷᠲᠦ ᠪᠠᠶᠢᠷᠢ ᠶᠢᠨ ᠠᠰᠠᠷ ᠤᠨ ᠪᠡᠶ᠎ᠡ ᠶᠢᠨ ᠬᠠᠯᠠᠭᠤᠨ ᠢ ᠬᠡᠮᠵᠢᠬᠦ ᠴᠡᠭ ᠲᠤ᠂ ᠠᠵᠢᠯᠲᠠᠳ ᠶᠠᠭ ︽ᠠᠷᠢᠭᠤᠳᠬᠠᠨ ᠴᠡᠪᠡᠷᠯᠡᠬᠦ ᠦᠢᠯᠡᠴᠢᠯᠡᠭᠡᠨ ᠤ ᠶᠠᠪᠤᠴᠠ ᠶᠢᠨ ᠲᠡᠮᠳᠡᠭᠯᠡᠯ︾᠎ ᠤᠨ ᠬᠦᠰᠦᠨᠦᠭᠲᠦ ᠳᠡᠭᠡᠷ᠎ᠡ ᠨᠠᠷᠢᠨ ᠬᠢᠨᠠᠮᠠᠭᠠᠶ ᠲᠡᠮᠳᠡᠭᠯᠡᠯ ᠬᠢᠵᠦ᠂ ᠬᠦᠰᠦᠨᠦᠭ ᠲᠤ ᠪᠠᠶᠢᠷᠢ ᠶᠢᠨ ᠠᠰᠠᠷ ᠤᠨ ᠡᠳᠦᠷ ᠪᠦᠷᠢ ᠶᠢᠨ ᠡᠷᠲᠡ ᠦᠳᠡ ᠣᠷᠣᠢ ᠶᠢᠨ ᠠᠷᠢᠭᠤᠳᠬᠠᠨ ᠴᠡᠪᠡᠷᠯᠡᠭᠰᠡᠨ ᠪᠠᠶᠢᠳᠠᠯ ᠢ ᠨᠠᠷᠢᠨ ᠲᠣᠳᠣᠷᠬᠠᠶ ᠲᠡᠮᠳᠡᠭᠯᠡᠭᠰᠡᠨ ᠪᠠᠶᠢᠨ᠎ᠠ᠃
    ᠠᠵᠢᠯᠲᠠᠳ ᠬᠦᠷᠢᠨ ᠤ ᠭᠠᠳᠠᠨᠠᠬᠢ ᠲᠤᠶᠠᠭᠠᠨ ᠤ ᠰᠢᠯᠵᠢᠮᠡᠯ ᠠᠷᠢᠭᠤᠳᠬᠠᠬᠤ ᠲᠡᠷᠭᠡ ᠪᠠᠷ ᠬᠤᠭᠤᠯᠠᠨ ᠤ ᠬᠡᠷᠡᠭᠰᠡᠯ ᠢ ᠠᠷᠢᠭᠤᠳᠬᠠᠵᠤ ᠪᠠᠶᠢᠭ᠎ᠠ ᠨᠢ᠃
    ᠬᠢᠴᠢᠶᠡᠯ ᠤᠨ ᠭᠡᠷ ᠢ ᠠᠷᠢᠭᠤᠳᠬᠠᠨ ᠴᠡᠪᠡᠷᠯᠡᠵᠦ ᠪᠠᠶᠢᠭ᠎ᠠ ᠨᠢ᠃      ︽ᠨᠡᠶᠢᠲᠡ ᠶᠢᠨ ᠪᠠᠶᠢᠷᠢ ᠶᠢᠨ ᠬᠠᠮᠢᠶᠠᠷᠤᠯᠲᠠ ᠶᠢᠨ ᠲᠥᠪ ᠨᠢ ᠪᠠᠶᠢᠷᠢ ᠶᠢᠨ ᠠᠰᠠᠷ ᠤᠨ ᠣᠯᠠᠨ ᠨᠡᠶᠢᠲᠡ ᠶᠢᠨ ᠣᠷᠣᠨ ᠪᠦᠰᠡ ᠶᠢ ᠡᠳᠦᠷ ᠪᠦᠷᠢ ᠠᠷᠢᠭᠤᠳᠬᠠᠵᠤ᠂ ᠠᠵᠢᠯᠲᠠᠨ ᠠᠵᠢᠯ ᠳᠤ ᠭᠠᠷᠬᠤ ᠬᠤᠭᠤᠴᠠᠭᠠᠨ ᠳᠤ ᠪᠠᠨ ᠡᠷᠬᠡᠪᠰᠢ ᠠᠮᠠᠪᠴᠢ ᠵᠡᠭᠦᠵᠦ᠂ ᠪᠡᠶ᠎ᠡ ᠶᠢᠨ ᠬᠠᠯᠠᠭᠤᠨ ᠢᠶᠠᠨ ᠬᠡᠮᠵᠢᠭᠦᠯᠵᠦ᠂ ᠲᠣᠰ ᠪᠡᠶ᠎ᠡ ᠶᠢᠨ ᠡᠷᠡᠭᠦᠯ ᠮᠡᠨᠳᠦ ᠪᠠᠨ ᠦᠨᠡᠨ ᠬᠦ ᠪᠠᠲᠤᠯᠠᠭᠰᠠᠨ ᠰᠠᠭᠤᠷᠢᠨ ᠳᠡᠭᠡᠷ᠎ᠡ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠡ︾ ᠭᠡᠵᠦ ᠰᠤᠷᠤᠭᠴᠢᠳ ᠤᠨ ᠨᠡᠶᠢᠲᠡ ᠶᠢᠨ ᠪᠠᠶᠢᠷᠢ ᠶᠢᠨ ᠬᠠᠮᠢᠶᠠᠷᠤᠯᠲᠠ ᠶᠢᠨ ᠲᠥᠪ ᠤᠨ ᠳᠠᠭᠠᠭᠠᠮᠠᠯ ᠯᠢ ᠶᠦᠨ ᠬᠡᠯᠡᠪᠡ᠃      ᠬᠢᠵᠢᠭ ᠤᠨ ᠪᠠᠶᠢᠳᠠᠯ ᠪᠣᠯ ᠵᠠᠷᠯᠢᠭ ᠮᠥᠨ᠂ ᠰᠡᠷᠭᠡᠶᠢᠯᠡᠨ ᠡᠵᠡᠮᠳᠡᠬᠦ ᠪᠣᠯ ᠬᠠᠷᠢᠭᠤᠴᠠᠯᠭ᠎ᠠ ᠮᠥᠨ᠃ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ 1 ᠳ᠋ᠦ᠋ᠭᠡᠷ ᠰᠠᠷ᠎ᠠ ᠶᠢᠨ 28᠎ ᠤ ᠡᠳᠦᠷ ᠠᠴᠠ ᠡᠬᠢᠯᠡᠨ ᠪᠢᠲᠡᠭᠦᠮᠵᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠵᠦ᠂ 2 ᠳ᠋ᠤᠭᠠᠷ ᠰᠠᠷ᠎ᠠ ᠶᠢᠨ 28᠎ ᠤ ᠡᠳᠦᠷ ᠪᠥᠬᠦ ᠲᠠᠯ᠎ᠠ ᠪᠠᠷ ᠠᠷᠢᠭᠤᠳᠬᠠᠨ ᠴᠡᠪᠡᠷᠯᠡᠬᠦ ᠠᠵᠢᠯ ᠢ ᠡᠬᠢᠯᠡᠭᠦᠯᠵᠦ᠂ ᠰᠤᠷᠭᠠᠭᠤᠯᠢ ᠶᠢᠨ ᠬᠦᠷᠢᠶᠡᠨ ᠤ ︽ᠠᠮᠤᠷ ᠲᠦᠪᠰᠢᠨ ᠤ ᠬᠠᠮᠠᠭᠠᠯᠠᠯᠲᠠ ᠶᠢᠨ ᠲᠣᠤᠷ︾᠎ ᠢ ᠪᠥᠬᠦ ᠲᠠᠯ᠎ᠠ ᠪᠠᠷ ᠪᠠᠶᠢᠭᠤᠯᠪᠠ᠃
     ᠬᠤᠭᠤᠯᠠᠨ ᠭᠡᠷ ᠤᠨ ᠠᠵᠢᠯᠲᠠᠳ ᠮᠥᠷᠯᠡᠨ ᠵᠢᠭᠰᠠᠵᠤ ᠬᠤᠭᠤᠯᠠ ᠵᠠᠬᠢᠶᠠᠯᠠᠬᠤ ᠰᠣᠷᠢᠯᠲᠠ ᠬᠢᠵᠦ ᠪᠠᠶᠢᠨ᠎ᠠ᠃
     ᠠᠵᠢᠯᠲᠠᠳ ᠰᠤᠷᠭᠠᠭᠤᠯᠢ ᠳᠤ ᠬᠤᠴᠣᠷᠤᠭᠰᠠᠨ ᠰᠤᠷᠤᠭᠴᠢᠳ ᠤᠨ ᠪᠡᠶ᠎ᠡ ᠶᠢᠨ ᠬᠠᠯᠠᠭᠤᠨ ᠢ ᠡᠳᠦᠷ ᠪᠦᠷᠢ ᠲᠣᠭᠲᠠᠭᠰᠠᠨ ᠴᠠᠭ ᠲᠤ ᠨᠢ ᠬᠡᠮᠵᠢᠵᠦ ᠪᠠᠶᠢᠭ᠎ᠠ ᠨᠢ᠃      ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠮᠡᠳᠡᠭᠳᠡᠯ ᠪᠠᠭᠤᠯᠭᠠᠵᠤ᠂ 5 ᠳ᠋ᠤᠭᠠᠷ ᠰᠠᠷ᠎ᠠ ᠶᠢᠨ 7᠎ ᠤ ᠡᠳᠦᠷ ᠠᠴᠠ ᠡᠬᠢᠯᠡᠨ᠂ ᠦᠨᠡᠯᠡᠨ ᠵᠢᠱᠢᠬᠦ ᠪᠠᠷ ᠳᠡᠮᠵᠢᠨ ᠰᠤᠷᠭᠠᠭᠤᠯᠢ ᠡᠬᠢᠯᠡᠵᠦ ᠬᠢᠴᠢᠶᠡᠯᠯᠡᠬᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠷᠢᠮᠵᠢᠶ᠎ᠠ ᠳᠤ ᠭᠦᠷᠦᠭᠰᠡᠨ ᠶᠡᠭᠡ ᠳᠡᠭᠡᠳᠦ ᠰᠤᠷᠭᠠᠭᠤᠯᠢ ᠶᠢᠨ ᠲᠡᠭᠦᠰᠬᠦ ᠣᠨ ︵ᠳᠡᠭᠡᠳᠦ ᠵᠡᠷᠭᠡ ᠶᠢᠨ ᠠᠵᠢᠯ ᠮᠡᠷᠭᠡᠵᠢᠯ ᠪᠠ ᠣᠶᠤᠲᠠᠨ᠂ ᠠᠰᠫᠢᠷᠠᠨᠲ᠂ ᠳ᠋ᠣᠺᠲ᠋ᠣᠷᠠᠨᠲ ᠪᠠᠭᠲᠠᠨ᠎ᠠ︶ ᠵᠢᠴᠢ ᠤᠯᠤᠰ ᠤᠨ ᠳᠣᠲᠣᠭᠠᠳᠤ ᠶᠢᠨ ᠳᠤᠮᠳᠠ᠂ ᠥᠨᠳᠥᠷ ᠳᠡᠰ ᠤᠨ ᠲᠥᠭᠰᠢᠭᠦᠷᠢᠲᠡᠢ ᠭᠠᠵᠠᠷ ᠣᠷᠣᠨ ᠪᠠ ᠪᠤᠰᠤᠳ ᠨᠡᠯᠢᠶᠡᠳ ᠶᠡᠭᠡ ᠲᠥᠭᠰᠢᠭᠦᠷᠢᠲᠡᠢ ᠭᠠᠵᠠᠷ ᠣᠷᠣᠨ ᠤ ᠰᠣᠷᠣᠭᠴᠢ ᠶᠢᠨ ᠢᠷᠡᠯᠲᠡ ᠲᠠᠢ ᠶᠡᠭᠡ ᠳᠡᠭᠡᠳᠦ ᠰᠤᠷᠭᠠᠭᠤᠯᠢ ᠨᠤᠭᠤᠳ ᠣᠷᠭᠢᠯ ᠦᠶ᠎ᠡ ᠶᠢ ᠵᠦᠷᠢᠭᠦᠯᠦᠨ ᠰᠤᠷᠭᠠᠭᠤᠯᠢ ᠪᠠᠨ ᠡᠬᠢᠯᠡᠭᠦᠯᠵᠦ ᠬᠢᠴᠢᠶᠡᠯᠯᠡᠭᠡᠷᠡᠢ ᠭᠡᠪᠡ᠃      ᠠᠮᠤᠷ ᠲᠦᠪᠰᠢᠨ ᠢᠶᠠᠷ ᠰᠤᠷᠭᠠᠭᠤᠯᠢ ᠡᠬᠢᠯᠡᠭᠦᠯᠦᠨ᠂ ᠰᠤᠷᠤᠭᠴᠢᠳ ᠢ ᠰᠠᠨᠠᠭ᠎ᠠ ᠠᠮᠤᠷ ᠰᠤᠷᠭᠠᠭᠤᠯᠢ ᠳᠤ ᠨᠢ ᠬᠠᠷᠢᠭᠤᠯᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠣᠶᠢᠷ᠎ᠠ ᠶᠢᠨ ᠬᠤᠭᠤᠴᠠᠭᠠᠨ ᠤ ᠠᠷᠤ ᠲᠠᠯ᠎ᠠ ᠶᠢᠨ ᠦᠢᠯᠡᠴᠢᠯᠡᠭᠡᠨ ᠤ ᠠᠵᠢᠯᠲᠠᠨ ᠤ ᠬᠠᠮᠢᠶᠠᠷᠤᠯᠲᠠ᠂ ᠬᠢᠵᠢᠭ ᠰᠡᠷᠭᠡᠶᠢᠯᠡᠬᠦ ᠡᠳ᠋ ᠪᠠᠷᠠᠭ᠎ᠠ ᠶᠢᠨ ᠨᠥᠭᠡᠴᠡᠯᠡᠯᠲᠡ᠂ ᠰᠤᠷᠭᠠᠭᠤᠯᠢ ᠶᠢᠨ ᠬᠦᠷᠢᠶᠡᠨ ᠤ ᠲᠦᠷᠭᠡᠨ ᠢᠯᠡᠭᠡᠯᠲᠡ ᠪᠠ ᠬᠤᠭᠤᠯᠠ ᠤᠮᠳᠠ ᠶᠢᠨ ᠬᠦᠷᠭᠡᠯᠲᠡ ᠶᠢᠨ ᠬᠠᠮᠢᠶᠠᠷᠤᠯᠲᠠ ᠵᠡᠷᠭᠡ ᠠᠵᠢᠯ ᠤᠨ ᠲᠠᠯ᠎ᠠ ᠪᠠᠷ ᠲᠤᠰᠬᠠᠶ ᠰᠤᠳᠤᠯᠭᠠᠨ ᠪᠠ ᠤᠷᠢᠳᠴᠢᠯᠠᠨ ᠪᠠᠶᠢᠷᠢᠯᠠᠭᠤᠯᠤᠯᠲᠠ ᠬᠢᠪᠠ᠃
    ᠠᠷᠢᠭᠤᠳᠬᠠᠨ ᠴᠡᠪᠡᠷᠯᠡᠭᠴᠢ ᠪᠠᠶᠢᠷᠢ ᠶᠢᠨ ᠠᠰᠠᠷ ᠤᠨ ᠠᠷᠢᠭᠤᠳᠬᠠᠨ ᠴᠡᠪᠡᠷᠯᠡᠭᠰᠡᠨ ᠨᠠᠷᠢᠨ ᠲᠣᠳᠣᠷᠬᠠᠶ ᠲᠡᠮᠳᠡᠭᠯᠡᠯ ᠢᠶᠠᠨ ᠳᠡᠯᠭᠡᠨ ᠦᠵᠡᠭᠦᠯᠵᠦ ᠪᠠᠶᠢᠭ᠎ᠠ ᠨᠢ᠃     ︽ᠠᠮᠤᠷ ᠲᠦᠪᠰᠢᠨ ᠢᠶᠠᠷ ᠰᠤᠷᠭᠠᠭᠤᠯᠢ ᠡᠬᠢᠯᠡᠬᠦ ᠳᠤ ᠪᠢᠳᠡ ᠴᠠᠭ ᠢᠮᠠᠭᠲᠠ ᠪᠡᠯᠡᠬᠡᠨ ᠪᠠᠶᠢᠨ᠎ᠠ︕︾ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠠᠶᠢᠬᠠᠨ ᠲᠣᠭᠤᠷᠢᠭ ᠲᠠᠬᠢ ᠰᠤᠷᠤᠭᠴᠢᠳ ᠤᠨ ᠬᠤᠭᠤᠯᠠᠨ ᠭᠡᠷ ᠤᠨ ᠠᠵᠢᠯᠲᠠᠨ ᠴᠢᠶᠣᠤ ᠡᠤ ᠱᠦᠨ ᠬᠡᠯᠡᠬᠦ ᠳᠤ ᠪᠠᠨ᠂ ᠠᠷᠤ ᠲᠠᠯ᠎ᠠ ᠶᠢᠨ ᠠᠵᠢᠯ ᠤᠨ ᠦᠢᠯᠡᠴᠢᠯᠡᠭᠡᠨ ᠤ ᠪᠦᠯᠦᠭᠯᠡᠯ ᠤᠨ ᠢᠳᠡᠭᠡᠨ ᠤᠮᠳᠠᠭᠠᠨ ᠤ ᠦᠢᠯᠡᠴᠢᠯᠡᠭᠡᠨ ᠤ ᠲᠥᠪ ᠨᠢᠭᠡᠨᠲᠡ ᠣᠯᠠᠨ ᠤᠳᠠᠭ᠎ᠠ ᠰᠣᠷᠢᠯᠲᠠ ᠬᠢᠵᠦ᠂ ᠰᠤᠷᠤᠭᠴᠢᠳ ᠤᠨ ᠬᠤᠭᠤᠯᠠ ᠤᠮᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠵᠦ ᠪᠠᠶᠢᠨ᠎ᠠ ᠭᠡᠵᠡᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号